ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃
ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠢᠩᠬᠢᠮ ᠤᠨ ᠲᠡᠰ ᠤᠨ ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠮᠥᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠠᠵᠢᠯᠯᠠᠨ᠎ᠠ᠃
ᠭᠤᠷᠪᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠤᠷᠭᠠᠨ ᠬᠥᠮᠥᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠨ᠂ ᠤᠳᠤᠷᠢᠳᠬᠤ ᠳᠤᠭᠤᠶᠢᠯᠠᠩ ᠤᠨ ᠪᠣᠳᠠᠲᠠᠶ ᠠᠵᠢᠯ ᠢ ᠡᠭᠦᠷᠭᠡᠯᠡᠵᠦ᠂ ᠰᠤᠷᠭᠠᠨ ᠬᠥᠮᠦᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠰᠤᠳᠤᠯᠵᠤ᠂ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠵᠣᠬᠢᠴᠠᠭᠤᠯᠤᠨ ᠰᠢᠮᠳᠠᠭᠤᠯᠵᠤ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠨᠠᠷᠢᠨ ᠪᠢᠴᠢᠭ ᠤᠨ ᠭᠠᠵᠠᠷ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠡᠳᠦᠷ ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠶᠢ ᠦᠨᠳᠦᠰᠦᠯᠡᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠬᠦᠯᠢᠶᠡᠨ᠎ᠡ᠃
ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︵ ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ︶ ᠨᠢ ᠰᠤᠷᠭᠠᠨ ᠬᠥᠮᠦᠵᠢᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠠᠮᠢᠶ᠎ᠠ ᠪᠥᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄
︵ᠨᠢᠭᠡ︶ ᠨᠠᠮ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠣᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃
︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠ ᠵᠡᠷᠭᠡ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃
︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠥᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠪᠣᠯᠤᠨ ᠣᠨᠴᠠᠭᠠᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠪᠣᠯᠤᠨ ᠵᠢᠭᠠᠨ ᠰᠤᠷᠭᠠᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠵᠤ᠂ ᠳᠤᠮᠳᠠ ᠵᠡᠷᠭᠡ ᠶᠢᠨ ᠪᠠ ᠠᠩᠬ᠎ᠠ ᠵᠡᠷᠭᠡ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠦ᠂ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃
︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠢ ᠵᠢᠯᠣᠭᠤᠳᠬᠤ ᠪᠢᠴᠢᠭ ᠮᠠᠲ᠋ᠧᠷᠢᠶᠠᠯ ᠪᠣᠯᠤᠨ ᠵᠢᠭᠠᠨ ᠰᠤᠷᠭᠠᠬᠤ ᠶᠢ ᠦᠨᠡᠯᠡᠨ ᠵᠢᠱᠢᠬᠦ ᠱᠠᠭᠠᠷᠳᠠᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢ ᠵᠢᠯᠣᠭᠤᠳᠴᠤ᠂ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠵᠤ᠂ ᠠᠵᠢᠯ ᠮᠡᠷᠭᠡᠵᠢᠯ ᠤᠨ ᠵᠢᠯᠣᠭᠤᠳᠬᠤ ᠠᠵᠢᠯ ᠢ ᠥᠷᠨᠢᠭᠦᠯᠦᠨ᠎ᠡ᠃ ᠠᠷᠠᠳ ᠠᠴᠠ ᠡᠷᠬᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠲᠠᠷᠢᠶᠠᠴᠢᠨ ᠮᠠᠯᠴᠢᠳ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠥᠵᠢᠯ᠂ ᠨᠠᠰᠤᠨ ᠲᠤᠷᠰᠢᠳᠠ ᠶᠢᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ᠎ᠡ᠃
