7 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠪᠥᠬᠦ ᠣᠷᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠷᠢᠭᠤᠴᠠᠯᠭᠠᠲᠠᠨ ᠭᠤᠤᠯ ᠰᠡᠳᠦᠪᠲᠦ | ᠨᠡᠶᠢᠲᠡᠯᠡᠯ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ | ᠬᠥᠬᠡᠬᠤᠲᠠ ᠶᠢᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠤᠨ ᠬᠠᠮᠢᠶ᠎ᠠ ᠪᠥᠬᠦᠶ ᠬᠠᠯᠠᠮᠰᠢᠯ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ | ᠠᠰᠠᠭᠤᠯᠲᠠ ᠶᠢ ᠬᠠᠷᠢᠭᠤᠯᠪᠠ᠃ | ᠣᠶᠢᠷ᠎ᠠ ᠶᠢᠨ ᠵᠢᠯ ᠳᠤ᠂ ᠮᠠᠨ ᠤ ᠣᠷᠣᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ | ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠠᠵᠢᠯ ᠢᠯᠡᠳᠲᠡ ᠠᠬᠢᠴᠠ ᠲᠠᠢ ᠪᠣᠯᠪᠠ᠃ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠡ ᠵᠠᠩᠭᠢ ᠶᠢᠨ ᠲᠤᠭ᠎ᠠ ᠬᠡᠮᠵᠢᠶ᠎ᠡ ᠢᠯᠡᠳᠲᠡ ᠨᠡᠮᠡᠭᠳᠡᠪᠡ᠃ | ᠪᠦᠬᠦ ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠢᠯᠡ ᠪᠣᠯᠭᠠᠬᠤ ᠠᠭᠤᠯᠭ᠎ᠠ ᠪᠠᠨ ᠲᠠᠰᠤᠷᠠᠯᠲᠠ | ᠦᠭᠡᠢ ᠪᠠᠶᠠᠯᠢᠭᠵᠢᠭᠤᠯᠵᠤ᠂ ᠢᠯᠡ ᠪᠣᠯᠭᠠᠬᠤ ᠠᠷᠭ᠎ᠠ ᠵᠠᠮ ᠢᠶᠠᠨ ᠦᠷᠭᠦᠯᠵᠢᠯᠡᠨ ᠥᠷᠭᠡᠳᠬᠡᠵᠦ᠂ ᠳᠦᠷᠢᠮ | ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ᠂ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ᠂ | ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ᠂ ᠡᠳ᠋ ᠤᠨ | ᠵᠠᠰᠠᠭ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠮᠡᠳᠡᠭᠡ ᠵᠠᠩᠭᠢ᠂ ᠭᠤᠣᠯᠳᠠᠯᠭ᠎ᠠ ᠲᠠᠢ ᠠᠷᠠᠳ ᠤᠨ | ᠠᠮᠢᠳᠤᠷᠠᠯ ᠤᠨ ᠬᠦᠷᠢᠶᠡᠨ ᠤ ᠮᠡᠳᠡᠭᠡ ᠵᠠᠩᠭᠢ ᠵᠡᠷᠭᠡ ᠠᠭᠤᠯᠭ᠎ᠠ ᠶᠢᠨ ᠲᠣᠭᠤᠷᠢᠨ ᠳᠤ᠂ ᠵᠠᠰᠠᠭ ᠤᠨ ᠣᠷᠳᠣᠨ ᠤ | ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠦᠨᠡᠨ ᠬᠦ ᠰᠠᠶᠢᠲᠤᠷ ᠬᠢᠪᠡ᠃ ᠵᠠᠰᠠᠭ ᠤᠨ ᠣᠷᠳᠣᠨ ᠤ ᠮᠡᠳᠡᠭᠡ | ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠲᠤᠭ᠎ᠠ ᠬᠡᠮᠵᠢᠶ᠎ᠡ 2016 ᠣᠨ ᠳᠤ 106 ᠲᠦᠮᠡᠨ | ᠵᠤᠷᠪᠤᠰ ᠪᠠᠶᠢᠭᠰᠠᠨ ᠠᠴᠠ ᠪᠠᠨ 2019 ᠣᠨ ᠪᠣᠯᠬᠤ ᠳᠤ 1100 ᠲᠦᠮᠡᠨ ᠵᠤᠷᠪᠤᠰ ᠪᠣᠯᠵᠣ ᠨᠡᠮᠡᠭᠳᠡᠪᠡ᠃ | ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠠᠵᠢᠯ ᠢ ᠦᠷᠭᠦᠯᠵᠢᠯᠡᠨ ᠠᠬᠢᠭᠤᠯᠪᠠ᠃ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤᠷᠢᠳ ᠬᠤᠵᠢᠳ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠶᠢᠨ ᠲᠠᠶᠢᠯᠤᠮᠵᠢ ᠬᠢᠬᠦ ᠠᠵᠢᠯ ᠤᠨ ᠠᠷᠭ᠎ᠠ︾᠂ ︽ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ᠵᠡᠷᠭᠡ | ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠤᠨ ᠬᠢᠨ ︽ᠬᠡᠨ ᠲᠤᠭᠤᠷᠪᠢᠨ ᠪᠢᠴᠢᠭᠰᠡᠨ ᠪᠣᠯ ᠲᠡᠷᠡ ᠲᠠᠶᠢᠯᠤᠮᠵᠢ ᠬᠢᠬᠦ︾ ᠵᠠᠷᠴᠢᠮ | ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠠᠬᠤᠶ ᠪᠠᠶᠢᠳᠠᠯ ᠪᠠ ᠦᠨᠳᠦᠰᠦᠯᠡᠯ᠂ | ᠬᠠᠷᠠᠯᠲᠠᠲᠤ ᠡᠭᠦᠷᠭᠡ᠂ ᠭᠤᠤᠯ ᠠᠭᠤᠯᠭ᠎ᠠ᠂ ᠬᠤᠯᠪᠣᠭᠳᠠᠬᠤ ᠬᠡᠪᠴᠢᠶ᠎ᠡ᠂ ᠬᠡᠷᠡᠭᠵᠢᠭᠦᠯᠬᠦ ᠪᠠᠷᠢᠮᠵᠢᠶ᠎ᠠ ᠵᠢᠴᠢ | ᠠᠷᠠᠳ ᠲᠤ ᠠᠰᠢᠭ ᠲᠤᠰᠠ ᠬᠦᠷᠲᠡᠭᠡᠬᠦ ᠠᠷᠭ᠎ᠠ ᠬᠡᠮᠵᠢᠶ᠎ᠡ᠂ ᠰᠢᠨ᠎ᠡ ᠬᠠᠭᠤᠴᠢᠨ ᠲᠥᠷᠥ ᠶᠢᠨ ᠪᠣᠳᠣᠯᠭ᠎ᠠ ᠶᠢᠨ | ᠵᠥᠷᠢᠶ᠎ᠡ ᠵᠡᠷᠭᠡ ᠲᠠᠯ᠎ᠠ ᠪᠠᠷ ᠭᠤᠤᠯᠯᠠᠭᠤᠯᠤᠨ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠠᠵᠢᠯ ᠤᠨ | ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠪᠠ᠃ 2016 ᠣᠨ ᠠᠴᠠ 2019 ᠣᠨ ᠪᠣᠯᠲᠠᠯ᠎ᠠ ᠪᠥᠬᠦ | ᠣᠷᠣᠨ ᠤ ᠡᠯ᠎ᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠤᠭᠤᠳ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠬᠢᠭᠰᠡᠨ ᠡᠬᠡ ᠪᠢᠴᠢᠭ ᠢ ᠨᠡᠶᠢᠲᠡ 18630 ᠬᠤᠪᠢ ᠨᠡᠶᠢᠲᠡᠯᠡᠪᠡ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤ ᠢᠳᠡᠪᠬᠢᠲᠡᠢ ᠬᠦᠴᠦᠨ ᠨᠡᠮᠡᠷᠢᠯᠡᠪᠡ᠃ ᠡᠨᠡ ᠵᠢᠯ ᠤᠨ ᠡᠬᠢᠨ ᠳᠤ ᠭᠡᠨᠡᠳᠲᠡ ᠡᠭᠦᠰᠦᠭᠰᠡᠨ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ ᠬᠠᠨᠳᠤᠭᠤᠯᠤᠨ᠂ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠲᠡᠷᠡ ᠳᠠᠷᠤᠶ ᠳᠤ ᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ | ᠡᠷᠬᠡ ᠰᠦᠷᠲᠦ ᠴᠢᠮᠡᠭᠡ ᠮᠡᠳᠡᠭᠡ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠰᠠᠨᠠᠭᠠᠴᠢᠯᠠᠭ᠎ᠠ ᠠᠴᠠ ᠪᠠᠨ | ᠬᠠᠷᠢᠭᠤᠯᠲᠠ ᠥᠭᠪᠡ᠃ ᠥᠨᠥ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠨᠡᠶᠢᠲᠡ 68 | ᠤᠳᠠᠭ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ | ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠠᠴᠠ ᠠᠰᠠᠭᠤᠨ ᠯᠠᠪᠯᠠᠭ᠎ᠠ ᠳᠤ ᠡᠳᠦᠷ ᠪᠦᠷᠢ ᠳᠤᠮᠳᠠᠴᠢ ᠪᠠᠷ 1230 ᠭᠠᠷᠤᠶ ᠤᠳᠠᠭ᠎ᠠ ᠬᠠᠷᠢᠭᠤ | ᠥᠭᠭᠦᠭᠰᠡᠨ ᠪᠠᠶᠢᠨ᠎ᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠤᠷᠲ᠋ᠧᠯ | ᠰᠦᠯᠵᠢᠶ᠎ᠡ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠢ ᠰᠡᠳᠦᠪ︾ ᠪᠠ ︽ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠲᠤᠰᠬᠠᠢ ᠰᠡᠳᠦᠪ︾ ᠭᠠᠷᠭᠠᠵᠤ᠂ ︽ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ︾ ︽ᠲᠥᠪ ᠬᠤᠷᠢᠶ᠎ᠠ ᠶᠢᠨ ᠪᠠᠶᠢᠷᠢᠯᠠᠭᠤᠯᠤᠯᠲᠠ︾ ︽ᠬᠠᠮᠤᠭ ᠰᠢᠨ᠎ᠡ ᠲᠥᠷᠥ ᠶᠢᠨ | ᠪᠣᠳᠣᠯᠭ᠎ᠠ︾ ︽ᠲᠠᠨᠢᠯᠴᠠᠭᠤᠯᠭ᠎ᠠ ᠦᠢᠯᠡᠴᠢᠯᠡᠭᠡ︾ ︽ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ | ᠦᠢᠯᠡᠴᠢᠯᠡᠭᠡᠨ ᠤ ᠲᠠᠪᠴᠠᠩ︾ ᠵᠡᠷᠭᠡ ᠣᠯᠠᠨ ᠭᠤᠣᠯ ᠰᠡᠳᠦᠪ ᠢ ᠲᠤᠰ ᠲᠤᠰ ᠨᠡᠭᠡᠭᠡᠪᠡ᠃ ᠠᠵᠤ ᠠᠬᠤᠶᠢᠯᠠᠯ ᠪᠠ | ᠣᠯᠠᠨ ᠲᠦᠮᠡᠨ ᠳᠤ ᠢᠯᠡ ᠪᠠᠷ ᠬᠡᠷᠡᠭ ᠡᠷᠬᠢᠯᠡᠬᠦ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠨᠢᠭᠡ ᠥᠷᠲᠡᠭᠡᠨ ᠤ | ᠮᠠᠶ᠋ᠢᠭ ᠤᠨ ᠦᠢᠯᠡᠴᠢᠯᠡᠭᠡ ᠬᠠᠩᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠳᠤ ᠲᠦᠢᠯ ᠤᠨ ᠣᠨᠣᠪᠴᠢᠲᠠᠶ ᠪᠠᠷ ᠬᠦᠴᠦᠨ ᠨᠡᠮᠡᠷᠢᠯᠡᠪᠡ᠃ ᠥᠨᠥ ᠪᠣᠯᠬᠤ ᠳᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡ 3000 ᠰᠢᠬᠠᠮ | ᠵᠤᠷᠪᠤᠰ ᠬᠤᠷᠢᠶᠠᠩᠭᠤᠶᠢᠯᠠᠨ ᠨᠡᠶᠢᠲᠡᠯᠡᠵᠦ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠣᠬᠠᠢ | 300 ᠭᠠᠷᠤᠶ ᠵᠤᠷᠪᠤᠰ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠵᠢᠷᠤᠭᠲᠤ ᠲᠠᠶᠢᠯᠤᠮᠵᠢ᠂ ᠳᠠᠭᠤ ᠳᠦᠷᠰᠦ ᠰᠢᠩᠭᠡᠭᠡᠯᠲᠡ ᠶᠢᠨ ᠲᠠᠶᠢᠯᠤᠮᠵᠢ 30 ᠭᠠᠷᠤᠶ ᠵᠤᠷᠪᠤᠰ ᠨᠡᠶᠢᠲᠡᠯᠡᠵᠡᠶ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠵᠢᠴᠢ 12 ᠠᠶᠢᠮᠠᠭ ᠬᠤᠲᠠ ᠶᠢᠨ ᠦᠢᠯᠡᠴᠢᠯᠡᠭᠡᠨ ᠤ ᠲᠥᠷᠥᠯ | ᠵᠦᠢᠯ ᠢ 6522 ᠴᠤᠭᠯᠠᠭᠤᠯᠪᠠ᠃ | |