ᠨᠢᠭᠡᠳᠦᠭᠡᠷ ᠵᠦᠢᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠣᠯᠤᠨ ᠥᠪᠡᠷᠲᠡᠭᠡᠨ ᠵᠠᠰᠠᠬᠤ ᠣᠷᠣᠨ ᠤ ᠳᠠᠷᠤᠮᠠᠯᠯᠠᠨ | ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠢᠩᠬᠢᠮ ᠤᠨ ᠲᠡᠰ ᠤᠨ | ᠪᠦᠷᠢᠯᠳᠦᠬᠦᠨ ᠰᠠᠯᠠᠭ᠎ᠠ ᠮᠥᠴᠢᠷ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠢᠯ ᠤᠨ ᠬᠤᠷᠢᠶ᠎ᠠ ᠪᠣᠯ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠮᠢᠯᠠᠭᠰᠠᠨ ᠪᠠᠶᠢᠭᠤᠯᠤᠮᠵᠢ ᠮᠥᠨ᠂ ᠥᠪᠡᠷᠲᠡᠭᠡᠨ | ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠲᠠᠢ ᠬᠠᠮᠲᠤᠷᠠᠨ ᠠᠵᠢᠯᠯᠠᠨ᠎ᠠ᠃ | ᠭᠤᠷᠪᠠᠳᠤᠭᠠᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠤᠷᠭᠠᠨ ᠬᠥᠮᠥᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠢ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠤ ᠪᠠᠶᠢᠭᠤᠯᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠰᠢᠭᠤᠳ | ᠤᠳᠤᠷᠢᠳᠤᠯᠭ᠎ᠠ ᠶᠢ ᠬᠦᠯᠢᠶᠡᠨ᠂ ᠤᠳᠤᠷᠢᠳᠬᠤ ᠳᠤᠭᠤᠶᠢᠯᠠᠩ ᠤᠨ ᠪᠣᠳᠠᠲᠠᠶ ᠠᠵᠢᠯ ᠢ ᠡᠭᠦᠷᠭᠡᠯᠡᠵᠦ᠂ ᠰᠤᠷᠭᠠᠨ | ᠬᠥᠮᠦᠵᠢᠯ ᠤᠨ ᠬᠦᠷᠢᠶᠡᠨ ᠳᠠᠬᠢ ᠨᠠᠮ ᠤᠨ ᠪᠠᠶᠢᠭᠤᠯᠤᠯᠲᠠ ᠪᠠ ᠦᠵᠡᠯ ᠰᠠᠨᠠᠭ᠎ᠠ ᠤᠯᠤᠰ ᠲᠥᠷᠥ ᠶᠢᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠲᠥᠯᠥᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ | ᠰᠤᠳᠤᠯᠵᠤ᠂ ᠤᠳᠤᠷᠢᠳᠬᠤ ᠳᠤᠭᠤᠶᠢᠯᠠᠩ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ | ᠵᠣᠬᠢᠴᠠᠭᠤᠯᠤᠨ ᠰᠢᠮᠳᠠᠭᠤᠯᠵᠤ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠨᠠᠷᠢᠨ | ᠪᠢᠴᠢᠭ ᠤᠨ ᠭᠠᠵᠠᠷ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠡᠳᠦᠷ | ᠲᠤᠲᠤᠮ ᠤᠨ ᠬᠡᠷᠡᠭ ᠶᠠᠪᠤᠳᠠᠯ ᠢ ᠬᠠᠷᠢᠭᠤᠴᠠᠨ ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ | ᠬᠥᠮᠦᠵᠢᠯ ᠤᠨ ᠲᠢᠩᠬᠢᠮ ᠤᠨ ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠶᠢ ᠦᠨᠳᠦᠰᠦᠯᠡᠨ | ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠵᠦ᠂ | ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭ ᠤᠨ ᠳᠤᠭᠤᠶᠢᠯᠠᠩ ᠤᠨ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠬᠦᠯᠢᠶᠡᠨ᠎ᠡ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︵ ᠶᠡᠭᠡ | ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ︶ ᠨᠢ ᠰᠤᠷᠭᠠᠨ ᠬᠥᠮᠦᠵᠢᠯ ᠤᠨ ᠠᠵᠢᠯ ᠤᠨ ᠲᠤᠬᠠᠢ ᠨᠠᠮ ᠤᠨ | ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠬᠠᠮᠢᠶ᠎ᠠ ᠪᠥᠬᠦᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠰᠤᠷᠭᠠᠨ ᠬᠥᠮᠦᠵᠢᠯ ᠤᠨ | ᠠᠵᠢᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ | ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠨᠠᠮ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ | ᠤᠯᠤᠰ ᠤᠨ ᠬᠠᠣᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ | ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠬᠤ ᠶᠢᠨ | ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ | ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠ | ᠵᠡᠷᠭᠡ᠂ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠡᠯ᠎ᠡ ᠲᠥᠷᠥᠯ ᠤᠨ ᠰᠤᠷᠭᠠᠭᠤᠯᠢ ᠪᠠᠶᠢᠭᠤᠯᠬᠤ ᠪᠠᠷᠢᠮᠵᠢᠶ᠎ᠠ ᠶᠢ | ᠰᠤᠳᠤᠯᠤᠨ ᠲᠣᠭᠲᠠᠭᠠᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃ | ︵ᠭᠤᠷᠪᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠲᠦᠯᠬᠢᠨ | ᠠᠬᠢᠭᠤᠯᠬᠤ ᠪᠠ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠰᠤᠷᠭᠠᠭᠤᠯᠢ ᠶᠢᠨ ᠨᠠᠰᠤᠨ ᠠᠴᠠ | ᠡᠮᠦᠨᠡᠬᠢ ᠰᠤᠷᠭᠠᠨ ᠬᠥᠮᠥᠵᠢᠯ᠂ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ ᠪᠣᠯᠤᠨ ᠣᠨᠴᠠᠭᠠᠢ | ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠠᠭᠤᠷᠢ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠦᠨᠳᠦᠰᠦᠨ ᠱᠠᠭᠠᠷᠳᠠᠯᠭ᠎ᠠ ᠪᠣᠯᠤᠨ ᠵᠢᠭᠠᠨ ᠰᠤᠷᠭᠠᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠢ ᠲᠣᠭᠲᠠᠭᠠᠵᠤ᠂ | ᠳᠤᠮᠳᠠ ᠵᠡᠷᠭᠡ ᠶᠢᠨ ᠪᠠ ᠠᠩᠬ᠎ᠠ ᠵᠡᠷᠭᠡ ᠶᠢᠨ ᠣᠷᠣᠨ ᠨᠤᠲᠤᠭ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠢ ᠵᠣᠬᠢᠶᠠᠨ | ᠪᠠᠶᠢᠭᠤᠯᠤᠨ ᠬᠢᠨᠠᠨ ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠭᠠᠳᠠᠨᠠᠬᠢ ᠰᠤᠷᠭᠠᠨ | ᠬᠥᠮᠦᠵᠢᠯ ᠪᠠ ᠠᠮᠤᠷ ᠲᠦᠪᠰᠢᠨ ᠤ ᠬᠠᠮᠢᠶᠠᠷᠤᠯᠲᠠ ᠶᠢ ᠵᠢᠯᠣᠭᠤᠳᠴᠦ᠂ ᠬᠡᠪ ᠴᠢᠨᠠᠷ ᠤᠨ ᠰᠤᠷᠭᠠᠨ ᠬᠥᠮᠦᠵᠢᠯ ᠢ | ᠬᠡᠷᠡᠭᠵᠢᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ | ᠲᠠᠯ᠎ᠠ ᠪᠠᠷ ᠬᠥᠮᠦᠵᠢᠭᠦᠯᠬᠦ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠤᠨ᠎ᠠ᠃ | ︵ᠳᠥᠷᠪᠡ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠢ | ᠵᠢᠯᠣᠭᠤᠳᠬᠤ ᠪᠢᠴᠢᠭ ᠮᠠᠲ᠋ᠧᠷᠢᠶᠠᠯ ᠪᠣᠯᠤᠨ ᠵᠢᠭᠠᠨ ᠰᠤᠷᠭᠠᠬᠤ ᠶᠢ ᠦᠨᠡᠯᠡᠨ ᠵᠢᠱᠢᠬᠦ ᠱᠠᠭᠠᠷᠳᠠᠯᠭ᠎ᠠ ᠶᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠵᠢᠭᠠᠬᠤ ᠮᠠᠲ᠋ᠧᠷᠢᠶᠠᠯ ᠤᠨ | ᠪᠠᠶᠢᠭᠤᠯᠤᠯᠲᠠ ᠶᠢ ᠵᠢᠯᠣᠭᠤᠳᠴᠤ᠂ ᠣᠷᠣᠨ ᠨᠤᠲᠤᠭ ᠤᠨ ᠵᠢᠭᠠᠬᠤ ᠮᠠᠲ᠋ᠧᠷᠢᠶᠠᠯ ᠢ ᠵᠣᠬᠢᠶᠠᠨ ᠪᠠᠶᠢᠭᠤᠯᠤᠨ ᠬᠢᠨᠠᠨ | ᠲᠣᠭᠲᠠᠭᠠᠵᠤ᠂ ᠠᠵᠢᠯ ᠮᠡᠷᠭᠡᠵᠢᠯ ᠤᠨ ᠵᠢᠯᠣᠭᠤᠳᠬᠤ ᠠᠵᠢᠯ ᠢ ᠥᠷᠨᠢᠭᠦᠯᠦᠨ᠎ᠡ᠃ ᠠᠷᠠᠳ ᠠᠴᠠ ᠡᠷᠬᠢᠯᠡᠭᠰᠡᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ | ᠲᠠᠷᠢᠶᠠᠴᠢᠨ ᠮᠠᠯᠴᠢᠳ ᠤᠨ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠥᠵᠢᠯ᠂ ᠨᠠᠰᠤᠨ | ᠲᠤᠷᠰᠢᠳᠠ ᠶᠢᠨ ᠰᠤᠷᠭᠠᠨ ᠬᠥᠮᠦᠵᠢᠯ᠂ ᠨᠠᠰᠤᠲᠠᠶᠢᠴᠤᠳ ᠤᠨ ᠰᠤᠷᠭᠠᠨ ᠬᠥᠮᠦᠵᠢᠯ ᠵᠡᠷᠭᠡ ᠡᠯ᠎ᠡ ᠲᠥᠷᠥᠯ ᠤᠨ | ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ᠎ᠡ᠃ | ︵ᠲᠠᠪᠤ︶ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ︽ᠬᠤᠤᠰ | ᠲᠡᠷᠢᠭᠦᠨ︾ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠶᠢ ᠬᠠᠷᠢᠭᠤᠴᠠᠵᠤ᠂ ᠶᠠᠮᠤᠨ ᠬᠢᠭᠡᠳ | ᠥᠪᠡᠷᠲᠡᠭᠡᠨ ᠵᠠᠰᠠᠬᠤ ᠣᠷᠣᠨ ᠳᠡᠭᠡᠳᠦ ᠰᠤᠷᠭᠠᠭᠤᠯᠢ ᠬᠠᠮᠲᠤᠷᠠᠨ ᠪᠠᠶᠢᠭᠤᠯᠬᠤ ᠠᠵᠢᠯ ᠢ ᠵᠣᠬᠢᠴᠠᠭᠤᠯᠤᠨ᠎ᠠ᠃ ᠶᠡᠭᠡ | ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠵᠢᠯᠣᠭᠤᠳᠬᠤ ᠪᠢᠴᠢᠭ ᠮᠠᠲ᠋ᠧᠷᠢᠶᠠᠯ ᠢ | ᠲᠣᠭᠲᠠᠭᠠᠨ᠎ᠠ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠪᠠᠶᠢᠭᠤᠯᠬᠤ᠂ ᠲᠣᠬᠢᠷᠠᠭᠤᠯᠬᠤ ᠰᠠᠨᠠᠯ ᠢ ᠰᠤᠳᠤᠯᠤᠨ᠎ᠠ᠃ | ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠶ ᠮᠡᠷᠭᠡᠵᠢᠯ ᠢ ᠲᠣᠭᠲᠠᠭᠠᠬᠤ᠂ ᠲᠣᠬᠢᠷᠠᠭᠤᠯᠬᠤ ᠠᠵᠢᠯ ᠢ | ᠬᠠᠷᠢᠭᠤᠴᠠᠨ᠎ᠠ᠃ ᠡᠯ᠎ᠡ ᠲᠥᠷᠥᠯ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠪᠣᠯᠤᠨ ᠦᠷᠭᠦᠯᠵᠢᠯᠡᠭᠰᠡᠨ ᠰᠤᠷᠭᠠᠨ | ᠬᠥᠮᠦᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠴᠤ᠂ ᠶᠡᠭᠡ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠶᠡᠭᠡ ᠳᠡᠭᠡᠳᠦ ᠰᠤᠷᠭᠠᠭᠤᠯᠢ ᠶᠢᠨ | ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ︵ᠵᠢᠷᠭᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠬᠦ ᠪᠠ | ᠵᠢᠯᠣᠭᠤᠳᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ᠦᠨᠳᠦᠰᠦᠲᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ᠂ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠵᠢᠷᠤᠮᠵᠢᠭᠤᠯᠤᠯᠲᠠ ᠶᠢᠨ | ᠠᠵᠢᠯ ᠢ ᠵᠢᠯᠣᠭᠤᠳᠣᠨ᠎ᠠ᠃ | ︵ᠳᠣᠯᠤᠭ᠎ᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ | ᠪᠠᠶᠢᠴᠠᠭᠠᠬᠤ ᠪᠠ ᠦᠨᠡᠯᠡᠨ ᠵᠢᠱᠢᠵᠦ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ | ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ | ᠨᠡᠶᠢᠲᠡᠯᠡᠨ᠎ᠡ᠃ | ︵ᠨᠠᠢᠮᠠ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ | ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠤᠨ ᠵᠠᠷᠤᠳᠠᠯ ᠴᠤᠭᠯᠠᠭᠤᠯᠬᠤ ᠬᠡᠷᠡᠭᠯᠡᠬᠦ | ᠬᠠᠮᠢᠶᠠᠷᠬᠤ ᠲᠥᠷᠥ ᠶᠢᠨ ᠪᠣᠳᠣᠯᠭ᠎ᠠ ᠲᠣᠭᠲᠠᠭᠠᠬᠤ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ | ᠬᠡᠷᠡᠭᠯᠡᠵᠦ ᠪᠠᠶᠢᠭ᠎ᠠ ᠪᠠᠶᠢᠳᠠᠯ ᠢ ᠬᠢᠨᠠᠨ ᠬᠡᠮᠵᠢᠵᠦ᠂ ᠪᠦᠬᠦ ᠣᠷᠣᠨ ᠤ ᠰᠤᠷᠭᠠᠨ ᠬᠥᠮᠦᠵᠢᠯ ᠤᠨ ᠵᠠᠷᠤᠳᠠᠯ ᠢ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠷᠢᠭᠤᠴᠠᠨ ᠪᠦᠷᠢᠳᠬᠡᠬᠦ ᠶᠢ ᠬᠠᠷᠢᠭᠤᠴᠠᠨ᠎ᠠ᠃ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠶᠢᠨ ᠰᠤᠷᠤᠭᠴᠢᠳ ᠢ ᠵᠣᠭᠤᠰ ᠢᠶᠠᠷ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ | ︵ᠶᠢᠰᠦ︶ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ᠂ ᠦᠵᠡᠯ | ᠰᠠᠨᠠᠭ᠎ᠠ ᠤᠯᠤᠰ ᠲᠦᠷᠦ ᠶᠢᠨ ᠠᠵᠢᠯ ᠪᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠥᠯᠥᠪᠵᠢᠭᠦᠯᠦᠨ | ᠵᠢᠯᠣᠭᠤᠳᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠨᠢᠭᠡᠳᠦᠮᠡᠯ ᠹᠷᠣᠨᠲ ᠪᠠ ᠤᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ ᠮᠣᠷᠠᠯ ᠤᠨ | ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠥᠮᠦᠵᠢᠯ᠂ ᠤᠷᠠᠯᠢᠭ | ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠢ | ᠵᠢᠯᠣᠭᠤᠳᠤᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠶᠡᠭᠡ ᠳᠡᠭᠡᠳᠦ ᠰᠤᠷᠭᠠᠭᠤᠯᠢ ᠶᠢᠨ ᠺᠠᠳ᠋ᠷ ᠢ | ᠬᠠᠮᠢᠶᠠᠷᠤᠨ᠎ᠠ᠃ | ︵ᠠᠷᠪᠠ︶ ᠪᠦᠬᠦ ᠣᠷᠣᠨ ᠤ ᠪᠠᠭᠰᠢ ᠶᠢᠨ ᠠᠵᠢᠯ ᠢ ᠭᠤᠤᠯᠴᠢᠯᠠᠨ ᠬᠠᠮᠢᠶᠠᠷᠴᠤ᠂ ᠰᠤᠷᠭᠠᠨ ᠬᠥᠮᠦᠵᠢᠯ ᠤᠨ | ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠡᠯ᠎ᠡ ᠱᠠᠲᠤᠨ ᠤ ᠡᠯ᠎ᠡ | ᠲᠦᠷᠦᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠡᠯ᠎ᠡ | ᠲᠥᠷᠥᠯ ᠤᠨ ᠪᠠᠭᠰᠢ ᠤᠷᠢᠬᠤ᠂ ᠠᠵᠢᠯ ᠤᠨ ᠪᠠᠶᠢᠷᠢ ᠳᠤ ᠤᠷᠢᠨ ᠲᠣᠮᠢᠯᠠᠬᠤ ᠬᠠᠮᠢᠶᠠᠷᠤᠯᠲᠠ᠂ ᠮᠡᠷᠭᠡᠵᠢᠯ ᠤᠨ | ᠴᠣᠯᠠ ᠶᠢ ᠬᠢᠨᠠᠨ ᠲᠣᠭᠲᠠᠭᠠᠬᠤ ᠠᠵᠢᠯ ᠢ ᠵᠢᠯᠣᠭᠤᠳᠤᠨ᠎ᠠ᠃ ᠪᠠᠭᠰᠢ ᠶᠢᠨ ᠬᠢᠷᠢ ᠬᠡᠮ ᠤᠨ ᠳᠦᠷᠢᠮ᠂ ᠪᠠᠭᠰᠢ ᠶᠢᠨ | ᠪᠣᠯᠪᠠᠰᠤᠷᠠᠭᠤᠯᠤᠯ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠠᠷᠪᠠᠨ ᠨᠢᠭᠡ︶ ᠡᠯ᠎ᠡ ᠲᠥᠷᠥᠯ ᠤᠨ ᠶᠡᠭᠡ ᠳᠡᠭᠡᠳᠦ ᠵᠡᠷᠭᠡ ᠶᠢᠨ ᠰᠤᠷᠤᠯᠭ᠎ᠠ ᠶᠢᠨ ᠨᠠᠮᠲᠠᠷ ᠤᠨ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠪᠠ ᠰᠤᠷᠭᠠᠭᠤᠯᠢ ᠶᠢᠨ ᠬᠠᠷᠢᠶ᠎ᠠ ᠰᠤᠷᠤᠯᠭ᠎ᠠ ᠶᠢᠨ ᠨᠠᠮᠲᠠᠷ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠲᠥᠷᠥᠯ ᠤᠨ ᠶᠡᠭᠡ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠰᠤᠷᠤᠭᠴᠢ ᠡᠯᠰᠡᠬᠦ ᠲᠥᠯᠥᠪᠯᠡᠭᠡ ᠶᠢ ᠰᠤᠳᠤᠯᠤᠨ ᠲᠣᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠶᠢᠨ | ᠰᠤᠷᠤᠭᠴᠢᠳ ᠤᠨ ᠭᠤᠮᠣᠳᠠᠯ ᠲᠣᠭᠠᠴᠢᠯᠲᠠ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ ᠡᠩ ᠤᠨ ᠶᠡᠭᠡ ᠳᠡᠭᠡᠳᠦ | ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠡᠩ ᠤᠨ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢ | ᠵᠢᠯᠣᠭᠤᠳᠴᠤ ᠪᠠᠶᠢᠭᠠᠳ ᠤᠶᠤᠲᠠᠳ ᠤᠨ ᠠᠵᠢᠯ ᠣᠯᠬᠤ᠂ ᠠᠳᠠᠯ ᠦᠢᠯᠡᠰ ᠴᠣᠭᠴᠠᠯᠠᠬᠤ ᠰᠢᠨ᠎ᠡ ᠶᠢ ᠡᠭᠦᠳᠬᠦ ᠪᠠ | ᠦᠢᠯᠡᠴᠢᠯᠡᠬᠦ ᠠᠵᠢᠯ ᠢ ᠦᠷᠨᠢᠭᠦᠯᠦᠨ᠎ᠡ᠃ | ︵ᠠᠷᠪᠠᠨ ᠬᠤᠶᠠᠷ︶ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠡᠷᠡᠭᠯᠡᠭᠡᠨ ᠤ ᠰᠤᠳᠤᠯᠬᠤ ᠬᠢᠭᠡᠳ ᠳᠡᠯᠭᠡᠷᠡᠭᠦᠯᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠠᠵᠢᠯ ᠢ ᠨᠢᠭᠡᠳᠦᠯᠲᠡᠶ | ᠲᠥᠯᠥᠪᠵᠢᠭᠦᠯᠦᠨ᠎ᠡ᠃ ᠶᠡᠭᠡ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠪᠠ ᠥᠪᠡᠷᠲᠡᠭᠡᠨ ᠵᠠᠰᠠᠬᠤ ᠣᠷᠣᠨ ᠤ | ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠵᠢᠴᠢ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠯᠥᠪᠯᠡᠭᠡ ᠳᠤ ᠣᠷᠣᠯᠴᠠᠬᠤ ᠶᠢ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠶᠡᠭᠡ ᠳᠡᠭᠡᠳᠦ | ᠵᠡᠷᠭᠡ ᠶᠢᠨ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ | ᠬᠥᠭᠵᠢᠯᠲᠡ ᠪᠦᠲᠦᠭᠡᠨ ᠪᠠᠶᠢᠭᠤᠯᠤᠯᠲᠠ ᠪᠣᠯᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ | ︵ᠠᠷᠪᠠᠨ ᠭᠤᠷᠪᠠ︶ ᠪᠦᠬᠦ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠤᠯ᠂ | ᠰᠤᠷᠭᠠᠨ ᠬᠥᠮᠥᠵᠢᠯ ᠤᠨ ᠵᠢᠭᠠᠨ ᠰᠤᠷᠭᠠᠬᠤ ᠰᠤᠳᠤᠯᠤᠯ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ | ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ︵ᠠᠷᠪᠠᠨ ᠳᠥᠷᠪᠡ︶ ᠰᠤᠷᠭᠠᠨ ᠬᠥᠮᠦᠵᠢᠯ ᠤᠨ ᠰᠢᠰᠲ᠋ᠧᠮ ᠤᠨ ᠲᠣᠭᠲᠠᠭᠤᠨ ᠢ ᠬᠠᠮᠠᠭᠠᠯᠠᠬᠤ ᠵᠢᠴᠢ ᠠᠮᠤᠷ | ᠲᠥᠪᠰᠢᠨ ᠤ ᠬᠠᠮᠢᠶᠠᠷᠤᠯᠲᠠ ᠶᠢᠨ ᠠᠵᠢᠯ ᠢ ᠵᠢᠯᠣᠭᠤᠳᠣᠨ ᠵᠣᠬᠢᠴᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ | ᠠᠷᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠲᠠᠪᠤ︶ ᠰᠤᠷᠭᠠᠨ ᠬᠥᠮᠦᠵᠢᠯ ᠤᠨ ᠰᠢᠰᠲ᠋ᠧᠮ ᠤᠨ ᠭᠠᠳᠠᠭᠠᠳᠤ ᠯᠤᠭ᠎ᠠ ᠬᠠᠮᠲᠤᠷᠠᠨ ᠠᠵᠢᠯᠯᠠᠬᠤ ᠪᠠ | ᠰᠣᠯᠢᠯᠴᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠩᠭᠠᠩ ᠣᠣᠮᠧᠨ ᠲᠠᠶᠢᠸᠠᠨ ᠣᠷᠣᠨ ᠯᠤᠭ᠎ᠠ ᠶᠢᠨ | ᠰᠤᠷᠭᠠᠨ ᠬᠥᠮᠦᠵᠢᠯ ᠤᠨ ᠬᠠᠮᠵᠢᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠳᠤᠮᠳᠠ ᠪᠠ ᠤᠷᠲᠤ | ᠬᠤᠭᠤᠴᠠᠭᠠᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ | ᠠᠵᠢᠯ ᠢ ᠵᠢᠷᠤᠮᠵᠢᠭᠤᠯᠬᠤ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠶᠢ | ᠳᠡᠯᠭᠡᠷᠡᠭᠦᠯᠬᠦ ᠠᠵᠢᠯ ᠪᠠ ᠨᠡᠶᠢᠲᠡᠯᠢᠭ ᠬᠡᠯᠡᠨ ᠤ ᠪᠠᠭᠰᠢ ᠶᠢ ᠪᠣᠯᠪᠠᠰᠤᠷᠠᠭᠤᠯᠬᠤ ᠠᠵᠢᠯ ᠢ ᠵᠢᠯᠣᠭᠤᠳᠤᠨ᠎ᠠ᠃ | ︵ᠠᠷᠪᠠᠨ ᠳᠣᠯᠤᠭ᠎ᠠ︶ ᠡᠷᠳᠡᠮ ᠤᠨ ᠴᠣᠯᠠ ᠬᠢᠭᠡᠳ ᠠᠰᠫᠢᠷᠠᠨᠲ ᠤᠨ ᠰᠤᠷᠭᠠᠨ ᠬᠥᠮᠦᠵᠢᠯ ᠤᠨ ᠠᠵᠢᠯ ᠢ | ᠨᠢᠭᠡᠳᠦᠯᠲᠡᠶ ᠲᠥᠯᠥᠪᠯᠡᠨ ᠲᠥᠯᠥᠪᠵᠢᠭᠦᠯᠵᠦ᠂ ᠤᠯᠤᠰ ᠤᠨ ᠡᠷᠳᠡᠮ ᠤᠨ ᠴᠣᠯᠠ ᠶᠢᠨ ᠳᠦᠷᠢᠮ ᠢ ᠬᠡᠷᠡᠭᠵᠢᠭᠦᠯᠦᠨ᠂ | ᠡᠷᠳᠡᠮ ᠤᠨ ᠴᠣᠯᠠ ᠣᠯᠭᠤᠬᠤ ᠨᠢᠭᠡᠴᠢ ᠶᠢ ᠨᠡᠮᠡᠵᠦ ᠪᠠᠶᠢᠭᠤᠯᠬᠤ ᠪᠠ ᠡᠷᠳᠡᠮ ᠤᠨ ᠴᠣᠯᠠ ᠣᠯᠭᠤᠬᠤ ᠡᠷᠬᠡ | ᠣᠯᠭᠤᠭᠰᠠᠨ ᠰᠢᠨᠵᠢᠯᠡᠭᠡᠨ ᠤ ᠰᠠᠯᠠᠭ᠎ᠠ᠂ ᠲᠤᠰᠬᠠᠶ ᠮᠡᠷᠭᠡᠵᠢᠯ ᠢ ᠨᠡᠮᠡᠵᠦ ᠪᠠᠶᠢᠭᠤᠯᠬᠤ ᠶᠢ ᠲᠣᠭᠲᠠᠭᠠᠭᠰᠠᠨ ᠡᠷᠬᠡ | ᠮᠡᠳᠡᠯ ᠢᠶᠠᠷ ᠢᠶᠠᠨ ᠭᠤᠶᠤᠴᠢᠯᠠᠬᠤ᠂ ᠬᠢᠨᠠᠨ ᠬᠠᠷᠭᠤᠭᠤᠯᠬᠤ᠂ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ | ︵ᠠᠷᠪᠠᠨ ᠨᠠᠢᠮᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠲᠠᠪᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ︵ᠶᠡᠭᠡ ᠳᠡᠭᠡᠳᠦ | ᠰᠤᠷᠭᠠᠭᠤᠯᠢ ᠶᠢᠨ ᠠᠵᠢᠯ ᠤᠨ ᠵᠥᠪᠯᠡᠯ︶ ᠲᠤ ᠳᠣᠣᠷᠠᠬᠢ ᠮᠡᠲᠦ ᠳᠣᠲᠣᠭᠠᠳᠤ ᠪᠠᠶᠢᠭᠤᠯᠤᠮᠵᠢ ᠲᠣᠬᠢᠷᠠᠭᠤᠯᠪᠠ᠄ | ᠠᠯᠪᠠᠨ ᠭᠡᠷ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠠᠯᠪᠠᠨ ᠭᠡᠷ︶᠂ ᠠᠵᠢᠯᠲᠠᠨ ᠤ | ᠶᠠᠪᠤᠳᠠᠯ ᠤᠨ ᠭᠠᠵᠠᠷ ︵ᠶᠡᠭᠡ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︶ | ᠂ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ︵ | ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠯᠪᠠᠨ ᠭᠡᠷ︶᠂ ᠬᠥᠭᠵᠢᠭᠦᠯᠦᠯᠲᠡ ᠶᠢᠨ ᠲᠥᠯᠥᠪᠵᠢᠭᠦᠯᠭᠡ ᠶᠢᠨ ᠭᠠᠵᠠᠷ᠂ | ᠡᠳ᠋ ᠤᠨ ᠶᠠᠪᠤᠳᠠᠯ ᠤᠨ ᠭᠠᠵᠠᠷ᠂ ᠰᠠᠭᠤᠷᠢ ᠰᠤᠷᠭᠠᠨ ᠬᠥᠮᠦᠵᠢᠯ ᠤᠨ ᠭᠠᠵᠠᠷ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠬᠢᠭᠡᠳ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ ᠤᠨ ᠭᠠᠵᠠᠷ᠂ ᠶᠡᠭᠡ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠤᠨ ᠭᠠᠵᠠᠷ᠂ ᠦᠨᠳᠦᠰᠦᠲᠡᠨ ᠤ ᠰᠤᠷᠭᠠᠨ ᠬᠥᠮᠦᠵᠢᠯ ᠤᠨ ᠭᠠᠵᠠᠷ᠂ ᠰᠢᠮᠳᠠᠭᠤᠯᠤᠨ | ᠵᠢᠯᠣᠭᠤᠳᠬᠤ ᠭᠡᠷ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ | ᠬᠤᠷᠢᠶ᠎ᠠ ᠶᠢᠨ ᠠᠯᠪᠠᠨ ᠭᠡᠷ︶᠂ ᠪᠠᠭᠰᠢ ᠶᠢᠨ ᠠᠵᠢᠯ ᠤᠨ ᠭᠠᠵᠠᠷ᠂ ᠰᠤᠷᠤᠭᠴᠢ ᠶᠢᠨ ᠠᠵᠢᠯ ᠤᠨ ᠭᠠᠵᠠᠷ ︵ᠶᠡᠭᠡ | ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠤᠨ ᠬᠡᠯᠲᠡᠰ︶᠂ | ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠭᠠᠵᠠᠷ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠬᠢᠭᠡᠳ | ᠤᠷᠠᠯᠢᠭ ᠤᠨ ᠬᠥᠮᠦᠵᠢᠯ ᠤᠨ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠮᠡᠳᠡᠭᠡ | ᠵᠠᠩᠭᠢᠴᠢᠯᠠᠯᠲᠠ ᠶᠢᠨ ᠭᠠᠵᠠᠷ᠂ ᠡᠷᠳᠡᠮ ᠤᠨ ᠴᠣᠯᠠ ᠶᠢᠨ ᠬᠠᠮᠢᠶᠠᠷᠤᠯᠲᠠ ᠬᠢᠭᠡᠳ ᠰᠤᠳᠤᠯᠬᠤ ᠰᠤᠷᠤᠭᠴᠢ ᠶᠢᠨ | ᠰᠤᠷᠭᠠᠨ ᠬᠥᠮᠦᠵᠢᠯ ᠤᠨ ᠭᠠᠵᠠᠷ ︵ᠥᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠺᠣᠮᠢᠰ ᠤᠨ ᠠᠯᠪᠠᠨ | ᠭᠡᠷ︶᠂ ᠬᠢᠲᠠᠳ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠬᠠᠮᠢᠶᠠᠷᠤᠯᠲᠠ ᠶᠢᠨ ᠭᠠᠵᠠᠷ ︵ᠥᠪᠡᠷᠲᠡᠭᠡᠨ | ᠵᠠᠰᠠᠬᠤ ᠣᠷᠣᠨ ᠤ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠤᠨ ᠺᠣᠮᠢᠰ ᠤᠨ ᠠᠯᠪᠠᠨ ᠭᠡᠷ︶᠂ | ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠬᠢᠭᠡᠳ ᠰᠣᠯᠢᠯᠴᠠᠭᠠᠨ ᠤ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶ᠎ᠠ᠂ | ᠠᠵᠢᠯ ᠠᠴᠠ ᠪᠠᠨ ᠠᠮᠠᠷᠠᠭᠰᠠᠳ ᠠᠵᠢᠯ ᠠᠴᠠ ᠪᠠᠨ ᠪᠠᠭᠤᠭᠰᠠᠳ ᠤᠨ ᠠᠵᠢᠯ ᠤᠨ ᠭᠠᠵᠠᠷ ᠢ ᠡᠭᠦᠷᠭᠡᠯᠡᠨ᠎ᠡ᠃ | | ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠵᠡᠭᠦᠨ ᠵᠡᠭᠡᠯᠢ ᠶᠢᠨ ᠳ᠋ᠢᠩ ᠰᠢᠶᠠᠩ | ᠵᠠᠮ ᠤᠨ 5 ᠳ᠋ᠤᠭᠠᠷ ᠨᠣᠮᠧᠷ | ᠰᠢᠤᠳᠠᠨ ᠨᠣᠮᠧᠷ᠄ 010011 | ᠠᠵᠢᠯᠯᠠᠬᠤ ᠴᠠᠭ᠄ 9᠄ 00 — 12᠄ 00 14᠄ 00 — 17᠄ 30 | ᠬᠠᠷᠢᠯᠴᠠᠬᠤ ᠠᠷᠭ᠎ᠠ ᠬᠡᠯᠪᠡᠷᠢ᠄ 0471 — 2856057 | ᠬᠠᠷᠢᠭᠤᠴᠠᠯᠭᠠᠲᠠᠨ᠄ ᠾᠧᠦ ᠶᠤᠸᠠᠨ | | | ᠬᠤᠶᠠᠳᠤᠭᠠᠷ ᠳᠡᠰ ᠤᠨ ᠨᠢᠭᠡᠴᠢ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠲᠥᠪ | ᠥᠪᠡᠷᠲᠡᠭᠡᠨ ᠵᠠᠰᠠᠬᠤ ᠣᠷᠣᠨ ᠤ ᠰᠤᠳᠤᠯᠬᠤ ᠰᠣᠷᠣᠭᠴᠢ ᠶᠢᠨ ᠰᠣᠷᠣᠭᠴᠢ ᠡᠯᠰᠡᠬᠦ ᠰᠢᠯᠭᠠᠯᠲᠠ᠂ ᠡᠩ ᠤᠨ | ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ᠂ ᠨᠠᠰᠤᠨ ᠳᠤ ᠭᠦᠷᠦᠭᠰᠡᠳ ᠤᠨ ᠳᠡᠭᠡᠳᠦ | ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠠᠵᠢᠯ ᠪᠠ ᠰᠣᠷᠣᠭᠴᠢ ᠡᠯᠰᠡᠬᠦ ᠠᠵᠢᠯ ᠢ ᠡᠭᠦᠷᠭᠡᠯᠡᠨ᠎ᠡ︔ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠲᠠᠪᠤᠨ ᠵᠢᠯ ᠤᠨ ᠳᠦᠷᠢᠮᠲᠦ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ︶ ᠶᠢᠨ ᠰᠣᠷᠣᠭᠴᠢ ᠡᠯᠰᠡᠬᠦ ᠠᠵᠢᠯ ᠢ ᠡᠭᠦᠷᠭᠡᠯᠡᠨ᠎ᠡ︔ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠥᠪᠡᠰᠦᠪᠡᠨ ᠰᠤᠷᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠶᠠᠪᠤᠳᠠᠯ ᠢ ᠡᠭᠦᠷᠭᠡᠯᠡᠨ᠎ᠡ︔ ᠶᠡᠭᠡ ᠰᠤᠷᠭᠠᠭᠤᠯᠢ ᠶᠢᠨ | ᠭᠠᠳᠠᠭᠠᠳᠤ ᠬᠡᠯᠡᠨ ᠤ ᠳᠥᠷᠪᠡᠨ ᠵᠢᠷᠭᠤᠳᠤᠭᠠᠷ ᠳᠡᠰ ᠤᠨ ᠰᠢᠯᠭᠠᠯᠲᠠ᠂ ᠺᠣᠮᠫᠢᠦ᠋ᠲ᠋ᠧᠷ ᠤᠨ ᠵᠡᠷᠭᠡ ᠳᠡᠰ ᠤᠨ | ᠰᠢᠯᠭᠠᠯᠲᠠ᠂ ᠪᠠᠭᠰᠢ ᠶᠢᠨ ᠬᠢᠷᠢ ᠬᠡᠮ ᠢ ᠦᠨᠡᠮᠰᠢᠨ ᠲᠣᠭᠲᠠᠭᠠᠬᠤ ︽ᠰᠤᠷᠭᠠᠨ ᠬᠥᠮᠦᠵᠢᠯ ᠤᠨ ᠤᠬᠠᠭᠠᠨ︾ ᠪᠠ | ︽ᠰᠤᠷᠭᠠᠨ ᠬᠥᠮᠦᠵᠢᠯ ᠤᠨ ᠰᠡᠳᠬᠢᠴᠡ ᠵᠦᠶ︾ ᠶᠢᠨ ᠰᠢᠯᠭᠠᠯᠲᠠ ᠵᠢᠴᠢ ᠪᠤᠰᠤᠳ ᠰᠤᠷᠤᠯᠭ᠎ᠠ ᠶᠢᠨ ᠨᠠᠮᠲᠠᠷ ᠤᠨ | ᠪᠤᠰᠤ ᠨᠡᠶᠢᠭᠡᠮ ᠤᠨ ᠰᠢᠯᠭᠠᠯᠲᠠ ᠶᠢᠨ ᠶᠠᠪᠤᠳᠠᠯ ᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠯᠢ ᠶᠢᠩ | | 2.ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠪᠠ ᠳᠤᠮᠳᠠ | ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠬᠢᠨᠠᠬᠤ | ᠺᠣᠮᠢᠰ ᠤᠨ ᠠᠯᠪᠠᠨ ᠭᠡᠷ | ᠪᠥᠬᠦ ᠣᠷᠣᠨ ᠤ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ | ᠰᠤᠷᠭᠠᠭᠤᠯᠢ ᠶᠢᠨ ᠮᠣᠩᠭᠤᠯ ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ | ᠣᠨ ᠤ ᠨᠠᠶᠢᠷᠠᠭᠤᠯᠤᠨ ᠣᠷᠴᠢᠭᠤᠯᠵᠤ ᠬᠡᠪᠯᠡᠭᠦᠯᠬᠦ ᠰᠡᠳᠦᠪ ᠰᠣᠩᠭᠤᠬᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠤᠯᠤᠰ ᠤᠨ ᠶᠡᠭᠡ | ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠵᠢᠭᠠᠬᠤ | ᠮᠠᠲ᠋ᠧᠷᠢᠶᠠᠯ ᠢ ᠬᠢᠨᠠᠨ ᠲᠣᠭᠲᠠᠭᠠᠬᠤ ᠪᠠ ᠪᠦᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠣᠩᠭᠤᠯ ᠵᠢᠭᠠᠬᠤ | ᠮᠠᠲ᠋ᠧᠷᠢᠶᠠᠯ ᠢ ᠬᠢᠨᠠᠨ ᠪᠠᠶᠢᠴᠠᠭᠠᠬᠤ ᠵᠡᠷᠭᠡ ᠠᠵᠢᠯ ᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠭᠡᠷᠡᠯᠲᠦ | | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠦᠨᠡᠯᠡᠨ ᠵᠢᠱᠢᠬᠦ ᠲᠥᠪ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠺᠣᠮᠢᠰ ᠪᠣᠯᠤᠨ | ᠰᠤᠷᠭᠠᠨ ᠬᠥᠮᠦᠵᠢᠯ ᠤᠨ ᠲᠢᠩᠬᠢᠮ ᠤᠨ ᠤᠳᠤᠷᠢᠳᠤᠯᠭ᠎ᠠ ᠳᠣᠤᠷ᠎ᠠ᠂ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠣᠨᠣᠯ ᠤᠨ ᠰᠤᠳᠤᠯᠭᠠᠨ ᠪᠠ ᠴᠢᠬᠤᠯᠠ ᠶᠡᠭᠡ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ | ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠵᠢᠷᠤᠵᠤ ᠲᠥᠯᠥᠪᠯᠡᠬᠦ ᠶᠢ ᠡᠭᠦᠷᠭᠡᠯᠡᠨ᠎ᠡ︔ ᠰᠤᠷᠭᠠᠨ ᠬᠥᠮᠦᠵᠢᠯ ᠤᠨ | ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮᠵᠢ ᠶᠢ ᠲᠡᠭᠦᠯᠳᠡᠷᠵᠢᠭᠦᠯᠦᠨ ᠪᠦᠷᠢᠨᠰᠢᠭᠦᠯᠬᠦ ᠶᠢᠨ ᠬᠠᠮᠲᠤ ᠰᠤᠷᠭᠠᠨ | ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠥᠷᠨᠢᠭᠦᠯᠦᠨ᠎ᠡ︔ ᠰᠤᠷᠭᠠᠨ ᠬᠥᠮᠦᠵᠢᠯ ᠤᠨ ᠰᠢᠮᠳᠠᠭᠤᠯᠤᠨ | ᠵᠢᠯᠣᠭᠤᠳᠬᠤ ᠮᠡᠳᠡᠭᠡ ᠵᠠᠩᠭᠢ ᠶᠢ ᠴᠤᠭᠯᠠᠭᠤᠯᠤᠨ ᠰᠢᠢᠳᠪᠦᠷᠢᠯᠡᠨ᠎ᠡ︔ ᠠᠶᠢᠮᠠᠭ ᠬᠤᠲᠠ᠂ ᠬᠤᠰᠢᠭᠤ ᠰᠢᠶᠠᠨ ︵ | ᠬᠤᠲᠠ ᠲᠣᠭᠤᠷᠢᠭ︶ ᠤ ᠵᠠᠰᠠᠭ ᠤᠨ ᠣᠷᠳᠣᠨ ᠵᠢᠴᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠠᠴᠠ ᠳᠡᠭᠡᠳᠦ ᠵᠡᠷᠭᠡ ᠶᠢᠨ ᠰᠤᠷᠭᠠᠨ ᠬᠥᠮᠦᠵᠢᠯ ᠬᠦᠷᠲᠡᠯᠡᠬᠢ ᠰᠢᠮᠳᠠᠭᠤᠯᠤᠨ ᠵᠢᠯᠣᠭᠤᠳᠬᠤ ᠦᠨᠡᠯᠡᠨ | ᠵᠢᠱᠢᠬᠦ ᠠᠵᠢᠯ ᠢ ᠪᠣᠳᠠᠲᠠᠶ ᠡᠭᠦᠷᠭᠡᠯᠡᠨ᠎ᠡ᠃ | ᠬᠠᠷᠢᠭᠤᠴᠠᠯᠭᠠᠲᠠᠨ᠄ ᠪᠠᠶ ᠶᠦᠩ ᠽᠧ | | 4. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ | ᠠᠵᠢᠯ ᠣᠯᠭᠤᠯᠲᠠ ᠶᠢᠨ ᠵᠢᠯᠣᠭᠤᠳᠬᠤ ᠲᠥᠪ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠰᠤᠳᠤᠯᠤᠯ ᠢ ᠵᠣᠬᠢᠶᠠᠨ | ᠪᠠᠶᠢᠭᠤᠯᠤᠨ ᠥᠷᠨᠢᠭᠦᠯᠬᠦ ᠶᠢᠨ ᠬᠠᠮᠲᠤ ᠯᠠᠪᠯᠠᠭ᠎ᠠ ᠶᠢᠨ ᠦᠢᠯᠡᠴᠢᠯᠡᠭᠡ ᠬᠠᠩᠭᠠᠨ᠎ᠠ︔ ᠪᠥᠬᠦ ᠣᠷᠣᠨ ᠤ ᠲᠡᠭᠦᠰᠬᠦ | ᠰᠤᠷᠤᠭᠴᠢᠳ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠭᠠᠷ ᠤᠲᠠᠰᠤ᠂ ᠨᠡᠶᠢᠲᠡᠯᠡᠬᠦ ᠪᠠ ᠬᠠᠮᠢᠶᠠᠷᠬᠤ | ᠠᠵᠢᠯ ᠢ ᠡᠭᠦᠷᠭᠡᠯᠡᠨ᠎ᠡ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠤᠷᠢᠵᠤ ᠡᠯᠰᠡᠬᠦ | ᠠᠵᠢᠯᠯᠠᠭ᠎ᠠ ᠶᠢ ᠵᠢᠷᠤᠮᠵᠢᠭᠤᠯᠤᠨ ᠵᠢᠯᠣᠭᠤᠳᠤᠨ᠎ᠠ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢᠨ ᠨᠣᠷᠮ᠎ᠠ ᠶᠢ ᠪᠦᠷᠢᠳᠬᠡᠬᠦ᠂ ᠬᠢᠨᠠᠨ ᠬᠡᠮᠵᠢᠬᠦ ᠪᠠ ᠨᠡᠶᠢᠲᠡᠯᠡᠬᠦ ᠠᠵᠢᠯ ᠢ | ᠡᠭᠦᠷᠭᠡᠯᠡᠨ᠎ᠡ︔ ᠪᠥᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠲᠥᠰᠦᠯ ᠢ ᠨᠠᠶᠢᠷᠠᠭᠤᠯᠤᠨ ᠵᠣᠬᠢᠶᠠᠬᠤ᠂ ᠬᠢᠷᠢ ᠬᠡᠮ ᠢ ᠬᠢᠨᠠᠨ ᠪᠠᠶᠢᠴᠠᠭᠠᠬᠤ ᠵᠢᠴᠢ ︽ᠠᠵᠢᠯ ᠣᠯᠭᠤᠯᠲᠠ ᠶᠢᠨ | ᠮᠡᠳᠡᠭᠦᠯᠦᠯᠲᠡ ᠶᠢᠨ ᠦᠨᠡᠮᠯᠡᠯ︾ ᠢ ᠬᠢᠨᠠᠨ ᠬᠠᠷᠭᠤᠭᠤᠯᠬᠤ᠂ ᠭᠠᠷ ᠤᠨ ᠥᠰᠥᠭ ᠵᠢᠷᠤᠵᠤ ᠣᠯᠭᠤᠬᠤ ᠠᠵᠢᠯ ᠢ | ᠡᠭᠦᠷᠭᠡᠯᠡᠨ᠎ᠡ︔ ᠪᠦᠬᠦ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠮᠡᠳᠡᠭᠡ ᠵᠠᠩᠭᠢᠴᠢᠯᠠᠯᠠᠲᠠ ᠶᠢᠨ ᠪᠠᠶᠢᠭᠤᠯᠤᠯᠲᠠ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠸᠠᠩ ᠵᠢᠶᠦ᠋ᠨ ᠸᠧᠶ | | 5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠭᠢ ᠶᠢᠨ | ᠲᠥᠪ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨᠵᠢᠭᠰᠠᠨ ᠰᠤᠷᠭᠠᠨ ᠬᠥᠮᠦᠵᠢᠯ ᠤᠨ | ᠣᠷᠳᠣᠨ︶ | ᠰᠤᠷᠭᠠᠨ ᠬᠥᠮᠦᠵᠢᠯ ᠤᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠮᠡᠷᠭᠡᠵᠢᠯ ᠤᠨ ᠪᠠᠷᠢᠮᠵᠢᠶ᠎ᠠ᠂ | ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠣᠷᠣᠨ ᠤ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠲᠣᠣᠷ ᠤᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ | ᠪᠠ ᠭᠤᠣᠯ ᠰᠦᠯᠵᠢᠶᠡᠨ ᠤ ᠠᠵᠢᠯᠯᠠᠭᠠᠨ ᠤ ᠬᠠᠮᠠᠭᠠᠯᠠᠯᠲᠠ ᠶᠢᠨ ᠠᠵᠢᠯ ᠢ ᠡᠭᠦᠷᠭᠡᠯᠡᠵᠦ᠂ ᠪᠥᠬᠦ ᠣᠷᠣᠨ ᠤ ᠰᠤᠷᠭᠠᠨ | ᠬᠥᠮᠦᠵᠢᠯ ᠤᠨ ᠬᠤᠲᠠ ᠶᠢᠨ ᠬᠡᠪᠴᠢᠶᠡᠨ ᠤ ᠰᠦᠯᠵᠢᠶ᠎ᠡ ᠪᠠ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ | ᠬᠦᠷᠢᠶᠡᠨ ᠤ ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠪᠥᠬᠦ ᠣᠷᠣᠨ ᠤ ᠶᠡᠭᠡ ᠳᠡᠭᠡᠳᠦ | ᠵᠡᠷᠭᠡ ᠶᠢᠨ ᠰᠤᠷᠭᠠᠭᠤᠯᠢ ᠶᠢᠨ ᠮᠡᠳᠡᠭᠡ ᠵᠠᠩᠭᠢᠴᠢᠯᠠᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠵᠣᠬᠢᠴᠠᠭᠤᠯᠤᠨ᠎ᠠ︔ ︽ᠥᠪᠥᠷ ᠮᠣᠩᠭᠤᠯ ᠤᠨ ᠰᠤᠷᠭᠠᠨ ᠬᠥᠮᠦᠵᠢᠯ︾ ᠤᠨ ᠫᠤᠷᠲ᠋ᠧᠯ ᠰᠦᠯᠵᠢᠶ᠎ᠡ᠂ ᠰᠤᠷᠭᠠᠨ | ᠬᠥᠮᠦᠵᠢᠯ ᠤᠨ ᠲᠢᠩᠬᠢᠮ ᠤᠨ ᠠᠵᠢᠯᠯᠠᠬᠤ ᠰᠦᠯᠵᠢᠶ᠎ᠡ ᠪᠠ ᠡᠯᠧᠺᠲᠷᠣᠨ ᠵᠠᠰᠠᠭ ᠤᠨ ᠶᠠᠪᠤᠳᠠᠯ ᠤᠨ ᠰᠢᠰᠲ᠋ᠧᠮ ᠤᠨ | ᠪᠠᠶᠢᠭᠤᠯᠤᠯᠲᠠ ᠬᠠᠮᠢᠶᠠᠷᠤᠯᠲᠠ᠂ ᠠᠵᠢᠯᠯᠠᠭᠠᠨ ᠢ ᠬᠠᠮᠠᠭᠠᠯᠠᠬᠤ ᠠᠵᠢᠯ ᠢ ᠡᠭᠦᠷᠭᠡᠯᠡᠨ᠎ᠡ︔ ᠣᠳᠣ ᠦᠶ᠎ᠡ ᠶᠢᠨ ᠰᠤᠷᠭᠠᠨ | ᠬᠥᠮᠦᠵᠢᠯ ᠤᠨ ᠮᠡᠷᠭᠡᠵᠢᠯ᠂ ᠮᠡᠳᠡᠭᠡ ᠵᠠᠩᠭᠢ ᠶᠢᠨ ᠮᠡᠷᠭᠡᠵᠢᠯ ᠤᠨ ᠰᠤᠳᠤᠯᠭᠠᠨ ᠤ ᠦᠷ᠎ᠡ ᠪᠦᠲᠦᠭᠡᠯ ᠪᠠ ᠲᠡᠷᠢᠭᠦᠨ ᠤ | ᠲᠤᠷᠰᠢᠯᠭ᠎ᠠ ᠶᠢ ᠤᠬᠠᠭᠤᠯᠤᠨ ᠳᠡᠯᠭᠡᠷᠡᠭᠦᠯᠵᠦ᠂ ᠰᠣᠯᠢᠯᠴᠠᠵᠤ᠂ ᠤᠳᠤ ᠦᠶ᠎ᠡ ᠶᠢᠨ ᠰᠤᠷᠭᠠᠨ ᠬᠥᠮᠦᠵᠢᠯ ᠤᠨ | ᠮᠡᠷᠭᠡᠵᠢᠯ ᠤᠨ ᠰᠢᠯᠢᠳᠡᠭ ᠦᠷ᠎ᠡ ᠪᠦᠲᠦᠭᠡᠯ ᠢ ᠬᠢᠨᠠᠨ ᠲᠣᠭᠲᠠᠭᠠᠬᠤ ᠠᠵᠢᠯ ᠢ ᠥᠷᠨᠢᠭᠦᠯᠦᠨ᠎ᠡ︔ ᠰᠠᠭᠤᠷᠢ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠣᠯᠠᠨ ᠵᠠᠭᠤᠴᠢᠳᠤ ᠡᠯᠧᠺᠲᠷᠣᠨ ᠲᠠᠭᠤ ᠳᠦᠷᠰᠦ ᠰᠢᠩᠭᠡᠭᠡᠯᠲᠡ ᠶᠢᠨ ᠵᠢᠭᠠᠬᠤ | ᠮᠠᠲ᠋ᠧᠷᠢᠶᠠᠯ ᠪᠠ ᠲᠣᠭᠠᠵᠢᠭᠰᠠᠨ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠮᠠᠲ᠋ᠧᠷᠢᠶᠠᠯ ᠦᠢᠯᠡᠳᠬᠦ᠂ ᠨᠡᠶᠢᠯᠡᠭᠦᠯᠬᠦ | ᠪᠠ ᠬᠡᠷᠡᠭᠯᠡᠬᠦ ᠶᠢ ᠡᠭᠦᠷᠭᠡᠯᠡᠨ᠎ᠡ︔ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠥᠮᠥᠷᠭᠡ ᠶᠢᠨ | ᠮᠣᠩᠭᠤᠯ ᠬᠡᠯᠡᠨ ᠤ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠮᠠᠲ᠋ᠧᠷᠢᠶᠠᠯ ᠦᠢᠯᠡᠳᠬᠦ᠂ ᠨᠡᠶᠢᠯᠡᠭᠦᠯᠬᠦ ᠪᠠ | ᠳᠠᠮᠵᠢᠭᠤᠯᠬᠤ ᠶᠢ ᠡᠭᠦᠷᠭᠡᠯᠡᠵᠦ᠂ ᠳᠠᠮᠵᠢᠭᠤᠯᠬᠤ ᠰᠢᠰᠲ᠋ᠧᠮ ᠤᠨ ᠲᠠᠪᠴᠠᠩ ᠤᠨ ᠮᠡᠷᠭᠡᠵᠢᠯ ᠤᠨ ᠳᠡᠮᠵᠢᠯᠭᠡ ᠪᠠ | ᠬᠠᠮᠠᠭᠠᠯᠠᠯᠲᠠ ᠵᠡᠷᠭᠡ ᠠᠵᠢᠯ ᠢ ᠡᠭᠦᠷᠭᠡᠯᠡᠨ᠎ᠡ︔ ᠪᠦᠬᠦ ᠣᠷᠣᠨ ᠤ ᠰᠠᠭᠤᠷᠢ ᠰᠤᠷᠭᠠᠨ ᠬᠥᠮᠦᠵᠢᠯ ᠤᠨ | ᠴᠠᠬᠢᠯᠭᠠᠨᠵᠢᠭᠰᠠᠨ ᠰᠤᠷᠭᠠᠨ ᠬᠥᠮᠦᠵᠢᠯ ᠤᠨ ᠡᠩᠨᠡᠭᠡᠨ ᠤ ᠬᠠᠮᠢᠶᠠᠷᠤᠯᠲᠠ ᠶᠢ ᠡᠭᠦᠷᠭᠡᠯᠡᠵᠦ᠂ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠭᠤᠯᠢ ᠳᠤ ᠰᠤᠷᠭᠠᠨ ᠬᠥᠮᠦᠵᠢᠯ ᠤᠨ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ | ᠬᠠᠩᠭᠠᠨ᠎ᠠ᠃ | ᠬᠠᠷᠢᠭᠤᠴᠠᠯᠭᠠᠲᠠᠨ᠄ ᠲᠢᠶᠠᠨ ᠶᠦᠩ ᠵᠢᠶᠠᠨ | | 6 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ | ᠬᠠᠮᠢᠶᠠᠷᠤᠯᠲᠠ ᠶᠢᠨ ᠲᠥᠪ | ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠤᠭᠴᠢᠳ ᠤᠨ ᠰᠤᠷᠤᠯᠭ᠎ᠠ ᠶᠢᠨ | ᠲᠡᠳᠬᠦᠮᠵᠢ ᠶᠢᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠡᠯ᠎ᠡ ᠲᠥᠷᠥᠯ ᠤᠨ | ᠰᠤᠷᠭᠠᠭᠤᠯᠢ ᠶᠢᠨ ᠲᠥᠷᠥ ᠶᠢᠨ ᠱᠠᠩᠨᠠᠯ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠢᠨᠠᠨ ᠬᠠᠷᠭᠤᠭᠤᠯᠬᠤ᠂ | ᠰᠢᠯᠭᠠᠨ ᠰᠣᠩᠭᠤᠬᠤ᠂ ᠬᠢᠨᠠᠨ ᠵᠥᠪᠰᠢᠶᠡᠷᠡᠬᠦ᠂ ᠣᠯᠭᠤᠬᠤ ᠵᠡᠷᠭᠡ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ | ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠪᠣᠯᠤᠨ ᠬᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠶ | ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠢ ᠭᠡᠯᠳᠦᠷᠢᠭᠦᠯᠬᠦ ᠪᠠᠯᠠ ᠮᠥᠩᠭᠦ ᠶᠢ ᠵᠣᠭᠤᠰ ᠢᠶᠠᠷ ᠲᠤᠰᠠᠯᠠᠬᠤ | ᠬᠠᠮᠢᠶᠠᠷᠤᠯᠲᠠ ᠶᠢ ᠡᠭᠦᠷᠭᠡᠯᠡᠨ᠎ᠡ︔ ᠥᠪᠡᠷᠲᠡᠭᠡᠨ ᠵᠠᠰᠠᠬᠤ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ ᠶᠢᠨ ᠰᠤᠷᠤᠭᠴᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠶᠢᠨ | ᠰᠤᠷᠤᠭᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ᠂ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ | ᠦᠭᠡᠢ ᠪᠠᠷ ᠬᠠᠩᠭᠠᠬᠤ ᠶᠢ ᠵᠣᠭᠤᠰ ᠢᠶᠠᠷ ᠲᠤᠰᠠᠯᠠᠬᠤ ᠬᠠᠮᠢᠶᠠᠷᠤᠯᠲᠠ ᠶᠢ ᠡᠭᠦᠷᠭᠡᠯᠡᠨ᠎ᠡ᠃ ᠶᠡᠭᠡ ᠳᠡᠭᠡᠳᠦ | ᠰᠤᠷᠭᠠᠭᠤᠯᠢ ᠶᠢᠨ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ | ᠬᠠᠭᠠᠬᠤ᠂ ᠶᠡᠭᠡ ᠳᠡᠭᠡᠳᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠠᠯᠪᠠᠨ ᠵᠢᠷᠤᠮ ᠤᠨ ᠴᠡᠷᠢᠭ ᠤᠨ ᠠᠯᠪᠠ | ᠬᠠᠭᠠᠬᠤ᠂ ᠴᠡᠷᠢᠭ ᠤᠨ ᠠᠯᠪᠠ ᠠᠴᠠ ᠪᠠᠭᠤᠭᠰᠠᠨ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ | ᠰᠤᠷᠤᠭᠴᠢᠳ ᠤᠨ ᠰᠤᠷᠤᠯᠭ᠎ᠠ ᠶᠢᠨ ᠰᠦᠢᠳᠬᠡᠯ ᠪᠠ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠥᠬᠦᠪᠥᠷᠢ | ᠵᠢᠴᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠠᠴᠠᠭ᠎ᠠ ᠲᠣᠰᠬᠤᠨ ᠳᠤ ᠰᠣᠩᠭᠤᠨ ᠤᠷᠢᠵᠤ ᠲᠤᠰᠢᠶᠠᠯ | ᠡᠭᠦᠷᠭᠡᠯᠡᠭᠦᠯᠦᠭᠰᠡᠨ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠥᠬᠦᠪᠥᠷᠢ ᠶᠢᠨ | ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠰᠤᠷᠭᠠᠭᠤᠯᠢ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠵᠣᠭᠤᠰ ᠢᠶᠠᠷ ᠲᠤᠰᠠᠯᠠᠬᠤ ᠬᠠᠮᠢᠶᠠᠷᠤᠯᠲᠠ ᠪᠠ ᠨᠡᠶᠢᠭᠡᠮ ᠤᠨ ᠪᠦᠯᠬᠦᠮ᠂ ᠠᠵᠤ ᠠᠬᠤᠶᠢᠯᠠᠯ ᠵᠡᠷᠭᠡ ᠶᠢᠨ ᠥᠪᠡᠷᠲᠡᠭᠡᠨ | ᠵᠠᠰᠠᠬᠤ ᠣᠷᠣᠨ ᠤ ᠰᠤᠷᠤᠯᠭ᠎ᠠ ᠶᠢᠨ ᠲᠡᠳᠬᠦᠮᠵᠢ ᠶᠢᠨ ᠬᠠᠮᠢᠶᠠᠷᠤᠯᠲᠠ ᠶᠢᠨ ᠲᠥᠪ ᠢᠶᠠᠷ ᠳᠠᠮᠵᠢᠨ ᠲᠤᠰᠠᠯᠠᠭᠰᠠᠨ | ᠶᠠᠳᠠᠭᠤ ᠬᠦᠴᠢᠷᠳᠡᠯᠲᠡᠶ ᠰᠤᠷᠤᠭᠴᠢ ᠶᠢ ᠵᠣᠭᠤᠰ ᠢᠶᠠᠷ ᠲᠤᠰᠠᠯᠠᠬᠤ᠂ ᠰᠢᠯᠢᠳᠡᠭ ᠰᠤᠷᠤᠭᠴᠢ ᠶᠢ ᠱᠠᠩᠨᠠᠬᠤ ᠪᠡᠯᠡ | ᠮᠥᠩᠭᠦ ᠶᠢᠨ ᠬᠠᠮᠢᠶᠠᠷᠤᠯᠲᠠ ᠶᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠸᠠᠩ ᠶᠦᠩ | | 7. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠠᠨ ᠰᠤᠷᠭᠠᠯᠲᠠ ᠶᠢᠨ ᠰᠤᠳᠤᠯᠬᠤ ᠲᠠᠰᠤᠭ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ | ᠰᠤᠷᠭᠠᠭᠤᠯᠢ᠂ ᠪᠠᠭᠰᠢ ᠶᠢᠨ ᠰᠤᠷᠭᠠᠭᠤᠯᠢ᠂ ᠪᠠᠭᠰᠢ ᠶᠢᠨ ᠳᠠᠪᠲᠠᠨ ᠪᠣᠯᠪᠠᠰᠤᠷᠠᠭᠤᠯᠬᠤ ᠰᠤᠷᠭᠠᠭᠤᠯᠢ᠂ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠤᠳᠤᠯᠭᠠᠨ ᠢ ᠥᠷᠨᠢᠭᠦᠯᠵᠦ᠂ | ᠰᠤᠷᠭᠠᠭᠤᠯᠢ ᠶᠢᠨ ᠵᠢᠭᠠᠨ ᠰᠤᠷᠭᠠᠬᠤ ᠠᠵᠢᠯ ᠢ ᠵᠢᠯᠣᠭᠤᠳᠤᠨ᠎ᠠ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠤᠨ ᠨᠢᠭᠡᠳᠦᠯᠲᠡᠶ ᠲᠥᠯᠥᠪᠵᠢᠭᠦᠯᠭᠡ ᠶᠢᠨ ᠳᠤᠤᠷ᠎ᠠ᠂ ᠬᠢᠴᠢᠶᠡᠯ ᠬᠥᠮᠥᠵᠢᠯ ᠤᠨ ᠪᠠᠭᠰᠢ ᠶᠢ | ᠪᠣᠯᠪᠠᠰᠤᠷᠠᠭᠤᠯᠬᠤ ᠠᠵᠢᠯ ᠢ ᠡᠭᠦᠷᠭᠡᠯᠡᠨ᠎ᠡ︔ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ | ᠵᠢᠯᠤᠭᠤᠳᠤᠯᠭ᠎ᠠ ᠳᠣᠣᠷ᠎ᠠ᠂ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠲᠦᠷᠦᠯ ᠤᠨ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠲᠤᠷᠰᠢᠯᠲᠠ ᠵᠢᠴᠢ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ︔ ᠣᠷᠣᠨ ᠨᠤᠲᠤᠭ ᠤᠨ | ᠬᠢᠴᠢᠶᠡᠯ ᠤᠨ ᠬᠡᠷᠡᠭᠵᠢᠭᠦᠯᠦᠯᠲᠡ ᠶᠢ ᠰᠤᠳᠤᠯᠤᠨ ᠵᠢᠯᠣᠭᠤᠳᠴᠤ᠂ ᠣᠷᠣᠨ ᠨᠤᠲᠤᠭ ᠤᠨ ᠬᠢᠴᠢᠶᠡᠯ ᠤᠨ ᠪᠠᠷᠢᠮᠵᠢᠶ᠎ᠠ ᠶᠢ | ᠨᠠᠶᠢᠷᠠᠭᠤᠯᠤᠨ ᠵᠣᠬᠢᠶᠠᠬᠤ᠂ ᠵᠠᠰᠠᠪᠤᠷᠢ ᠣᠷᠣᠭᠤᠯᠬᠤ ᠪᠠ ᠬᠢᠴᠢᠶᠡᠯ ᠤᠨ ᠵᠢᠭᠠᠬᠤ ᠮᠠᠲ᠋ᠧᠷᠢᠶᠠᠯ ᠵᠢᠴᠢ ᠵᠢᠭᠠᠨ | ᠰᠤᠷᠭᠠᠯᠲᠠ ᠶᠢᠨ ᠬᠠᠪᠰᠤᠷᠤᠨ ᠵᠢᠯᠣᠭᠤᠳᠣᠭᠴᠢ ᠳᠤ ᠶᠠᠰᠤ ᠴᠢᠨᠠᠷ ᠤᠨ ᠬᠢᠨᠠᠯᠲᠠ ᠪᠠ ᠦᠨᠡᠯᠡᠨ ᠵᠢᠱᠢᠯᠲᠡ ᠬᠢᠨ᠎ᠠ︔ | ᠰᠢᠨ᠎ᠡ ᠬᠢᠴᠢᠶᠡᠯ ᠢ ᠬᠡᠷᠡᠭᠵᠢᠭᠦᠯᠬᠦ ᠱᠠᠭᠠᠷᠳᠠᠯᠭ᠎ᠠ ᠶᠢ ᠦᠨᠳᠦᠰᠦᠯᠡᠨ᠂ ᠰᠤᠷᠭᠠᠭᠤᠯᠢ ᠶᠢᠨ ᠵᠢᠭᠠᠨ ᠰᠤᠷᠭᠠᠬᠤ | ᠬᠠᠮᠢᠶᠠᠷᠤᠯᠲᠠ ᠶᠢᠨ ᠦᠨᠡᠯᠡᠯᠲᠡ᠂ ᠪᠠᠭᠰᠢ ᠶᠢᠨ ᠵᠢᠭᠠᠨ ᠰᠤᠷᠭᠠᠬᠤ ᠠᠵᠢᠯᠯᠠᠭ᠎ᠠ ᠶᠢᠨ ᠦᠨᠡᠯᠡᠯᠲᠡ ᠵᠢᠴᠢ | ᠰᠤᠷᠤᠭᠴᠢᠳ ᠤᠨ ᠰᠤᠷᠤᠯᠭ᠎ᠠ ᠶᠢᠨ ᠦᠷ᠎ᠡ ᠪᠦᠲᠦᠮᠵᠢ ᠶᠢᠨ ᠦᠨᠡᠯᠡᠯᠲᠡ ᠶᠢ ᠴᠢᠩᠭᠠᠳᠬᠠᠨ᠎ᠠ︔ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠢᠯᠢᠳᠡᠭ ᠪᠠᠭᠰᠢ ᠶᠢᠨ ᠵᠢᠭᠠᠨ ᠰᠤᠷᠭᠠᠯᠲᠠ᠂ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠ ᠳᠡᠯᠭᠡᠷᠡᠭᠦᠯᠬᠦ ᠠᠵᠢᠯ ᠢ ᠡᠭᠦᠷᠭᠡᠯᠡᠨ᠎ᠡ︔ ᠵᠢᠭᠠᠨ | ᠰᠤᠷᠭᠠᠯᠲᠠ ᠶᠢᠨ ᠭᠤᠣᠯᠯᠠᠭᠴᠢ ᠬᠦᠴᠦᠨ ᠢ ᠬᠥᠮᠦᠵᠢᠭᠦᠯᠵᠦ᠂ ᠰᠢᠨᠵᠢᠯᠡᠭᠡᠨ ᠤ ᠵᠢᠭᠠᠨ ᠰᠤᠷᠭᠠᠯᠲᠠ ᠶᠢᠨ ᠠᠵᠢᠯᠯᠠᠭ᠎ᠠ | ᠶᠢ ᠵᠢᠯᠣᠭᠤᠳᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠮᠠᠲ᠋ᠧᠷᠢᠶᠠᠯ ᠢ | ᠰᠤᠳᠤᠯᠬᠤ ᠪᠠ ᠨᠠᠶᠢᠷᠠᠭᠤᠯᠤᠨ ᠪᠢᠴᠢᠵᠦ᠂ ᠵᠢᠭᠠᠨ ᠰᠤᠷᠭᠠᠯᠲᠠ᠂ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢᠨ | ᠲᠤᠷᠰᠢᠯᠭ᠎ᠠ ᠪᠠ ᠬᠦᠳᠡᠯᠦᠩᠭᠦᠢ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠤᠨ᠎ᠠ᠃ | ᠬᠠᠷᠢᠭᠤᠴᠠᠯᠭᠠᠲᠠᠨ᠄ ᠰᠦᠨ ᠪᠠᠶ ᠵᠢᠶᠦ᠋ᠨ | | 8 . ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ | ᠰᠤᠳᠤᠯᠬᠤ ᠭᠠᠵᠠᠷ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠪᠠ ᠬᠥᠭᠵᠢᠯᠲᠡ ᠶᠢᠨ ᠴᠢᠬᠤᠯᠠ | ᠶᠡᠭᠡ ᠠᠰᠠᠭᠤᠳᠠᠯ ᠢ ᠰᠤᠳᠤᠯᠬᠤ ᠯᠠᠪᠯᠠᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠦᠢᠯᠡᠴᠢᠯᠡᠭᠡ ᠶᠢ | ᠡᠭᠦᠷᠭᠡᠯᠡᠨ᠎ᠡ︔ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠳᠡᠯᠭᠡ ᠶᠢ ᠲᠦᠭᠡᠮᠡᠯᠵᠢᠭᠦᠯᠵᠦ᠂ | ᠪᠦᠬᠦ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠵᠤ᠂ | ᠵᠣᠬᠢᠴᠠᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠵᠢᠯᠣᠭᠤᠳᠤᠨ᠎ᠠ︔ ᠪᠦᠬᠦ ᠣᠷᠣᠨ ᠤ ᠴᠢᠨᠠᠷᠲᠠᠢ ᠰᠤᠷᠭᠠᠨ | ᠬᠥᠮᠦᠵᠢᠯ ᠤᠨ ᠡᠷᠳᠡᠮ ᠰᠢᠨᠵᠢᠯᠡᠭᠡᠨ ᠤ ᠠᠵᠢᠯᠯᠠᠭ᠎ᠠ ᠪᠠ ᠰᠤᠷᠭᠠᠨ ᠬᠥᠮᠥᠵᠢᠯ ᠤᠨ ᠮᠡᠳᠡᠭᠡ ᠵᠠᠩᠭᠢ ᠶᠢᠨ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ᠎ᠠ︔ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠳᠡᠯᠭᠡᠷᠡᠭᠦᠯᠵᠦ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ | ᠰᠤᠳᠤᠯᠭᠠᠨ ᠤ ᠦᠷ᠎ᠡ ᠪᠦᠲᠦᠭᠡᠯ ᠢ ᠬᠢᠨᠠᠨ ᠲᠣᠭᠲᠠᠭᠠᠬᠤ ᠪᠠ ᠰᠢᠯᠭᠠᠨ ᠲᠣᠭᠲᠠᠭᠠᠨ᠎ᠠ︔ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠠᠵᠢᠯᠲᠠᠨ ᠬᠢᠭᠡᠳ ᠪᠠᠭᠰᠢ ᠶᠢᠨ ᠣᠳᠣ ᠦᠶ᠎ᠡ ᠶᠢᠨ ᠰᠤᠷᠭᠠᠨ ᠬᠥᠮᠥᠵᠢᠯ ᠤᠨ ᠦᠵᠡᠯ ᠰᠠᠨᠠᠭ᠎ᠠ | ᠪᠠ ᠣᠳᠣ ᠦᠶ᠎ᠡ ᠶᠢᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠡᠭᠦᠷᠭᠡᠯᠡᠨ᠎ᠡ︔ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠲᠥᠯᠥᠪᠵᠢᠭᠦᠯᠭᠡ ᠶᠢᠨ | ᠰᠡᠳᠦᠪ ᠤᠨ ᠰᠡᠳᠦᠪ ᠲᠣᠭᠲᠠᠭᠠᠬᠤ᠂ ᠵᠢᠯᠣᠭᠤᠳᠬᠤ᠂ ᠶᠠᠪᠤᠴᠠ ᠬᠢᠭᠡᠳ ᠰᠡᠳᠦᠪ ᠳᠠᠭᠤᠰᠬᠠᠬᠤ ᠬᠠᠮᠢᠶᠠᠷᠤᠯᠲᠠ ᠶᠢᠨ | ᠠᠵᠢᠯ ᠢ ᠡᠭᠦᠷᠭᠡᠯᠡᠨ᠎ᠡ︔ ︽ᠥᠪᠥᠷ ᠮᠣᠩᠭᠤᠯ ᠤᠨ ᠰᠤᠷᠭᠠᠨ ᠬᠥᠮᠦᠵᠢᠯ︾ ︵ᠮᠣᠩᠭᠤᠯ ᠬᠡᠪᠯᠡᠯ︶ ᠰᠡᠳᠬᠦᠯ ᠤᠨ | ᠨᠠᠶᠢᠷᠠᠭᠤᠯᠬᠤ᠂ ᠬᠡᠪᠯᠡᠭᠦᠯᠬᠦ ᠪᠠ ᠲᠠᠷᠬᠠᠭᠠᠬᠤ ᠡᠭᠦᠷᠭᠡ ᠶᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠯᠢᠦ ᠶᠠᠨ ᠽᠧ | | 9. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠣᠨᠤᠭ | ᠲᠥᠬᠦᠭᠡᠷᠦᠮᠵᠢ ᠶᠢᠨ ᠮᠡᠷᠭᠡᠵᠢᠯ ᠤᠨ ᠲᠥᠪ | ᠰᠤᠷᠭᠠᠨ ᠬᠥᠮᠦᠵᠢᠯ ᠤᠨ ᠮᠡᠷᠭᠡᠵᠢᠯ ᠤᠨ ᠲᠣᠨᠤᠭ ᠲᠥᠬᠦᠭᠡᠷᠦᠮᠵᠢ᠂ ᠳᠤᠮᠳᠠᠳᠤ ᠪᠠᠭ᠎ᠠ ᠰᠤᠷᠭᠠᠭᠤᠯᠢ ᠶᠢᠨ | ᠲᠤᠷᠰᠢᠯᠲᠠ ᠶᠢᠨ ᠲᠠᠰᠤᠭ᠂ ᠨᠣᠮ ᠤᠨ ᠰᠠᠩ ︵ᠲᠠᠰᠤᠭ︶ ᠵᠢᠴᠢ ᠡᠯ᠎ᠡ ᠲᠥᠷᠥᠯ ᠤᠨ ᠴᠢᠳᠠᠮᠵᠢᠲᠤ ᠬᠢᠴᠢᠶᠡᠯ ᠤᠨ | ᠬᠡᠷ ᠤᠨ ᠪᠠᠷᠢᠮᠵᠢᠶᠠᠵᠢᠭᠤᠯᠤᠯᠲᠠ ᠶᠢᠨ ᠪᠠᠶᠢᠭᠤᠯᠤᠯᠲᠠ ᠵᠢᠴᠢ ᠬᠠᠷᠢᠴᠠᠩᠭᠤᠢ ᠪᠦᠬᠦᠢ ᠪᠠᠶᠢᠴᠠᠭᠠᠬᠤ᠂ ᠵᠢᠯᠣᠭᠤᠳᠬᠤ᠂ | ᠦᠨᠡᠯᠡᠨ ᠵᠢᠱᠢᠬᠦ ᠠᠵᠢᠯ ᠢ ᠡᠭᠦᠷᠭᠡᠯᠡᠨ᠎ᠡ︔ ᠲᠤᠷᠰᠢᠯᠲᠠ ᠶᠢᠨ ᠵᠢᠭᠠᠨ ᠰᠤᠷᠭᠠᠯᠲᠠ ᠶᠢᠨ ᠰᠤᠳᠤᠯᠭᠠᠨ ᠢ | ᠦᠷᠨᠢᠭᠦᠯᠦᠨ᠎ᠡ︔ ᠲᠤᠷᠰᠢᠯᠲᠠ ᠶᠢᠨ ᠲᠠᠰᠤᠭ ᠤᠨ ᠬᠠᠮᠢᠶᠠᠷᠤᠯᠲᠠ ᠪᠠ ᠲᠤᠷᠰᠢᠯᠲᠠ ᠶᠢᠨ ᠪᠠᠭᠰᠢ᠂ ᠨᠣᠮ ᠤᠨ ᠰᠠᠩ | ︵ᠲᠠᠰᠤᠭ︶ ᠵᠢᠴᠢ ᠴᠢᠳᠠᠮᠵᠢᠲᠤ ᠬᠢᠴᠢᠶᠡᠯ ᠤᠨ ᠬᠡᠷ ᠤᠨ ᠠᠵᠢᠯᠲᠠᠨ ᠤ ᠪᠣᠯᠪᠠᠰᠤᠷᠠᠭᠤᠯᠤᠯ ᠤᠨ ᠠᠵᠢᠯ ᠢ | ᠡᠭᠦᠷᠭᠡᠯᠡᠨ᠎ᠡ︔ ᠰᠤᠷᠭᠠᠨ ᠬᠥᠮᠦᠵᠢᠯ ᠤᠨ ᠰᠢᠰᠲ᠋ᠧᠮ ᠤᠨ ᠲᠤᠰᠬᠠᠶ ᠬᠡᠷᠡᠭᠯᠡᠭᠡᠨ ᠤ ᠬᠡᠮᠵᠢᠭᠦᠷᠯᠢᠭ ᠲᠥᠬᠦᠭᠡᠷᠦᠮᠵᠢ ᠶᠢ | ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠶᠠᠰᠤ ᠴᠢᠨᠠᠷ ᠢ ᠪᠠᠶᠢᠴᠠᠭᠠᠨ ᠰᠢᠯᠭᠠᠬᠤ ᠵᠡᠷᠭᠡ ᠠᠵᠢᠯ ᠢ ᠵᠣᠬᠢᠶᠠᠨ | ᠪᠠᠶᠢᠭᠤᠯᠤᠨ᠎ᠠ᠃ | ᠬᠠᠷᠢᠭᠤᠴᠠᠯᠭᠠᠲᠠᠨ᠄ ᠵᠠᠩ ᠰᠢᠶᠤᠤ | | 10. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ | ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ︔ ᠲᠡᠷᠭᠡ | ᠬᠥᠰᠬᠡ ᠵᠡᠷᠭᠡ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠬᠠᠮᠢᠶᠠᠷᠬᠤ᠂ ᠬᠠᠮᠠᠭᠠᠯᠠᠬᠤ ᠠᠵᠢᠯ ᠢ ᠡᠭᠦᠷᠭᠡᠯᠡᠨ᠎ᠡ︔ | ᠠᠵᠢᠯᠯᠠᠬᠤ ᠣᠷᠣᠨ ᠪᠦᠰᠡ ᠵᠢᠴᠢ ᠬᠠᠮᠢᠶ᠎ᠠ ᠪᠦᠬᠦᠢ ᠣᠷᠣᠨ ᠪᠦᠰᠡ ᠶᠢᠨ ᠠᠳᠠᠯ ᠠᠬᠤᠢ ᠶᠢᠨ ᠬᠠᠮᠢᠶᠠᠷᠤᠯᠲᠠ ᠶᠢ | ᠡᠭᠦᠷᠭᠡᠯᠡᠨ᠎ᠡ︔ ᠪᠠᠶᠢᠭᠤᠯᠭ᠎ᠠ ᠶᠢᠨ ᠠᠮᠤᠷ ᠲᠦᠪᠰᠢᠨ ᠢ ᠬᠠᠮᠠᠭᠠᠯᠠᠬᠤ᠂ ᠶᠡᠷᠦᠩᠬᠡᠶᠢᠯᠡᠨ ᠵᠠᠰᠠᠬᠤ ᠵᠡᠷᠭᠡ ᠬᠤᠯᠪᠣᠭᠳᠠᠯ | ᠪᠦᠬᠦᠢ ᠠᠵᠢᠯ ᠢ ᠡᠭᠦᠷᠭᠡᠯᠡᠨ᠎ᠡ᠃ | ᠬᠠᠷᠢᠭᠤᠴᠠᠯᠭᠠᠲᠠᠨ᠄ ᠶᠠᠩ ᠢᠦᠶ ᠨᠢᠶᠠᠨ | | |