︵ᠲᠠᠪᠤ︶ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ︽ᠬᠤᠤᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠵᠤ᠂ ᠶᠠᠮᠤᠨ ᠬᠢᠭᠡᠳ ᠥᠪᠡᠷᠲᠡᠭᠡᠨ ᠵᠠᠰᠠᠬᠤ ᠣᠷᠣᠨ ᠳᠡᠭᠡᠳᠦ ᠰᠤᠷᠭᠠᠭᠤᠯᠢ ᠬᠠᠮᠲᠤᠷᠠᠨ ᠪᠠᠶᠢᠭᠤᠯᠬᠤ ᠠᠵᠢᠯ ᠢ ᠵᠣᠬᠢᠴᠠᠭᠤᠯᠤᠨ᠎ᠠ᠃ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠣᠭᠤᠳᠬᠤ ᠪᠢᠴᠢᠭ ᠮᠠᠲ᠋ᠧᠷᠢᠶᠠᠯ ᠢ ᠲᠣᠭᠲᠠᠭᠠᠨ᠎ᠠ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠪᠠᠶᠢᠭᠤᠯᠬᠤ᠂ ᠲᠣᠬᠢᠷᠠᠭᠤᠯᠬᠤ ᠰᠠᠨᠠᠯ ᠢ ᠰᠤᠳᠤᠯᠤᠨ᠎ᠠ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠢ ᠲᠣᠭᠲᠠᠭᠠᠬᠤ᠂ ᠲᠣᠬᠢᠷᠠᠭᠤᠯᠬᠤ ᠠᠵᠢᠯ ᠢ ᠬᠠᠷᠢᠭᠤᠴᠠᠨ᠎ᠠ᠃ ᠡᠯ᠎ᠡ ᠲᠥᠷᠥᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ ᠦᠷᠭᠦᠯᠵᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠴᠤ᠂ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠶᠡᠭᠡ ᠳᠡᠭᠡᠳᠦ ᠰᠤᠷᠭᠠᠭᠤᠯᠢ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃
︵ᠵᠢᠷᠭᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠬᠦ ᠪᠠ ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠯᠲᠠ ᠶᠢᠨ ᠠᠵᠢᠯ ᠢ ᠵᠢᠯᠣᠭᠤᠳᠣᠨ᠎ᠠ᠃
︵ᠳᠣᠯᠤᠭ᠎ᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃
︵ᠨᠠᠢᠮᠠ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ ᠬᠡᠷᠡᠭᠯᠡᠬᠦ ᠬᠠᠮᠢᠶᠠᠷᠬᠤ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠷᠢᠭᠤᠴᠠᠨ ᠪᠦᠷᠢᠳᠬᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃
︵ᠶᠢᠰᠦ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠡᠭᠡ ᠳᠡᠭᠡᠳᠦ ᠰᠤᠷᠭᠠᠭᠤᠯᠢ ᠶᠢᠨ ᠺᠠᠳ᠋ᠷ ᠢ ᠬᠠᠮᠢᠶᠠᠷᠤᠨ᠎ᠠ᠃
︵ᠠᠷᠪᠠ︶ ᠪᠦᠬᠦ ᠣᠷᠣᠨ ᠤ ᠪᠠᠭᠰᠢ ᠶᠢᠨ ᠠᠵᠢᠯ ᠢ ᠭᠤᠤᠯᠴᠢᠯᠠᠨ ᠬᠠᠮᠢᠶᠠᠷᠴᠤ᠂ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠪᠠᠭᠰᠢ ᠤᠷᠢᠬᠤ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠤᠨ ᠳᠦᠷᠢᠮ᠂ ᠪᠠᠭᠰᠢ ᠶᠢᠨ ᠪᠣᠯᠪᠠᠰᠤᠷᠠᠭᠤᠯᠤᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃
︵ᠠᠷᠪᠠᠨ ᠨᠢᠭᠡ︶ ᠡᠯ᠎ᠡ ᠲᠥᠷᠥᠯ ᠤᠨ ᠶᠡᠭᠡ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠪᠠ ᠰᠤᠷᠭᠠᠭᠤᠯᠢ ᠶᠢᠨ ᠬᠠᠷᠢᠶ᠎ᠠ ᠰᠤᠷᠤᠯᠭ᠎ᠠ ᠶᠢᠨ ᠨᠠᠮᠲᠠᠷ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠲᠥᠷᠥᠯ ᠤᠨ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢ ᠵᠢᠯᠣᠭᠤᠳᠴᠤ ᠪᠠᠶᠢᠭᠠᠳ ᠤᠶᠤᠲᠠᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠ ᠦᠢᠯᠡᠴᠢᠯᠡᠬᠦ ᠠᠵᠢᠯ ᠢ ᠦᠷᠨᠢᠭᠦᠯᠦᠨ᠎ᠡ᠃
︵ᠠᠷᠪᠠᠨ ᠬᠤᠶᠠᠷ︶ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠷᠡᠭᠯᠡᠭᠡᠨ ᠤ ᠰᠤᠳᠤᠯᠬᠤ ᠬᠢᠭᠡᠳ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠠᠵᠢᠯ ᠢ ᠨᠢᠭᠡᠳᠦᠯᠲᠡᠶ ᠲᠥᠯᠥᠪᠵᠢᠭᠦᠯᠦᠨ᠎ᠡ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠵᠢᠴᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠳᠤ ᠣᠷᠣᠯᠴᠠᠬᠤ ᠶᠢ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠪᠣᠯᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃
︵ᠠᠷᠪᠠᠨ ᠭᠤᠷᠪᠠ︶ ᠪᠦᠬᠦ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠰᠤᠷᠭᠠᠨ ᠬᠥᠮᠥᠵᠢᠯ ᠤᠨ ᠵᠢᠭᠠᠨ ᠰᠤᠷᠭᠠᠬᠤ ᠰᠤᠳᠤᠯᠤᠯ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃
︵ᠠᠷᠪᠠᠨ ᠳᠥᠷᠪᠡ︶ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠢ ᠬᠠᠮᠠᠭᠠᠯᠠᠬᠤ ᠵᠢᠴᠢ ᠠᠮᠤᠷ ᠲᠥᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠣᠨ ᠵᠣᠬᠢᠴᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃
︵ᠠᠷᠪᠠᠨ ᠲᠠᠪᠤ︶ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠯᠤᠭ᠎ᠠ ᠬᠠᠮᠲᠤᠷᠠᠨ ᠠᠵᠢᠯᠯᠠᠬᠤ ᠪᠠ ᠰᠣᠯᠢᠯᠴᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠩᠭᠠᠩ ᠣᠣᠮᠧᠨ ᠲᠠᠶᠢᠸᠠᠨ ᠣᠷᠣᠨ ᠯᠤᠭ᠎ᠠ ᠶᠢᠨ ᠰᠤᠷᠭᠠᠨ ᠬᠥᠮᠦᠵᠢᠯ ᠤᠨ ᠬᠠᠮᠵᠢᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃
︵ᠠᠷᠪᠠᠨ ᠵᠢᠷᠭᠤᠭ᠎ᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠶᠢ ᠳᠡᠯᠭᠡᠷᠡᠭᠦᠯᠬᠦ ᠠᠵᠢᠯ ᠪᠠ ᠨᠡᠶᠢᠲᠡᠯᠢᠭ ᠬᠡᠯᠡᠨ ᠤ ᠪᠠᠭᠰᠢ ᠶᠢ ᠪᠣᠯᠪᠠᠰᠤᠷᠠᠭᠤᠯᠬᠤ ᠠᠵᠢᠯ ᠢ ᠵᠢᠯᠣᠭᠤᠳᠤᠨ᠎ᠠ᠃
︵ᠠᠷᠪᠠᠨ ᠳᠣᠯᠤᠭ᠎ᠠ︶ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠤᠯᠤᠰ ᠤᠨ ᠡᠷᠳᠡᠮ ᠤᠨ ᠴᠣᠯᠠ ᠶᠢᠨ ᠳᠦᠷᠢᠮ ᠢ ᠬᠡᠷᠡᠭᠵᠢᠭᠦᠯᠦᠨ᠂ ᠡᠷᠳᠡᠮ ᠤᠨ ᠴᠣᠯᠠ ᠣᠯᠭᠤᠬᠤ ᠨᠢᠭᠡᠴᠢ ᠶᠢ ᠨᠡᠮᠡᠵᠦ ᠪᠠᠶᠢᠭᠤᠯᠬᠤ ᠪᠠ ᠡᠷᠳᠡᠮ ᠤᠨ ᠴᠣᠯᠠ ᠣᠯᠭᠤᠬᠤ ᠡᠷᠬᠡ ᠣᠯᠭᠤᠭᠰᠠᠨ ᠰᠢᠨᠵᠢᠯᠡᠭᠡᠨ ᠤ ᠰᠠᠯᠠᠭ᠎ᠠ᠂ ᠲᠤᠰᠬᠠᠶ ᠮᠡᠷᠭᠡᠵᠢᠯ ᠢ ᠨᠡᠮᠡᠵᠦ ᠪᠠᠶᠢᠭᠤᠯᠬᠤ ᠶᠢ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃
︵ᠠᠷᠪᠠᠨ ᠨᠠᠢᠮᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠵᠥᠪᠯᠡᠯ︶ ᠲᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄
ᠠᠯᠪᠠᠨ ᠭᠡᠷ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠠᠯᠪᠠᠨ ᠭᠡᠷ︶᠂ ᠠᠵᠢᠯᠲᠠᠨ ᠤ ᠶᠠᠪᠤᠳᠠᠯ ᠤᠨ ᠭᠠᠵᠠᠷ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︶᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ︵ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠯᠪᠠᠨ ᠭᠡᠷ︶᠂ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠭᠠᠵᠠᠷ᠂ ᠡᠳ᠋ ᠤᠨ ᠶᠠᠪᠤᠳᠠᠯ ᠤᠨ ᠭᠠᠵᠠᠷ᠂ ᠰᠠᠭᠤᠷᠢ ᠰᠤᠷᠭᠠᠨ ᠬᠥᠮᠦᠵᠢᠯ ᠤᠨ ᠭᠠᠵᠠᠷ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠭᠠᠵᠠᠷ᠂ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠭᠠᠵᠠᠷ᠂ ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ᠂ ᠰᠢᠮᠳᠠᠭᠤᠯᠤᠨ ᠵᠢᠯᠣᠭᠤᠳᠬᠤ ᠭᠡᠷ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠬᠤᠷᠢᠶ᠎ᠠ ᠶᠢᠨ ᠠᠯᠪᠠᠨ ᠭᠡᠷ︶᠂ ᠪᠠᠭᠰᠢ ᠶᠢᠨ ᠠᠵᠢᠯ ᠤᠨ ᠭᠠᠵᠠᠷ᠂ ᠰᠤᠷᠤᠭᠴᠢ ᠶᠢᠨ ᠠᠵᠢᠯ ᠤᠨ ᠭᠠᠵᠠᠷ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠡᠯᠲᠡᠰ︶᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠤᠷᠠᠯᠢᠭ ᠤᠨ ᠬᠥᠮᠦᠵᠢᠯ ᠤᠨ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠮᠡᠳᠡᠭᠡ ᠵᠠᠩᠭᠢᠴᠢᠯᠠᠯᠲᠠ ᠶᠢᠨ ᠭᠠᠵᠠᠷ᠂ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠰᠤᠳᠤᠯᠬᠤ ᠰᠤᠷᠤᠭᠴᠢ ᠶᠢᠨ ᠰᠤᠷᠭᠠᠨ ᠬᠥᠮᠦᠵᠢᠯ ᠤᠨ ᠭᠠᠵᠠᠷ ︵ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠺᠣᠮᠢᠰ ᠤᠨ ᠠᠯᠪᠠᠨ ᠭᠡᠷ︶᠂ ᠬᠢᠲᠠᠳ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠭᠠᠵᠠᠷ ︵ᠥᠪᠡᠷᠲᠡᠭᠡᠨ ᠵᠠᠰᠠᠬᠤ ᠣᠷᠣᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠺᠣᠮᠢᠰ ᠤᠨ ᠠᠯᠪᠠᠨ ᠭᠡᠷ︶᠂ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠬᠢᠭᠡᠳ ᠰᠣᠯᠢᠯᠴᠠᠭᠠᠨ ᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ ᠠᠵᠢᠯ ᠠᠴᠠ ᠪᠠᠨ ᠠᠮᠠᠷᠠᠭᠰᠠᠳ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠢ ᠡᠭᠦᠷᠭᠡᠯᠡᠨ᠎ᠡ᠃
ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ ᠳ᠋ᠢᠩ ᠰᠢᠶᠠᠩ ᠵᠠᠮ ᠤᠨ 5 ᠳ᠋ᠤᠭᠠᠷ ᠨᠣᠮᠧᠷ
ᠰᠢᠤᠳᠠᠨ ᠨᠣᠮᠧᠷ᠄ 010011
ᠠᠵᠢᠯᠯᠠᠬᠤ ᠴᠠᠭ᠄ 9᠄ 00 — 12᠄ 00 14᠄ 00 — 17᠄ 30
ᠬᠠᠷᠢᠯᠴᠠᠬᠤ ᠠᠷᠭ᠎ᠠ ᠬᠡᠯᠪᠡᠷᠢ᠄ 0471 — 2856057
ᠬᠠᠷᠢᠭᠤᠴᠠᠯᠭᠠᠲᠠᠨ᠄ ᠾᠧᠦ ᠶᠤᠸᠠᠨ
ᠬᠤᠶᠠᠳᠤᠭᠠᠷ ᠳᠡᠰ ᠤᠨ ᠨᠢᠭᠡᠴᠢ᠄
1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ
ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠣᠷᠣᠭᠴᠢ ᠶᠢᠨ ᠰᠣᠷᠣᠭᠴᠢ ᠡᠯᠰᠡᠬᠦ ᠰᠢᠯᠭᠠᠯᠲᠠ᠂ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ᠂ ᠨᠠᠰᠤᠨ ᠳᠤ ᠭᠦᠷᠦᠭᠰᠡᠳ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠪᠠ ᠰᠣᠷᠣᠭᠴᠢ ᠡᠯᠰᠡᠬᠦ ᠠᠵᠢᠯ ᠢ ᠡᠭᠦᠷᠭᠡᠯᠡᠨ᠎ᠡ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ︶ ᠶᠢᠨ ᠰᠣᠷᠣᠭᠴᠢ ᠡᠯᠰᠡᠬᠦ ᠠᠵᠢᠯ ᠢ ᠡᠭᠦᠷᠭᠡᠯᠡᠨ᠎ᠡ︔ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠰᠦᠪᠡᠨ ᠰᠤᠷᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠶᠠᠪᠤᠳᠠᠯ ᠢ ᠡᠭᠦᠷᠭᠡᠯᠡᠨ᠎ᠡ︔ ᠶᠡᠭᠡ ᠰᠤᠷᠭᠠᠭᠤᠯᠢ ᠶᠢᠨ ᠭᠠᠳᠠᠭᠠᠳᠤ ᠬᠡᠯᠡᠨ ᠤ ᠳᠥᠷᠪᠡᠨ ᠵᠢᠷᠭᠤᠳᠤᠭᠠᠷ ᠳᠡᠰ ᠤᠨ ᠰᠢᠯᠭᠠᠯᠲᠠ᠂ ᠺᠣᠮᠫᠢᠦ᠋ᠲ᠋ᠧᠷ ᠤᠨ ᠵᠡᠷᠭᠡ ᠳᠡᠰ ᠤᠨ ᠰᠢᠯᠭᠠᠯᠲᠠ᠂ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ︽ᠰᠤᠷᠭᠠᠨ ᠬᠥᠮᠦᠵᠢᠯ ᠤᠨ ᠤᠬᠠᠭᠠᠨ︾ ᠪᠠ
︽ᠰᠤᠷᠭᠠᠨ ᠬᠥᠮᠦᠵᠢᠯ ᠤᠨ ᠰᠡᠳᠬᠢᠴᠡ ᠵᠦᠶ︾ ᠶᠢᠨ ᠰᠢᠯᠭᠠᠯᠲᠠ ᠵᠢᠴᠢ ᠪᠤᠰᠤᠳ ᠰᠤᠷᠤᠯᠭ᠎ᠠ ᠶᠢᠨ ᠨᠠᠮᠲᠠᠷ ᠤᠨ ᠪᠤᠰᠤ ᠨᠡᠶᠢᠭᠡᠮ ᠤᠨ ᠰᠢᠯᠭᠠᠯᠲᠠ ᠶᠢᠨ ᠶᠠᠪᠤᠳᠠᠯ ᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠯᠢ ᠶᠢᠩ
2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠢᠨᠠᠬᠤ ᠺᠣᠮᠢᠰ ᠤᠨ ᠠᠯᠪᠠᠨ ᠭᠡᠷ
ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠨᠠᠶᠢᠷᠠᠭᠤᠯᠤᠨ ᠣᠷᠴᠢᠭᠤᠯᠵᠤ ᠬᠡᠪᠯᠡᠭᠦᠯᠬᠦ ᠰᠡᠳᠦᠪ ᠰᠣᠩᠭᠤᠬᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠤᠯᠤᠰ ᠤᠨ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠢ ᠬᠢᠨᠠᠨ ᠲᠣᠭᠲᠠᠭᠠᠬᠤ ᠪᠠ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠭᠡᠷᠡᠯᠲᠦ
3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠦᠨᠡᠯᠡᠨ ᠵᠢᠱᠢᠬᠦ ᠲᠥᠪ
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠺᠣᠮᠢᠰ ᠪᠣᠯᠤᠨ ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠤᠯᠭ᠎ᠠ ᠳᠣᠤᠷ᠎ᠠ᠂ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠣᠨᠣᠯ ᠤᠨ ᠰᠤᠳᠤᠯᠭᠠᠨ ᠪᠠ ᠴᠢᠬᠤᠯᠠ ᠶᠡᠭᠡ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠵᠢᠷᠤᠵᠤ ᠲᠥᠯᠥᠪᠯᠡᠬᠦ ᠶᠢ ᠡᠭᠦᠷᠭᠡᠯᠡᠨ᠎ᠡ︔ ᠰᠤᠷᠭᠠᠨ ᠬᠥᠮᠦᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠦᠨ ᠪᠦᠷᠢᠨᠰᠢᠭᠦᠯᠬᠦ ᠶᠢᠨ ᠬᠠᠮᠲᠤ ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ︔ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠮᠡᠳᠡᠭᠡ ᠵᠠᠩᠭᠢ ᠶᠢ ᠴᠤᠭᠯᠠᠭᠤᠯᠤᠨ ᠰᠢᠢᠳᠪᠦᠷᠢᠯᠡᠨ᠎ᠡ︔ ᠠᠶᠢᠮᠠᠭ ᠬᠤᠲᠠ᠂ ᠬᠤᠰᠢᠭᠤ ᠰᠢᠶᠠᠨ ︵ᠬᠤᠲᠠ ᠲᠣᠭᠤᠷᠢᠭ︶ ᠤ ᠵᠠᠰᠠᠭ ᠤᠨ ᠣᠷᠳᠣᠨ ᠵᠢᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠯᠡᠬᠢ ᠰᠢᠮᠳᠠᠭᠤᠯᠤᠨ ᠵᠢᠯᠣᠭᠤᠳᠬᠤ ᠦᠨᠡᠯᠡᠨ ᠵᠢᠱᠢᠬᠦ ᠠᠵᠢᠯ ᠢ ᠪᠣᠳᠠᠲᠠᠶ ᠡᠭᠦᠷᠭᠡᠯᠡᠨ᠎ᠡ᠃
ᠬᠠᠷᠢᠭᠤᠴᠠᠯᠭᠠᠲᠠᠨ᠄ ᠪᠠᠶ ᠶᠦᠩ ᠽᠧ
4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠯᠲᠠ ᠶᠢᠨ ᠵᠢᠯᠣᠭᠤᠳᠬᠤ ᠲᠥᠪ
ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ︔ ᠪᠥᠬᠦ ᠣᠷᠣᠨ ᠤ ᠲᠡᠭᠦᠰᠬᠦ ᠰᠤᠷᠤᠭᠴᠢᠳ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠭᠠᠷ ᠤᠲᠠᠰᠤ᠂ ᠨᠡᠶᠢᠲᠡᠯᠡᠬᠦ ᠪᠠ ᠬᠠᠮᠢᠶᠠᠷᠬᠤ ᠠᠵᠢᠯ ᠢ ᠡᠭᠦᠷᠭᠡᠯᠡᠨ᠎ᠡ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ ᠠᠵᠢᠯᠯᠠᠭ᠎ᠠ ᠶᠢ ᠵᠢᠷᠤᠮᠵᠢᠭᠤᠯᠤᠨ ᠵᠢᠯᠣᠭᠤᠳᠤᠨ᠎ᠠ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠨᠣᠷᠮ᠎ᠠ ᠶᠢ ᠪᠦᠷᠢᠳᠬᠡᠬᠦ᠂ ᠬᠢᠨᠠᠨ ᠬᠡᠮᠵᠢᠬᠦ ᠪᠠ ᠨᠡᠶᠢᠲᠡᠯᠡᠬᠦ ᠠᠵᠢᠯ ᠢ ᠡᠭᠦᠷᠭᠡᠯᠡᠨ᠎ᠡ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠷᠢ ᠬᠡᠮ ᠢ ᠬᠢᠨᠠᠨ ᠪᠠᠶᠢᠴᠠᠭᠠᠬᠤ ᠵᠢᠴᠢ ︽ᠠᠵᠢᠯ ᠣᠯᠭᠤᠯᠲᠠ ᠶᠢᠨ ᠮᠡᠳᠡᠭᠦᠯᠦᠯᠲᠡ ᠶᠢᠨ ᠦᠨᠡᠮᠯᠡᠯ︾ ᠢ ᠬᠢᠨᠠᠨ ᠬᠠᠷᠭᠤᠭᠤᠯᠬᠤ᠂ ᠭᠠᠷ ᠤᠨ ᠥᠰᠥᠭ ᠵᠢᠷᠤᠵᠤ ᠣᠯᠭᠤᠬᠤ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠡᠳᠡᠭᠡ ᠵᠠᠩᠭᠢᠴᠢᠯᠠᠯᠠᠲᠠ ᠶᠢᠨ ᠪᠠᠶᠢᠭᠤᠯᠤᠯᠲᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠸᠠᠩ ᠵᠢᠶᠦ᠋ᠨ ᠸᠧᠶ
5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠣᠷᠳᠣᠨ︶
ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠪᠠᠷᠢᠮᠵᠢᠶ᠎ᠠ᠂ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠ ᠭᠤᠣᠯ ᠰᠦᠯᠵᠢᠶᠡᠨ ᠤ ᠠᠵᠢᠯᠯᠠᠭᠠᠨ ᠤ ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ᠂ ᠪᠥᠬᠦ ᠣᠷᠣᠨ ᠤ ᠰᠤᠷᠭᠠᠨ ᠬᠥᠮᠦᠵᠢᠯ ᠤᠨ ᠬᠤᠲᠠ ᠶᠢᠨ ᠬᠡᠪᠴᠢᠶᠡᠨ ᠤ ᠰᠦᠯᠵᠢᠶ᠎ᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠪᠥᠬᠦ ᠣᠷᠣᠨ ᠤ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠴᠠᠭᠤᠯᠤᠨ᠎ᠠ︔ ︽ᠥᠪᠥᠷ ᠮᠣᠩᠭᠤᠯ ᠤᠨ ᠰᠤᠷᠭᠠᠨ ᠬᠥᠮᠦᠵᠢᠯ︾ ᠤᠨ ᠫᠤᠷᠲ᠋ᠧᠯ ᠰᠦᠯᠵᠢᠶ᠎ᠡ᠂ ᠰᠤᠷᠭᠠᠨ ᠬᠥᠮᠦᠵᠢᠯ ᠤᠨ ᠲᠢᠩᠬᠢᠮ ᠤᠨ ᠠᠵᠢᠯᠯᠠᠬᠤ ᠰᠦᠯᠵᠢᠶ᠎ᠡ ᠪᠠ ᠡᠯᠧᠺᠲᠷᠣᠨ ᠵᠠᠰᠠᠭ ᠤᠨ ᠶᠠᠪᠤᠳᠠᠯ ᠤᠨ ᠰᠢᠰᠲ᠋ᠧᠮ ᠤᠨ ᠪᠠᠶᠢᠭᠤᠯᠤᠯᠲᠠ ᠬᠠᠮᠢᠶᠠᠷᠤᠯᠲᠠ᠂ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ︔ ᠣᠳᠣ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠪᠠ ᠲᠡᠷᠢᠭᠦᠨ ᠤ ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ ᠰᠣᠯᠢᠯᠴᠠᠵᠤ᠂ ᠤᠳᠤ ᠦᠶ᠎ᠡ ᠶᠢᠨ ᠰᠤᠷᠭᠠᠨ ᠬᠥᠮᠦᠵᠢᠯ ᠤᠨ ᠮᠡᠷᠭᠡᠵᠢᠯ ᠤᠨ ᠰᠢᠯᠢᠳᠡᠭ ᠦᠷ᠎ᠡ ᠪᠦᠲᠦᠭᠡᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ︔ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠣᠯᠠᠨ ᠵᠠᠭᠤᠴᠢᠳᠤ ᠡᠯᠧᠺᠲᠷᠣᠨ ᠲᠠᠭᠤ ᠳᠦᠷᠰᠦ ᠰᠢᠩᠭᠡᠭᠡᠯᠲᠡ ᠶᠢᠨ ᠵᠢᠭᠠᠬᠤ ᠮᠠᠲ᠋ᠧᠷᠢᠶᠠᠯ ᠪᠠ ᠲᠣᠭᠠᠵᠢᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠮᠠᠲ᠋ᠧᠷᠢᠶᠠᠯ ᠦᠢᠯᠡᠳᠬᠦ᠂ ᠨᠡᠶᠢᠯᠡᠭᠦᠯᠬᠦ ᠪᠠ ᠬᠡᠷᠡᠭᠯᠡᠬᠦ ᠶᠢ ᠡᠭᠦᠷᠭᠡᠯᠡᠨ᠎ᠡ︔ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢᠨ ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠮᠠᠲ᠋ᠧᠷᠢᠶᠠᠯ ᠦᠢᠯᠡᠳᠬᠦ᠂ ᠨᠡᠶᠢᠯᠡᠭᠦᠯᠬᠦ ᠪᠠ ᠳᠠᠮᠵᠢᠭᠤᠯᠬᠤ ᠶᠢ ᠡᠭᠦᠷᠭᠡᠯᠡᠵᠦ᠂ ᠳᠠᠮᠵᠢᠭᠤᠯᠬᠤ ᠰᠢᠰᠲ᠋ᠧᠮ ᠤᠨ ᠲᠠᠪᠴᠠᠩ ᠤᠨ ᠮᠡᠷᠭᠡᠵᠢᠯ ᠤᠨ ᠳᠡᠮᠵᠢᠯᠭᠡ ᠪᠠ ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠡᠩᠨᠡᠭᠡᠨ ᠤ ᠬᠠᠮᠢᠶᠠᠷᠤᠯᠲᠠ ᠶᠢ ᠡᠭᠦᠷᠭᠡᠯᠡᠵᠦ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠳᠤ ᠰᠤᠷᠭᠠᠨ ᠬᠥᠮᠦᠵᠢᠯ ᠤᠨ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ
ᠬᠠᠩᠭᠠᠨ᠎ᠠ᠃
ᠬᠠᠷᠢᠭᠤᠴᠠᠯᠭᠠᠲᠠᠨ᠄ ᠲᠢᠶᠠᠨ ᠶᠦᠩ ᠵᠢᠶᠠᠨ
6 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ
ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠡᠯ᠎ᠡ ᠲᠥᠷᠥᠯ ᠤᠨ ᠰᠤᠷᠭᠠᠭᠤᠯᠢ ᠶᠢᠨ ᠲᠥᠷᠥ ᠶᠢᠨ ᠱᠠᠩᠨᠠᠯ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠢᠨᠠᠨ ᠬᠠᠷᠭᠤᠭᠤᠯᠬᠤ᠂ ᠰᠢᠯᠭᠠᠨ ᠰᠣᠩᠭᠤᠬᠤ᠂ ᠬᠢᠨᠠᠨ ᠵᠥᠪᠰᠢᠶᠡᠷᠡᠬᠦ᠂ ᠣᠯᠭᠤᠬᠤ ᠵᠡᠷᠭᠡ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠭᠡᠯᠳᠦᠷᠢᠭᠦᠯᠬᠦ ᠪᠠᠯᠠ ᠮᠥᠩᠭᠦ ᠶᠢ ᠵᠣᠭᠤᠰ ᠢᠶᠠᠷ ᠲᠤᠰᠠᠯᠠᠬᠤ ᠬᠠᠮᠢᠶᠠᠷᠤᠯᠲᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠬᠤ ᠶᠢ ᠵᠣᠭᠤᠰ ᠢᠶᠠᠷ ᠲᠤᠰᠠᠯᠠᠬᠤ ᠬᠠᠮᠢᠶᠠᠷᠤᠯᠲᠠ ᠶᠢ ᠡᠭᠦᠷᠭᠡᠯᠡᠨ᠎ᠡ᠃ ᠶᠡᠭᠡ ᠳᠡᠭᠡᠳᠦ ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ᠂ ᠶᠡᠭᠡ ᠳᠡᠭᠡᠳᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ ᠬᠠᠭᠠᠬᠤ᠂ ᠴᠡᠷᠢᠭ ᠤᠨ ᠠᠯᠪᠠ ᠠᠴᠠ ᠪᠠᠭᠤᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠪᠠ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠥᠬᠦᠪᠥᠷᠢ ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠴᠠᠭ᠎ᠠ ᠲᠣᠰᠬᠤᠨ ᠳᠤ ᠰᠣᠩᠭᠤᠨ ᠤᠷᠢᠵᠤ ᠲᠤᠰᠢᠶᠠᠯ ᠡᠭᠦᠷᠭᠡᠯᠡᠭᠦᠯᠦᠭᠰᠡᠨ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠥᠬᠦᠪᠥᠷᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠤᠷᠭᠠᠭᠤᠯᠢ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠵᠣᠭᠤᠰ ᠢᠶᠠᠷ ᠲᠤᠰᠠᠯᠠᠬᠤ ᠬᠠᠮᠢᠶᠠᠷᠤᠯᠲᠠ ᠪᠠ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠵᠡᠷᠭᠡ ᠶᠢᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ ᠢᠶᠠᠷ ᠳᠠᠮᠵᠢᠨ ᠲᠤᠰᠠᠯᠠᠭᠰᠠᠨ ᠶᠠᠳᠠᠭᠤ ᠬᠦᠴᠢᠷᠳᠡᠯᠲᠡᠶ ᠰᠤᠷᠤᠭᠴᠢ ᠶᠢ ᠵᠣᠭᠤᠰ ᠢᠶᠠᠷ ᠲᠤᠰᠠᠯᠠᠬᠤ᠂ ᠰᠢᠯᠢᠳᠡᠭ ᠰᠤᠷᠤᠭᠴᠢ ᠶᠢ ᠱᠠᠩᠨᠠᠬᠤ ᠪᠡᠯᠡ ᠮᠥᠩᠭᠦ ᠶᠢᠨ ᠬᠠᠮᠢᠶᠠᠷᠤᠯᠲᠠ ᠶᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠸᠠᠩ ᠶᠦᠩ
7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠰᠤᠳᠤᠯᠬᠤ ᠲᠠᠰᠤᠭ
ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ᠂ ᠪᠠᠭᠰᠢ ᠶᠢᠨ ᠰᠤᠷᠭᠠᠭᠤᠯᠢ᠂ ᠪᠠᠭᠰᠢ ᠶᠢᠨ ᠳᠠᠪᠲᠠᠨ ᠪᠣᠯᠪᠠᠰᠤᠷᠠᠭᠤᠯᠬᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠤᠳᠤᠯᠭᠠᠨ ᠢ ᠥᠷᠨᠢᠭᠦᠯᠵᠦ᠂ ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠢ ᠵᠢᠯᠣᠭᠤᠳᠤᠨ᠎ᠠ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠢᠨ ᠳᠤᠤᠷ᠎ᠠ᠂ ᠬᠢᠴᠢᠶᠡᠯ ᠬᠥᠮᠥᠵᠢᠯ ᠤᠨ ᠪᠠᠭᠰᠢ ᠶᠢ ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠢᠯᠤᠭᠤᠳᠤᠯᠭ᠎ᠠ ᠳᠣᠣᠷ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠵᠢᠴᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠣᠷᠣᠨ ᠨᠤᠲᠤᠭ ᠤᠨ ᠬᠢᠴᠢᠶᠡᠯ ᠤᠨ ᠬᠡᠷᠡᠭᠵᠢᠭᠦᠯᠦᠯᠲᠡ ᠶᠢ ᠰᠤᠳᠤᠯᠤᠨ ᠵᠢᠯᠣᠭᠤᠳᠴᠤ᠂ ᠣᠷᠣᠨ ᠨᠤᠲᠤᠭ ᠤᠨ ᠬᠢᠴᠢᠶᠡᠯ ᠤᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠪᠠ ᠬᠢᠴᠢᠶᠡᠯ ᠤᠨ ᠵᠢᠭᠠᠬᠤ ᠮᠠᠲ᠋ᠧᠷᠢᠶᠠᠯ ᠵᠢᠴᠢ ᠵᠢᠭᠠᠨ ᠰᠤᠷᠭᠠᠯᠲᠠ ᠶᠢᠨ ᠬᠠᠪᠰᠤᠷᠤᠨ ᠵᠢᠯᠣᠭᠤᠳᠣᠭᠴᠢ ᠳᠤ ᠶᠠᠰᠤ ᠴᠢᠨᠠᠷ ᠤᠨ ᠬᠢᠨᠠᠯᠲᠠ ᠪᠠ ᠦᠨᠡᠯᠡᠨ ᠵᠢᠱᠢᠯᠲᠡ ᠬᠢᠨ᠎ᠠ︔ ᠰᠢᠨ᠎ᠡ ᠬᠢᠴᠢᠶᠡᠯ ᠢ ᠬᠡᠷᠡᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠵᠢᠭᠠᠨ ᠰᠤᠷᠭᠠᠬᠤ ᠬᠠᠮᠢᠶᠠᠷᠤᠯᠲᠠ ᠶᠢᠨ ᠦᠨᠡᠯᠡᠯᠲᠡ᠂ ᠪᠠᠭᠰᠢ ᠶᠢᠨ ᠵᠢᠭᠠᠨ ᠰᠤᠷᠭᠠᠬᠤ ᠠᠵᠢᠯᠯᠠᠭ᠎ᠠ ᠶᠢᠨ ᠦᠨᠡᠯᠡᠯᠲᠡ ᠵᠢᠴᠢ ᠰᠤᠷᠤᠭᠴᠢᠳ ᠤᠨ ᠰᠤᠷᠤᠯᠭ᠎ᠠ ᠶᠢᠨ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠎ᠠ︔ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠯᠢᠳᠡᠭ ᠪᠠᠭᠰᠢ ᠶᠢᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠵᠢᠭᠠᠨ ᠰᠤᠷᠭᠠᠯᠲᠠ ᠶᠢᠨ ᠭᠤᠣᠯᠯᠠᠭᠴᠢ ᠬᠦᠴᠦᠨ ᠢ ᠬᠥᠮᠦᠵᠢᠭᠦᠯᠵᠦ᠂ ᠰᠢᠨᠵᠢᠯᠡᠭᠡᠨ ᠤ ᠵᠢᠭᠠᠨ ᠰᠤᠷᠭᠠᠯᠲᠠ ᠶᠢᠨ ᠠᠵᠢᠯᠯᠠᠭ᠎ᠠ ᠶᠢ ᠵᠢᠯᠣᠭᠤᠳᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠮᠠᠲ᠋ᠧᠷᠢᠶᠠᠯ ᠢ ᠰᠤᠳᠤᠯᠬᠤ ᠪᠠ ᠨᠠᠶᠢᠷᠠᠭᠤᠯᠤᠨ ᠪᠢᠴᠢᠵᠦ᠂ ᠵᠢᠭᠠᠨ ᠰᠤᠷᠭᠠᠯᠲᠠ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠲᠤᠷᠰᠢᠯᠭ᠎ᠠ ᠪᠠ ᠬᠦᠳᠡᠯᠦᠩᠭᠦᠢ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠤᠨ᠎ᠠ᠃
ᠬᠠᠷᠢᠭᠤᠴᠠᠯᠭᠠᠲᠠᠨ᠄ ᠰᠦᠨ ᠪᠠᠶ ᠵᠢᠶᠦ᠋ᠨ
8 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠰᠤᠳᠤᠯᠬᠤ ᠭᠠᠵᠠᠷ
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠰᠤᠳᠤᠯᠬᠤ ᠯᠠᠪᠯᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡ ᠶᠢ ᠡᠭᠦᠷᠭᠡᠯᠡᠨ᠎ᠡ︔ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠯᠭᠡ ᠶᠢ ᠲᠦᠭᠡᠮᠡᠯᠵᠢᠭᠦᠯᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠵᠢᠯᠣᠭᠤᠳᠤᠨ᠎ᠠ︔ ᠪᠦᠬᠦ ᠣᠷᠣᠨ ᠤ ᠴᠢᠨᠠᠷᠲᠠᠢ ᠰᠤᠷᠭᠠᠨ ᠬᠥᠮᠦᠵᠢᠯ ᠤᠨ ᠡᠷᠳᠡᠮ ᠰᠢᠨᠵᠢᠯᠡᠭᠡᠨ ᠤ ᠠᠵᠢᠯᠯᠠᠭ᠎ᠠ ᠪᠠ ᠰᠤᠷᠭᠠᠨ ᠬᠥᠮᠥᠵᠢᠯ ᠤᠨ ᠮᠡᠳᠡᠭᠡ ᠵᠠᠩᠭᠢ ᠶᠢᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠳᠡᠯᠭᠡᠷᠡᠭᠦᠯᠵᠦ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠ ᠰᠢᠯᠭᠠᠨ ᠲᠣᠭᠲᠠᠭᠠᠨ᠎ᠠ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠠᠵᠢᠯᠲᠠᠨ ᠬᠢᠭᠡᠳ ᠪᠠᠭᠰᠢ ᠶᠢᠨ ᠣᠳᠣ ᠦᠶ᠎ᠡ ᠶᠢᠨ ᠰᠤᠷᠭᠠᠨ ᠬᠥᠮᠥᠵᠢᠯ ᠤᠨ ᠦᠵᠡᠯ ᠰᠠᠨᠠᠭ᠎ᠠ ᠪᠠ ᠣᠳᠣ ᠦᠶ᠎ᠡ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ ᠰᠡᠳᠦᠪ ᠤᠨ ᠰᠡᠳᠦᠪ ᠲᠣᠭᠲᠠᠭᠠᠬᠤ᠂ ᠵᠢᠯᠣᠭᠤᠳᠬᠤ᠂ ᠶᠠᠪᠤᠴᠠ ᠬᠢᠭᠡᠳ ᠰᠡᠳᠦᠪ ᠳᠠᠭᠤᠰᠬᠠᠬᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ︽ᠥᠪᠥᠷ ᠮᠣᠩᠭᠤᠯ ᠤᠨ ᠰᠤᠷᠭᠠᠨ ᠬᠥᠮᠦᠵᠢᠯ︾ ︵ᠮᠣᠩᠭᠤᠯ ᠬᠡᠪᠯᠡᠯ︶ ᠰᠡᠳᠬᠦᠯ ᠤᠨ ᠨᠠᠶᠢᠷᠠᠭᠤᠯᠬᠤ᠂ ᠬᠡᠪᠯᠡᠭᠦᠯᠬᠦ ᠪᠠ ᠲᠠᠷᠬᠠᠭᠠᠬᠤ ᠡᠭᠦᠷᠭᠡ ᠶᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠯᠢᠦ ᠶᠠᠨ ᠽᠧ
9. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠣᠨᠤᠭ ᠲᠥᠬᠦᠭᠡᠷᠦᠮᠵᠢ ᠶᠢᠨ ᠮᠡᠷᠭᠡᠵᠢᠯ ᠤᠨ ᠲᠥᠪ
ᠰᠤᠷᠭᠠᠨ ᠬᠥᠮᠦᠵᠢᠯ ᠤᠨ ᠮᠡᠷᠭᠡᠵᠢᠯ ᠤᠨ ᠲᠣᠨᠤᠭ ᠲᠥᠬᠦᠭᠡᠷᠦᠮᠵᠢ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠷᠰᠢᠯᠲᠠ ᠶᠢᠨ ᠲᠠᠰᠤᠭ᠂ ᠨᠣᠮ ᠤᠨ ᠰᠠᠩ ︵ᠲᠠᠰᠤᠭ︶ ᠵᠢᠴᠢ ᠡᠯ᠎ᠡ ᠲᠥᠷᠥᠯ ᠤᠨ ᠴᠢᠳᠠᠮᠵᠢᠲᠤ ᠬᠢᠴᠢᠶᠡᠯ ᠤᠨ ᠬᠡᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠵᠢᠴᠢ ᠬᠠᠷᠢᠴᠠᠩᠭᠤᠢ ᠪᠦᠬᠦᠢ ᠪᠠᠶᠢᠴᠠᠭᠠᠬᠤ᠂ ᠵᠢᠯᠣᠭᠤᠳᠬᠤ᠂ ᠦᠨᠡᠯᠡᠨ ᠵᠢᠱᠢᠬᠦ ᠠᠵᠢᠯ ᠢ ᠡᠭᠦᠷᠭᠡᠯᠡᠨ᠎ᠡ︔ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠤᠳᠤᠯᠭᠠᠨ ᠢ ᠦᠷᠨᠢᠭᠦᠯᠦᠨ᠎ᠡ︔ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠪᠠ ᠲᠤᠷᠰᠢᠯᠲᠠ ᠶᠢᠨ ᠪᠠᠭᠰᠢ᠂ ᠨᠣᠮ ᠤᠨ ᠰᠠᠩ
︵ᠲᠠᠰᠤᠭ︶ ᠵᠢᠴᠢ ᠴᠢᠳᠠᠮᠵᠢᠲᠤ ᠬᠢᠴᠢᠶᠡᠯ ᠤᠨ ᠬᠡᠷ ᠤᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ︔ ᠰᠤᠷᠭᠠᠨ ᠬᠥᠮᠦᠵᠢᠯ ᠤᠨ ᠰᠢᠰᠲ᠋ᠧᠮ ᠤᠨ ᠲᠤᠰᠬᠠᠶ ᠬᠡᠷᠡᠭᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ᠃
ᠬᠠᠷᠢᠭᠤᠴᠠᠯᠭᠠᠲᠠᠨ᠄ ᠵᠠᠩ ᠰᠢᠶᠤᠤ
10. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ
ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠡᠷᠭᠡ ᠬᠥᠰᠬᠡ ᠵᠡᠷᠭᠡ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠬᠠᠮᠢᠶᠠᠷᠬᠤ᠂ ᠬᠠᠮᠠᠭᠠᠯᠠᠬᠤ ᠠᠵᠢᠯ ᠢ ᠡᠭᠦᠷᠭᠡᠯᠡᠨ᠎ᠡ︔ ᠠᠵᠢᠯᠯᠠᠬᠤ ᠣᠷᠣᠨ ᠪᠦᠰᠡ ᠵᠢᠴᠢ ᠬᠠᠮᠢᠶ᠎ᠠ ᠪᠦᠬᠦᠢ ᠣᠷᠣᠨ ᠪᠦᠰᠡ ᠶᠢᠨ ᠠᠳᠠᠯ ᠠᠬᠤᠢ ᠶᠢᠨ ᠬᠠᠮᠢᠶᠠᠷᠤᠯᠲᠠ ᠶᠢ ᠡᠭᠦᠷᠭᠡᠯᠡᠨ᠎ᠡ︔ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ ᠵᠡᠷᠭᠡ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃
ᠬᠠᠷᠢᠭᠤᠴᠠᠯᠭᠠᠲᠠᠨ᠄ ᠶᠠᠩ ᠢᠦᠶ ᠨᠢᠶᠠᠨ