ᠦᠪᠦᠷ ᠵᠠᠰᠠᠭ ᠠᠯᠪᠠᠨ ᠲᠠᠷᠬᠠᠭᠠᠨᠨᠰᠠᠨ ﹇2020﹈ 12 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠬᠡᠴᠢ ᠳᠤ᠄ | ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ | ᠠᠷᠠᠯᠵᠢᠶᠠᠯᠠᠬᠤ ᠶᠢ ᠪᠥᠬᠦ ᠲᠠᠯ᠎ᠠ ᠪᠠᠷ ᠴᠠᠭᠠᠵᠠᠯᠠᠬᠤ᠂ ᠬᠡᠭᠡᠷ᠎ᠡ ᠶᠢᠨ ᠠᠮᠢᠲᠠᠨ ᠢ ᠲᠤᠷ᠎ᠠ ᠪᠠᠷ ᠢᠳᠡᠬᠦ ᠮᠠᠭᠤ ᠮᠠᠭᠤᠬᠠᠢ | ᠳᠠᠳᠬᠠᠯ ᠢ ᠠᠷᠢᠯᠭᠠᠬᠤ ᠪᠠ ᠠᠷᠠᠳ ᠣᠯᠠᠨ ᠤ ᠠᠮᠢ ᠨᠠᠰᠤᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ | ᠪᠠᠲᠤᠯᠠᠬᠤ ᠲᠤᠬᠠᠶ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠲᠣᠭᠲᠠᠭᠠᠯ︾ ︵2020 ᠣᠨ ᠤ 2 ᠳ᠋ᠤᠭᠠᠷ ᠰᠠᠷ᠎ᠠ ᠶᠢᠨ 24 ᠤ ᠡᠳᠦᠷ ᠤᠨ ᠠᠷᠪᠠᠨ ᠭᠤᠷᠪᠠᠳᠤᠭᠠᠷ | ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠵᠢᠷᠭᠤᠳᠤᠭᠠᠷ ᠬᠤᠷᠠᠯᠳᠤᠭᠠᠨ ᠠᠴᠠ ᠪᠠᠲᠤᠯᠠᠪᠠ᠂ ᠳᠣᠷᠣᠭᠰᠢ ︽ᠲᠣᠭᠲᠠᠭᠠᠯ︾ ᠭᠡᠵᠦ | ᠲᠣᠪᠴᠢᠯᠠᠨ᠎ᠠ︶ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠬᠡᠷᠡᠭᠵᠢᠬᠦᠯᠵᠦ᠂ ᠪᠦᠬᠦ ᠨᠡᠶᠢᠭᠡᠮ ᠤᠨ ᠠᠮᠢ ᠠᠬᠤᠢ ᠶᠢ | ᠬᠠᠮᠠᠭᠠᠯᠠᠬᠤ ᠤᠬᠠᠮᠰᠠᠷ ᠢ ᠨᠢ ᠴᠢᠩᠭᠠᠳᠬᠠᠨ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠮᠠᠭᠤᠬᠠᠢ | ᠳᠠᠳᠬᠠᠯ ᠢ ᠠᠷᠢᠯᠭᠠᠵᠤ᠂ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠨ᠂ ᠠᠮᠢ ᠠᠬᠤᠢ ᠶᠢᠨ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠦ᠂ ᠬᠥᠮᠦᠨ ᠪᠠᠶᠢᠭᠠᠯᠢ ᠶᠢᠨ ᠡᠶ᠎ᠡ ᠵᠤᠬᠢᠴᠠᠯ ᠲᠠᠢ ᠬᠠᠮᠲᠤ ᠣᠷᠣᠰᠢᠬᠤ ᠶᠢ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ᠃ | ᠨᠢᠬᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠦ ᠤᠳᠤᠷᠢᠳᠬᠤ ᠪᠠᠨ | ᠴᠢᠩᠭᠠᠳᠬᠠᠬᠤ ᠬᠡᠷᠡᠭᠳᠡᠢ | ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠳᠤᠷ᠎ᠠ ᠪᠠᠷ ᠢᠳᠡᠬᠦ ᠨᠢ ᠬᠡᠭᠡᠷ᠎ᠡ ᠶᠢᠨ | ᠠᠮᠢᠲᠠᠨ ᠤ ᠳᠦᠷᠰᠦ ᠶᠢᠨ ᠰᠦᠷᠦᠭ ᠪᠠ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠳᠤ ᠬᠤᠤᠷ ᠬᠥᠨᠥᠭᠡᠯ | ᠤᠴᠠᠷᠠᠭᠤᠯᠵᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠪᠠ ᠠᠷᠠᠳ ᠤᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠤ ᠳᠤ ᠬᠦᠨᠳᠦ ᠶᠡᠭᠡ ᠭᠡᠮ ᠰᠤᠭᠤᠭ ᠠᠪᠴᠢᠷᠠᠬᠤ ᠪᠤᠯᠤᠨ᠎ᠠ᠃ ᠨᠠᠮ ᠤᠨ ᠲᠥᠪ | ᠬᠤᠷᠢᠶ᠎ᠠ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠶᠡᠷᠦᠩᠬᠡᠢ ᠱᠦᠵᠢ ᠰᠢ ᠶᠢᠨ ᠫᠢᠩ ᠤᠯᠠᠨᠳᠠ | ᠴᠢᠬᠤᠯᠠ ᠵᠢᠭᠠᠪᠤᠷᠢ ᠴᠣᠬᠤᠯᠠᠪᠤᠷᠢ ᠭᠠᠷᠭᠠᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠵᠦ | ᠪᠠᠶᠢᠭ᠎ᠠ ᠡᠨᠡᠬᠦ ᠳᠣᠪᠤᠶᠢᠮ᠎ᠠ ᠠᠰᠠᠭᠤᠳᠠᠯ ᠢ ᠭᠤᠤᠯᠳᠠᠭᠤᠯᠤᠨ ᠠᠩᠬᠠᠷᠴᠤ ︽ᠲᠤᠨᠨᠳᠠᠭᠠᠯ︾ ᠢ ᠭᠠᠷᠭᠠᠨᠨᠰᠠᠨ ᠪᠠᠶᠢᠨ᠎ᠠ᠂ | ᠡᠨᠡ ᠨᠢ ᠬᠡᠭᠡᠷ᠎ᠡ ᠶᠢᠨ ᠠᠮᠢᠲᠠᠨ ᠢᠳᠡᠬᠦ ᠶᠢ ᠪᠦᠬᠦ ᠲᠠᠯ᠎ᠠ ᠪᠠᠷ ᠴᠠᠭᠠᠵᠠᠯᠠᠨ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ | ᠪᠠᠷ ᠠᠷᠠᠯᠵᠢᠶᠠᠯᠠᠬᠤ ᠳᠤ ᠴᠢᠩᠭ᠎ᠠ ᠴᠣᠬᠢᠯᠲᠠ ᠥᠭᠴᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠬᠢᠵᠠᠭᠠᠷᠯᠠᠬᠤ ᠳᠤ ᠬᠦᠴᠦᠲᠡᠶ ᠬᠠᠤᠯᠢ | ᠲᠦᠷᠢᠮ ᠤᠨ ᠪᠠᠲᠤᠯᠠᠭ᠎ᠠ ᠬᠠᠩᠭᠠᠪᠠ᠃ ᠮᠠᠨ ᠤ ᠣᠷᠣᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠤᠨ ᠲᠣᠮᠣ ᠣᠷᠣᠨ | ᠪᠣᠯᠤᠭᠰᠠᠨ ᠤ ᠬᠤᠪᠢ ᠳᠤ᠂ ᠬᠡᠭᠡᠷ᠎ᠡ ᠶᠢᠨ ᠠᠮᠢᠲᠠᠨ ᠢᠳᠡᠬᠦ ᠶᠢ ᠴᠠᠭᠠᠵᠠᠯᠠᠬᠤ᠂ ᠬᠠᠤᠯᠢ ᠪᠤᠰᠤ ᠪᠠᠷ ᠠᠷᠠᠯᠵᠢᠶᠠᠯᠠᠬᠤ | ᠵᠠᠬ᠎ᠠ ᠳᠡᠯᠭᠡᠭᠦᠷ ᠢ ᠭᠦᠴᠦᠨ ᠦᠬᠡᠢ ᠪᠤᠯᠭᠠᠬᠤ ᠠᠵᠢᠯ ᠢ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠭᠦᠨᠳᠦ ᠶᠡᠭᠡ᠂ | ᠴᠠᠯᠠᠭᠠᠶᠢᠷᠠᠵᠤ ᠪᠤᠯᠤᠰᠢ ᠦᠭᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ ᠤᠯᠤᠰ | ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠷᠠᠭᠤᠯᠤᠨ᠂ ᠵᠠᠰᠠᠭ ᠤᠨ ᠣᠷᠳᠣᠨ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ | ᠬᠠᠮᠢᠶᠠᠷᠬᠤ᠂ ᠡᠵᠡᠩᠨᠡᠯᠲᠡ ᠶᠢᠨ ᠭᠤᠤᠯ ᠴᠣᠭᠴᠠ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ︽ᠲᠣᠭᠲᠠᠭᠠᠯ︾ | ᠤᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠬᠡᠷᠡᠭᠵᠢᠬᠦᠯᠬᠦ ᠬᠡᠷᠡᠭᠳᠡᠢ᠃ | ᠬᠤᠶᠠᠷ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ ᠴᠢᠩᠭᠠᠳᠬᠠᠵᠦ᠂ ᠠᠵᠢᠯ ᠤᠨ | ᠨᠡᠶᠢᠯᠡᠮᠡᠯ ᠬᠦᠴᠦᠨ ᠢ ᠪᠤᠢ ᠪᠤᠯᠭᠠᠬᠤ ᠬᠡᠷᠡᠭᠳᠡᠢ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠬᠡᠭᠡᠷ᠎ᠡ ᠶᠢᠨ ᠠᠮᠢᠲᠠᠨ ᠢ ᠬᠠᠤᠯᠢ | ᠪᠤᠰᠤ ᠪᠠᠷ ᠠᠷᠠᠯᠵᠢᠶᠠᠯᠠᠬᠤ᠂ ᠢᠳᠡᠬᠦ ᠶᠢ ᠴᠠᠭᠠᠵᠠᠯᠠᠬᠤ ᠪᠠ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠠᠵᠢᠯ ᠳᠠᠬᠢ | ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠭᠤᠤᠯ ᠴᠣᠭᠴᠠ ᠶᠢ | ᠲᠤᠳᠤᠷᠬᠠᠶᠢᠯᠠᠨ᠂ ᠬᠠᠤᠯᠢ ᠬᠡᠷᠡᠭᠵᠢᠭᠦᠯᠬᠦ ᠬᠠᠮᠢᠶᠠᠷᠤᠯᠳᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠤᠬᠢᠶᠠᠨ ᠪᠠᠶᠢᠭᠤᠯᠵᠤ ᠵᠤᠬᠢᠴᠠᠭᠤᠯᠤᠨ ᠰᠢᠮᠳᠠᠭᠤᠯᠵᠤ ᠪᠠᠶᠢᠭᠠᠳ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠨᠢ ᠬᠠᠤᠯᠢ ᠶᠣᠰᠣᠭᠠᠷ ᠭᠦᠢᠴᠡᠳᠬᠡᠯᠬᠡᠬᠦ ᠬᠡᠷᠡᠭᠲᠡᠶ᠃ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ | ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠢ ᠰᠢᠭᠤᠶ ᠡᠪᠡᠰᠦ ᠪᠡᠯᠴᠢᠭᠡᠷ᠂ ᠳᠣᠲᠣᠭᠠᠳᠤ ᠶᠢ ᠬᠠᠮᠠᠭᠠᠯᠠᠬᠤ | ᠵᠢᠴᠢ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ᠂ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠪᠠ ᠢᠳᠡᠬᠦ ᠶᠢ ᠴᠠᠭᠠᠵᠠᠯᠠᠬᠤ ᠲᠠᠯ᠎ᠠ ᠪᠠᠷ | ᠬᠢ ᠬᠢᠨᠠᠯᠳᠠ ᠬᠠᠮᠢᠶᠠᠷᠤᠯᠳᠠ ᠶᠢ ᠬᠠᠤᠯᠢ ᠶᠣᠰᠣᠭᠠᠷ ᠬᠠᠷᠢᠭᠤᠴᠠᠬᠤ ᠬᠡᠷᠡᠭᠳᠡᠢ᠃ ᠣᠢ ᠰᠢᠭᠤᠶ ᠨᠤᠲᠤᠭ | ᠪᠡᠯᠴᠢᠭᠡᠷ ᠤᠨ ᠰᠠᠯᠠᠭ᠎ᠠ ᠮᠥᠴᠢᠷ ᠨᠢ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠡᠬᠢ ᠪᠠᠶᠠᠯᠢᠭ ᠢ ᠰᠤᠳᠤᠯᠤᠨ | ᠪᠠᠶᠢᠴᠠᠭᠠᠬᠤ᠂ ᠬᠢᠨᠠᠨ ᠰᠢᠨᠵᠢᠬᠦ ᠪᠠ ᠬᠡᠭᠡᠷ᠎ᠡ ᠭᠠᠳᠠᠨᠠᠬᠢ ᠳᠦᠷᠰᠦ ᠶᠢᠨ ᠰᠦᠷᠦᠭ ᠢ ᠬᠠᠮᠠᠭᠠᠯᠠᠬᠤ᠂ ᠬᠠᠭᠤᠷᠠᠶ ᠶᠢᠨ | ᠬᠡᠭᠡᠷ᠎ᠡ ᠶᠢᠨ ᠠᠮᠢᠲᠠᠨ ᠤ ᠬᠡᠮ ᠬᠢᠵᠢᠭ ᠢ ᠬᠢᠨᠠᠨ ᠰᠢᠨᠵᠢᠬᠦ ᠪᠠ ᠰᠡᠷᠭᠡᠶᠢᠯᠡᠨ ᠡᠵᠡᠮᠳᠡᠬᠦ᠂ ᠰᠢᠨᠵᠢᠯᠡᠬᠦ ᠤᠬᠠᠭᠠᠨ ᠤ | ᠰᠤᠳᠤᠯᠤᠯ ᠬᠢᠬᠦ᠂ ᠡᠮ ᠤᠨ ᠨᠠᠶᠢᠷᠠᠯᠭ᠎ᠠ ᠳᠤ ᠬᠡᠷᠡᠭᠯᠡᠬᠦ᠂ ᠳᠡᠯᠭᠡᠨ ᠦᠵᠡᠭᠦᠯᠬᠦ ᠵᠡᠷᠭᠡ ᠢᠳᠡᠭᠡᠨ ᠤ ᠪᠤᠰᠤ ᠴᠢᠨᠠᠷ ᠤᠨ | ᠠᠰᠢᠨᠨᠯᠠᠯᠳᠠ ᠶᠢᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠪᠠ ᠬᠢᠨᠠᠯᠳᠠ ᠬᠠᠮᠢᠶᠠᠷᠤᠯᠳᠠ ᠶᠢᠨ ᠠᠵᠢᠯ ᠢ | ᠬᠠᠷᠢᠭᠤᠴᠠᠬᠤ ᠬᠡᠷᠡᠭᠳᠡᠢ︔ ᠲᠠᠷᠢᠶᠠᠯᠠᠩ ᠮᠠᠯ ᠠᠵᠤ ᠠᠬᠤᠢ ᠪᠠ ᠭᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ | ᠮᠥᠴᠢᠷ ᠨᠢ ᠤᠰᠤᠨ ᠤ ᠬᠡᠭᠡᠷ᠎ᠡ ᠶᠢᠨ ᠠᠮᠢᠲᠠᠨ ᠪᠠ ᠭᠡᠷ ᠤᠨ ᠵᠢᠭᠦᠷᠲᠡᠨ ᠲᠡᠵᠢᠬᠡᠪᠦᠷᠢ ᠶᠢᠨ ᠬᠡᠮ ᠬᠢᠵᠢᠭ ᠢ | ᠰᠡᠷᠭᠡᠶᠢᠯᠡᠬᠦ ᠵᠢᠴᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠠᠭᠤᠷᠠᠶ ᠶᠢᠨ ᠬᠡᠭᠡᠷ᠎ᠡ ᠶᠢᠨ ᠠᠮᠢᠲᠠᠨ ᠤ ᠬᠡᠮ | ᠬᠢᠵᠢᠭ ᠢ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠭᠦᠷᠬᠡᠯᠡᠬᠦ ᠬᠡᠷᠡᠭᠳᠡᠢ︔ ᠵᠠᠬ᠎ᠠ ᠳᠡᠯᠭᠡᠭᠦᠷ ᠤᠨ ᠬᠢᠨᠠᠯᠳᠠ | ᠬᠠᠮᠢᠶᠠᠷᠤᠯᠳᠠ ᠶᠢᠨ ᠰᠠᠯᠠᠭ᠎ᠠ ᠮᠥᠴᠢᠷ ᠨᠢ ᠴᠤᠭᠯᠠᠭ᠎ᠠ ᠮᠠᠶᠢᠮᠠᠶ ᠳᠠᠬᠢ ᠬᠡᠭᠡᠷ᠎ᠡ ᠶᠢᠨ ᠠᠮᠢᠲᠠᠨ ᠵᠢᠴᠢ ᠲᠡᠭᠦᠨ ᠢᠶᠠᠷ | ᠬᠢᠭᠰᠡᠨ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠬᠤ᠂ ᠡᠳ᠋ᠰᠢᠬᠦᠯᠦᠨ ᠪᠣᠯᠪᠠᠰᠤᠷᠠᠭᠤᠯᠬᠤ ᠪᠠ | ᠪᠤᠷᠤᠯᠠᠭᠤᠯᠤᠨ ᠬᠤᠳᠠᠯᠳᠤᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠶᠢᠳᠪᠦᠷᠢᠯᠡᠵᠦ᠂ ᠰᠦᠯᠵᠢᠶ᠎ᠡ | ᠪᠠᠷ ᠬᠢᠨᠠᠨ ᠬᠠᠮᠢᠶᠠᠷᠬᠤ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠰᠦᠯᠵᠢᠶᠡᠨ ᠤ ᠠᠷᠠᠯᠵᠢᠶᠠᠨ ᠤ ᠲᠠᠪᠴᠠᠩ ᠳᠤ | ᠬᠠᠨᠳᠤᠯᠭ᠎ᠠ ᠲᠠᠢ ᠪᠠᠷ ᠬᠢᠨᠠᠨ ᠰᠢᠨᠵᠢᠬᠦ ᠠᠵᠢᠯ ᠦᠷᠨᠢᠬᠦᠯᠬᠦ ᠶᠢ ᠬᠠᠷᠢᠭᠤᠴᠠᠬᠤ ᠬᠡᠷᠡᠭᠳᠡᠢ︔ ᠳᠣᠲᠣᠭᠠᠳᠤ ᠶᠢ | ᠬᠠᠮᠠᠭᠠᠯᠠᠬᠤ ᠰᠠᠯᠠᠭ᠎ᠠ ᠮᠥᠴᠢᠷ ᠨᠢ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠶᠠᠨ ᠠᠩᠨᠠᠬᠤ᠂ ᠬᠠᠤᠯᠢ ᠪᠤᠰᠤ ᠪᠠᠷ | ᠠᠷᠠᠯᠵᠢᠶᠠᠯᠠᠬᠤ᠂ ᠲᠡᠭᠡᠭᠡᠪᠦᠷᠢᠯᠡᠬᠦ ᠪᠠ ᠢᠳᠡᠬᠦ ᠵᠡᠷᠭᠡ ᠬᠠᠤᠯᠢ ᠠᠴᠠ ᠵᠥᠷᠢᠴᠡᠭᠰᠡᠨ ᠡᠯ᠎ᠡ ᠲᠦᠷᠦᠯ ᠤᠨ ᠶᠠᠯᠠᠲᠤ | ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠠᠵᠢᠯ ᠢ ᠬᠠᠷᠢᠭᠤᠴᠠᠬᠤ ᠬᠡᠷᠡᠭᠲᠡᠶ᠃ | ᠭᠤᠷᠪᠠ᠂ ᠬᠢᠨᠠᠯᠳᠠ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠴᠢᠩᠭ᠎ᠠ ᠬᠢᠨᠠᠨ ᠪᠠᠶᠢᠴᠠᠭᠠᠬᠤ | ᠠᠵᠢᠯ ᠢ ᠬᠡᠷᠡᠭᠵᠢᠬᠦᠯᠬᠦ ᠬᠡᠷᠡᠭᠳᠡᠢ | ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠬᠦ ᠲᠠᠯ᠎ᠠ ᠪᠠᠷ ᠴᠠᠭᠠᠵᠠᠯᠠᠵᠤ᠂ | ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠵᠠᠬ᠎ᠠ ᠳᠡᠯᠭᠡᠭᠦᠷ ᠢ ᠭᠦᠴᠦᠨ ᠦᠬᠡᠢ ᠪᠤᠯᠭᠠᠬᠤ ᠬᠡᠷᠡᠭᠳᠡᠢ᠃ | ᠶᠠᠮᠠᠷᠪᠠ ᠨᠢᠭᠡᠴᠢ ᠪᠠ ᠬᠤᠪᠢ ᠬᠥᠮᠦᠨ ᠬᠡᠳ ᠢᠳᠡᠬᠦ ᠶᠢ ᠴᠠᠭᠠᠵᠠᠯᠬᠠᠰᠠᠨ ᠬᠡᠭᠡᠷ᠎ᠡ ᠶᠢᠨ ᠠᠮᠢᠲᠠᠨ ᠢᠶᠠᠷ ᠬᠢᠭᠰᠡᠨ | ᠢᠳᠡᠭᠡᠨ ᠤ ᠵᠦᠢᠯ ᠢ ᠦᠢᠯᠡᠳᠪᠦᠷᠢᠯᠡᠬᠦ ᠪᠠ ᠡᠵᠡᠩᠨᠡᠵᠦ ᠪᠣᠯᠬᠤ ᠦᠭᠡᠢ᠃ ᠰᠢᠨᠵᠢᠯᠡᠬᠦ ᠤᠬᠠᠭᠠᠨ ᠤ ᠰᠤᠳᠤᠯᠤᠯ ᠬᠢᠬᠦ᠂ | ᠡᠮᠴᠢᠯᠡᠭᠡᠨ ᠪᠠ ᠡᠮ ᠤᠨ ᠨᠠᠶᠢᠷᠠᠯᠭ᠎ᠠ ᠳᠤ ᠬᠡᠷᠡᠭᠯᠡᠬᠦ᠂ ᠦᠵᠡᠬᠦᠯᠬᠡ ᠶᠢᠨ ᠲᠤᠨᠨᠯᠠᠯᠳᠠ ᠬᠢᠬᠦ ᠪᠠ ᠲᠡᠯᠬᠡᠨ ᠦᠵᠡᠬᠦᠯᠬᠦ᠂ | ᠳᠦᠷᠰᠦ ᠬᠠᠮᠠᠭᠠᠯᠠᠬᠤ᠂ ᠳᠦᠷᠰᠦ ᠶᠢᠨ ᠡᠭᠦᠰᠦᠯᠳᠦ ᠦᠷᠡᠵᠢᠭᠦᠯᠦᠨ ᠪᠤᠶᠢᠵᠢᠭᠤᠯᠬᠤ᠂ ᠲᠡᠤᠬᠡ ᠶᠢᠨ ᠳᠤᠷᠠᠰᠬᠠᠯᠲᠤ | ᠵᠦᠢᠯᠡᠰ ᠢ ᠬᠠᠮᠠᠭᠠᠯᠠᠬᠤ ᠵᠡᠷᠭᠡ ᠪᠤᠰᠤᠳ ᠣᠨᠴᠠᠭᠠᠢ ᠪᠠᠶᠢᠳᠠᠯ ᠠᠴᠠ ᠪᠣᠯᠵᠤ᠂ ᠬᠡᠭᠡᠷ᠎ᠡ ᠶᠢᠨ ᠠᠮᠢᠲᠠᠨ ᠢ ᠢᠳᠡᠭᠡᠨ ᠤ | ᠪᠤᠰᠤ ᠴᠢᠨᠠᠷ ᠤᠨ ᠠᠰᠢᠨᠨᠯᠠᠯᠳᠠ ᠬᠢᠬᠦ ᠴᠢᠬᠤᠯᠠᠳᠠᠢ ᠪᠤᠯᠪᠠᠯ᠂ ᠬᠠᠤᠯᠢ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠬᠦ | ᠪᠠ ᠪᠠᠶᠢᠴᠠᠭᠠᠨ ᠰᠢᠯᠭᠠᠵᠦ ᠬᠢᠵᠢᠭ ᠪᠠᠶᠢᠴᠠᠭᠠᠬᠤ ᠠᠵᠢᠯ ᠢ ᠴᠢᠩᠭ᠎ᠠ ᠬᠡᠷᠡᠭᠵᠢᠬᠦᠯᠬᠦ ᠬᠡᠷᠡᠭᠲᠡᠶ᠃ ᠬᠡᠭᠡᠷ᠎ᠡ ᠭᠠᠳᠠᠨᠠᠬᠢ | ᠪᠠᠶᠢᠭᠠᠯᠢᠯᠢᠭ ᠤᠷᠴᠢᠨ ᠳᠤ ᠦᠰᠴᠤ ᠲᠤᠷᠨᠢᠨᠨᠰᠨᠨ ᠬᠠᠭᠤᠷᠠᠶ ᠶᠢᠨ ᠬᠡᠭᠡᠷ᠎ᠡ ᠶᠢᠨ ᠠᠮᠢᠲᠠᠨ ᠢ ᠢᠳᠡᠬᠦ ᠵᠤᠷᠢᠯᠭ᠎ᠠ ᠪᠠᠷ | ᠠᠩᠨᠠᠬᠤ᠂ ᠠᠷᠠᠯᠵᠢᠶᠠᠯᠠᠬᠤ ᠪᠠ ᠲᠡᠭᠡᠭᠡᠪᠦᠷᠢᠯᠡᠬᠦ ᠶᠢ ᠴᠠᠭᠠᠵᠠᠯᠠᠬᠤ ᠬᠡᠷᠡᠭᠳᠡᠢ᠃ ᠬᠡᠭᠡᠷ᠎ᠡ ᠶᠢᠨ ᠠᠮᠢᠲᠠᠨ ᠢ ᠠᠩᠨᠠᠬᠤ᠂ | ᠠᠷᠠᠯᠵᠢᠶᠠᠯᠠᠬᠤ᠂ ᠲᠡᠬᠡᠬᠡᠪᠦᠷᠢᠯᠡᠬᠦ᠂ ᠬᠡᠷᠡᠭᠯᠡᠵᠦ ᠠᠰᠢᠨᠨᠯᠠᠬᠤ᠂ ᠠᠪᠴᠤ ᠶᠠᠪᠤᠬᠤ ᠪᠠ ᠢᠯᠡᠬᠡᠨ ᠭᠦᠷᠬᠡᠬᠦ ᠳᠤ ᠭᠦᠷᠪᠡᠯ᠂ | ᠵᠤᠬᠢᠬᠤ ᠠᠪᠠᠯᠠᠬᠤ ᠦᠨᠡᠮᠯᠡᠯ᠂ ᠠᠩᠨᠠᠬᠤ ᠦᠨᠡᠮᠯᠡᠯ᠂ ᠲᠤᠰᠬᠠᠶ ᠢᠯᠭᠠᠬᠤ ᠲᠡᠮᠳᠡᠭ᠂ ᠭᠦᠮᠦᠨ ᠤ ᠭᠦᠴᠦ ᠪᠠᠷ | ᠦᠷᠡᠵᠢᠭᠦᠯᠦᠨ ᠪᠤᠶᠢᠵᠢᠭᠤᠯᠬᠤ ᠵᠥᠪᠰᠢᠶᠡᠷᠡᠯ ᠤᠨ ᠦᠨᠡᠮᠯᠡᠯ᠂ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ | ᠬᠠᠭᠤᠯᠪᠤᠷᠢ ᠳᠡᠪᠲᠡᠷ ᠪᠤᠶᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠡᠷᠡᠴᠢ ᠵᠡᠷᠬᠡ ᠬᠠᠤᠯᠢ | ᠶᠣᠰᠣᠨ ᠤ ᠢᠷᠡᠯᠲᠡ ᠲᠠᠢ ᠭᠡᠷᠡᠴᠢ ᠪᠠ ᠬᠢᠵᠢᠭ ᠤᠨ ᠪᠠᠶᠢᠴᠠᠭᠠᠯᠲᠠ ᠬᠢᠭᠰᠡᠨ ᠭᠡᠷᠡᠴᠢ ᠪᠠᠶᠢᠬᠤ ᠬᠡᠷᠡᠭᠲᠡᠶ᠃ | ᠰᠦᠯᠵᠢᠶᠡᠨ ᠤ ᠠᠷᠠᠯᠵᠢᠶᠠᠨ ᠤ ᠲᠠᠪᠴᠠᠩ᠂ ᠲᠠᠸᠠᠷ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ | ᠲᠠᠯᠠᠪᠤᠷ ᠭᠠᠵᠠᠷ ᠵᠡᠷᠭᠡ ᠠᠷᠠᠯᠵᠢᠶᠠᠯᠠᠬᠤ ᠪᠠ ᠬᠡᠷᠡᠭᠯᠡᠭᠡᠨ ᠤ ᠲᠠᠯᠠᠪᠤᠷ ᠭᠠᠵᠠᠷ ᠵᠢᠴᠢ ᠲᠡᠬᠡᠬᠡᠪᠦᠷᠢᠯᠡᠬᠦ᠂ ᠭᠦᠮᠦᠷᠬᠡᠯᠡᠨ | ᠬᠠᠳᠠᠭᠠᠯᠠᠬᠤ᠂ ᠲᠦᠷᠭᠡᠨ ᠢᠯᠡᠬᠡᠯᠳᠡ ᠵᠡᠷᠭᠡ ᠶᠢᠨ ᠡᠵᠡᠩᠨᠡᠭᠴᠢᠳ ᠤᠨ ᠲᠡᠳᠡᠬᠡᠷ ᠬᠠᠤᠯᠢ ᠪᠤᠰᠤ ᠪᠠᠷ ᠬᠡᠭᠡᠷ᠎ᠡ ᠶᠢᠨ | ᠠᠮᠢᠲᠠᠨ ᠢᠳᠡᠬᠦ ᠪᠠ ᠬᠡᠷᠡᠭᠯᠡᠬᠦ ᠶᠢ ᠴᠠᠭᠠᠵᠠᠯᠠᠭᠰᠠᠨ ᠠᠩᠨᠠᠨ ᠪᠠᠷᠢᠬᠤ ᠪᠠᠭᠠᠵᠢ ᠬᠡᠷᠡᠭᠰᠡᠯ ᠳᠤ ᠠᠷᠠᠯᠵᠢᠶᠠᠨ ᠤ ᠪᠤᠶᠤ | ᠬᠡᠷᠡᠭᠯᠡᠬᠡᠨ ᠤ ᠦᠢᠯᠡᠴᠢᠯᠡᠭᠡ ᠬᠠᠩᠭᠠᠬᠤ ᠶᠢ ᠴᠠᠭᠠᠵᠠᠯᠠᠬᠤ ᠬᠡᠷᠡᠭᠲᠡᠶ᠃ ᠶᠠᠮᠠᠷᠪᠠ ᠦᠢᠯᠡᠳᠪᠦᠷᠢᠯᠡᠯ᠂ ᠡᠵᠡᠩᠨᠡᠨ | ᠪᠣᠯᠪᠠᠰᠤᠷᠠᠭᠤᠯᠬᠤ ᠨᠢᠬᠡᠴᠢ ᠪᠤᠶᠤ ᠬᠤᠪᠢ ᠬᠥᠮᠦᠨ ᠭᠡᠳ ᠢᠳᠡᠬᠦ ᠶᠢ ᠴᠠᠭᠠᠵᠠᠯᠠᠭᠰᠠᠨ ᠬᠡᠭᠡᠷ᠎ᠡ ᠶᠢᠨ ᠠᠮᠢᠳᠠᠳ ᠤᠨ | ᠨᠡᠷᠡᠶᠢᠳᠦᠯ᠂ ᠦᠬᠡᠷ᠎ᠡ ᠨᠡᠷᠡᠶᠢᠳᠦᠯ᠂ ᠵᠢᠷᠤᠭ ᠳᠦᠷᠰᠦ ᠵᠡᠷᠭᠡ ᠪᠠᠷ ᠵᠠᠷ ᠮᠡᠳᠡᠭᠡ᠂ ᠬᠤᠳᠠᠯᠳᠤᠭᠠᠨ ᠤ ᠫᠠᠶᠢᠰᠠ᠂ | ᠵᠠᠭᠤᠰᠢ ᠶᠢᠨ ᠵᠤᠷ ᠵᠡᠷᠭᠡ ᠶᠢ ᠦᠢᠯᠡᠳᠴᠤ ᠵᠤᠴᠢᠳ ᠢ ᠦᠳᠡᠬᠡᠨ ᠲᠠᠳᠠᠵᠦ ᠪᠤᠯᠬᠤ ᠦᠬᠡᠢ᠃ ︽ᠠᠩ ᠤᠨ ᠮᠢᠬ᠎ᠠ︾ | ︽ᠬᠡᠭᠡᠷ᠎ᠡ ᠶᠢᠨ ᠠᠮᠢᠲᠠᠨ︾ ᠢ ᠥᠪᠡᠷᠲᠡᠭᠡᠨ ᠵᠠᠰᠠᠬᠤ ᠣᠷᠣᠨ ᠤ ᠵᠠᠬ᠎ᠠ ᠲᠡᠯᠬᠡᠭᠦᠷ ᠤᠨ ᠭᠤᠤᠯ ᠴᠣᠭᠴᠠ ᠶᠢᠨ | ᠨᠡᠷᠡᠶᠢᠳᠦᠯ ᠢ ᠲᠡᠮᠳᠡᠭᠯᠡᠨ ᠲᠠᠩᠰᠠᠯᠠᠭᠤᠯᠤᠨᠨᠰᠠᠨ ︽ᠴᠠᠭᠠᠵᠠᠲᠠᠶ ᠦᠬᠡ ᠥᠰᠥᠭ ᠤᠨ ᠰᠠᠩ︾ ᠳᠤ ᠣᠷᠣᠭᠤᠯᠤᠨ | ᠨᠢᠭᠡᠳᠦᠯᠲᠡᠶ ᠬᠠᠮᠢᠶᠠᠷᠬᠤ ᠬᠡᠷᠡᠭᠳᠡᠢ᠃ | ᠳᠥᠷᠪᠡ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠠᠵᠢᠯ ᠢᠶᠠᠨ ᠵᠤᠯᠭᠠᠭᠤᠯᠬᠤ ᠶᠢ | ᠴᠢᠩᠭᠠᠷᠠᠭᠤᠯᠬᠤ ᠬᠡᠷᠡᠭᠳᠡᠢ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠶ ᠶᠢᠨ ᠬᠠᠤᠯᠢ︾ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾ ᠪᠠ ︽ᠲᠣᠭᠲᠠᠭᠠᠯ︾ | ᠵᠡᠷᠭᠡ ᠶᠢᠨ ᠲᠣᠭᠲᠠᠭᠠᠯ ᠶᠣᠰᠣᠭᠠᠷ᠂ ᠬᠤᠪᠣᠷ ᠴᠤᠬᠠᠭ᠂ ᠮᠥᠬᠦᠬᠦ ᠰᠢᠬᠠᠭᠰᠠᠨ ᠤᠰᠤᠨ ᠤ ᠬᠡᠭᠡᠷ᠎ᠡ ᠶᠢᠨ | ᠠᠮᠢᠲᠠᠨ ᠠᠴᠠ ᠭᠠᠳᠠᠨᠠᠬᠢ ᠪᠤᠰᠤᠳ ᠤᠰᠤᠨ ᠤ ᠬᠡᠭᠡᠷ᠎ᠡ ᠶᠢᠨ ᠠᠮᠢᠲᠠᠨ ᠳᠤ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾ ᠶᠢᠨ ᠬᠤᠯᠪᠣᠭᠳᠠᠯ ᠪᠦᠭᠦᠢ ᠲᠣᠭᠲᠠᠭᠠᠯ ᠢ | ᠲᠤᠬᠢᠷᠠᠭᠤᠯᠤᠨ ᠬᠡᠷᠡᠭᠯᠡᠨ᠎ᠠ︔ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ | ᠲᠤ ᠵᠢᠭᠰᠠᠭᠠᠨ ᠣᠷᠣᠭᠤᠯᠤᠭᠰᠠᠨ ᠠᠮᠢᠳᠠᠳ ᠨᠢ ᠭᠡᠷ ᠤᠨ ᠲᠡᠵᠢᠭᠡᠪᠦᠷᠢ ᠭᠡᠷ ᠤᠨ ᠵᠢᠭᠦᠷᠲᠡᠨ ᠳᠤ ᠬᠠᠷᠢᠶᠠᠯᠠᠭᠳᠠᠪᠠᠯ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠮᠠᠯ ᠠᠵᠤ ᠠᠬᠤᠢ ᠶᠢᠨ ᠬᠠᠤᠯᠢ︾ ᠶᠢᠨ ᠬᠤᠯᠪᠣᠭᠳᠠᠯ | ᠪᠦᠬᠦᠢ ᠲᠣᠭᠲᠠᠭᠠᠯ ᠢ ᠲᠤᠬᠢᠷᠠᠭᠤᠯᠤᠨ ᠬᠡᠷᠡᠭᠯᠡᠨ᠎ᠠ᠃ ᠬᠤᠯᠪᠣᠭᠳᠠᠯ ᠪᠦᠬᠦᠢ ᠠᠵᠢᠯ ᠲᠥᠷᠥᠯ ᠤᠨ ᠰᠠᠯᠠᠭ᠎ᠠ ᠮᠥᠴᠢᠷ | ᠨᠢ ᠲᠥᠷᠥ ᠶᠢᠨ ᠪᠣᠳᠣᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠶ ᠡᠵᠡᠮᠰᠢᠵᠦ᠂ ᠨᠡᠪᠲᠡᠷᠡᠯᠴᠡᠨ ᠵᠣᠬᠢᠴᠠᠭᠤᠯᠬᠤ ᠪᠠᠨ | ᠴᠢᠩᠭᠠᠳᠬᠠᠨ᠂ ᠬᠠᠮᠢᠶ᠎ᠠ ᠪᠦᠬᠦᠢ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ ᠤᠰᠤᠨ ᠤ ᠬᠡᠭᠡᠷ᠎ᠡ ᠶᠢᠨ ᠠᠮᠢᠲᠠᠨ ᠪᠠ ︽ | ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ ᠢ ᠨᠡᠶᠢᠲᠡᠯᠡᠭᠰᠡᠨ ᠤ ᠳᠠᠷᠠᠭ᠎ᠠ | ᠵᠢᠭᠰᠠᠭᠠᠭᠰᠠᠨ ᠮᠠᠯ ᠵᠢᠭᠦᠷᠲᠡᠨ ᠳᠤ ᠪᠤᠯ ᠬᠢᠨᠠᠨ ᠣᠯᠭᠤᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ ᠪᠤᠶᠤ | ᠪᠢᠴᠢᠭ ᠬᠠᠷ᠎ᠠ ᠶᠢ ᠪᠤᠴᠠᠭᠠᠬᠤ ᠪᠠ ᠬᠦᠴᠦᠨ ᠦᠭᠡᠢ ᠪᠣᠯᠭᠠᠬᠤ ᠶᠢᠨ ᠬᠠᠮᠲᠤ᠂ ᠲᠠᠷᠢᠶᠠᠯᠠᠩ ᠮᠠᠯ ᠠᠵᠤ ᠠᠬᠤᠢ ᠪᠠ | ᠭᠦᠳᠡᠭᠡ ᠲᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠯᠦᠭᠡ ᠮᠡᠳᠡᠭᠡ ᠵᠠᠩᠭᠢ ᠶᠢ ᠬᠠᠮᠳᠤ ᠳᠤ ᠪᠠᠨ ᠭᠦᠷᠳᠡᠬᠦ᠂ | ᠮᠠᠲ᠋ᠧᠷᠢᠶᠠᠯ ᠢᠶᠠᠨ ᠲᠤᠰᠢᠶᠠᠬᠤ ᠪᠠ ᠭᠦᠯᠢᠶᠡᠵᠦ ᠠᠪᠬᠤ ᠵᠡᠷᠭᠡ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠵᠦ᠂ | ᠲᠡᠵᠢᠭᠡᠨ ᠦᠷᠡᠵᠢᠬᠦᠯᠬᠦ ᠡᠷᠦᠬᠡ ᠶᠢᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠪᠠᠲᠤᠯᠠᠬᠤ | ᠬᠡᠷᠡᠭᠲᠡᠶ︔ ᠢᠳᠡᠬᠦ ᠶᠢ ᠴᠠᠭᠠᠵᠠᠯᠬᠠᠰᠠᠨ ᠬᠡᠪᠴᠢᠶᠡᠨ ᠳᠤ ᠬᠠᠷᠢᠶᠠᠯᠠᠭᠳᠠᠬᠤ ᠪᠣᠯᠪᠠᠴᠤ ᠰᠢᠨᠵᠢᠯᠡᠬᠦ ᠤᠬᠠᠭᠠᠨ ᠤ | ᠰᠤᠳᠤᠯᠤᠯ ᠬᠢᠬᠦ᠂ ᠡᠮ ᠤᠨ ᠨᠠᠶᠢᠷᠠᠯᠭ᠎ᠠ ᠳᠤ ᠬᠡᠷᠡᠭᠯᠡᠬᠦ᠂ ᠳᠡᠯᠭᠡᠨ ᠦᠵᠡᠬᠦᠯᠬᠦ ᠵᠡᠷᠭᠡ ᠢᠳᠡᠭᠡᠨ ᠤ ᠪᠤᠰᠤ ᠴᠢᠨᠠᠷ ᠤᠨ | ᠬᠠᠤᠯᠢ ᠶᠣᠰᠣᠨ ᠤ ᠬᠡᠷᠡᠭᠴᠡᠭᠡ ᠲᠠᠢ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠳᠠᠳ ᠢ ᠪᠤᠯ ᠵᠠᠰᠠᠭ | ᠵᠠᠬᠢᠷᠭᠠᠨ ᠤ ᠵᠥᠪᠰᠢᠶᠡᠷᠡᠯ ᠤᠨ ᠬᠡᠷᠡᠴᠢ ᠦᠨᠡᠮᠯᠡᠯ ᠪᠤᠶᠤ ᠪᠢᠴᠢᠭ ᠬᠠᠷ᠎ᠠ ᠶᠢ ᠬᠤᠪᠢᠷᠠᠭᠤᠯᠬᠤ᠂ ᠰᠣᠯᠢᠵᠤ ᠣᠯᠭᠤᠬᠤ | ᠵᠡᠷᠭᠡ ᠠᠵᠢᠯ ᠢ ᠬᠠᠤᠯᠢ ᠲᠣᠭᠲᠠᠭᠠᠯ ᠶᠣᠰᠣᠭᠠᠷ ᠰᠠᠶᠢᠲᠤᠷ ᠬᠢᠬᠦ ᠬᠡᠷᠡᠭᠲᠡᠶ᠃ | ᠲᠠᠪᠤ᠂ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠰᠶᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ | ᠬᠠᠷᠢᠶᠠᠯᠬᠠᠳᠠᠬᠤ ᠭᠠᠵᠠᠷ ᠢᠶᠠᠷ ᠬᠠᠮᠢᠶᠠᠷᠤᠭᠤᠯᠬᠤ ᠵᠠᠷᠴᠢᠮ ᠶᠣᠰᠣᠭᠠᠷ᠂ ᠡᠯ᠎ᠡ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠷᠢᠶᠠᠯᠬᠠᠳᠠᠬᠤ ᠣᠷᠣᠨ ᠤ ᠬᠡᠭᠡᠷ᠎ᠡ ᠶᠢᠨ ᠠᠮᠢᠲᠠᠨ ᠢ | ᠭᠦᠮᠦᠨ ᠤ ᠭᠦᠴᠦ ᠪᠠᠷ ᠦᠷᠡᠵᠢᠭᠦᠯᠦᠨ ᠪᠤᠶᠢᠵᠢᠭᠤᠯᠬᠤ ᠪᠠ ᠡᠵᠡᠩᠨᠡᠨ ᠠᠰᠢᠭᠯᠠᠬᠤ ᠪᠠᠶᠢᠭᠤᠯᠤᠮᠵᠢ ᠶᠢ ᠪᠦᠬᠦ | ᠲᠠᠯ᠎ᠠ ᠪᠠᠷ ᠤᠶᠢᠯᠠᠭᠠᠵᠦ ᠵᠢᠨᠨᠰᠠᠭᠠᠨ ᠪᠠᠶᠢᠴᠠᠭᠠᠬᠤ ᠪᠠ ᠲᠡᠳᠡᠬᠡᠷ ᠲᠤ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠯᠳᠠ | ᠬᠢᠵᠦ᠂ ᠠᠯᠠᠰᠢᠨ ᠳᠤ ᠬᠡᠷᠡᠭᠯᠡᠬᠦ ᠪᠠᠷ ᠵᠣᠷᠢᠯᠭ᠎ᠠ ᠪᠤᠯᠭᠠᠨᠨᠰᠠᠨ ᠲᠡᠵᠢᠭᠡᠨ ᠦᠷᠡᠵᠢᠭᠦᠯᠬᠦ ᠡᠷᠦᠬᠡ ᠶᠢ ᠵᠢᠯᠤᠭᠤᠳᠴᠤ | ᠪᠠᠶᠢᠭᠠᠳ ᠠᠷᠠᠴᠢᠯᠠᠨ ᠲᠡᠵᠢᠬᠡᠵᠦ ᠪᠠᠶᠢᠭ᠎ᠠ ᠬᠡᠬᠡᠷ᠎ᠡ ᠶᠢᠨ ᠠᠮᠢᠳᠠᠳ ᠢ ᠨᠢ ᠲᠣᠬᠢᠲᠠᠶ ᠰᠶᠢᠳᠪᠦᠷᠢᠯᠡᠬᠦᠯᠵᠦ᠂ ᠡᠭᠦᠰᠦᠮᠡᠯ | ᠠᠰᠠᠭᠤᠳᠠᠯ ᠡᠭᠦᠰᠬᠦ ᠠᠴᠠ ᠰᠡᠷᠬᠡᠶᠢᠯᠡᠬᠦ ᠬᠡᠷᠡᠭᠲᠡᠶ᠃ ᠢᠳᠡᠬᠦ ᠶᠢ ᠴᠠᠭᠠᠵᠠᠯᠠᠭᠰᠠᠨ ᠤ ᠳᠠᠷᠠᠭ᠎ᠠ ᠲᠡᠵᠢᠭᠡᠨ | ᠦᠷᠡᠵᠢᠭᠦᠯᠬᠦ ᠶᠢ ᠨᠢ ᠵᠣᠭᠰᠣᠭᠠᠭᠰᠠᠨ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠳᠠᠳ ᠢ ᠪᠤᠯ ᠳᠦᠷᠰᠦ ᠶᠢᠨ | ᠬᠡᠪᠰᠢᠯ ᠪᠠ ᠣᠨᠴᠠᠯᠢᠭ ᠢ ᠨᠢ ᠦᠨᠳᠦᠰᠦᠯᠡᠨ ᠰᠢᠨᠵᠢᠯᠡᠬᠦ ᠤᠬᠠᠭᠠᠨᠴᠢ ᠪᠠᠷ ᠪᠠᠶᠢᠭᠠᠯᠢ ᠳᠤ ᠲᠠᠯᠪᠢᠬᠤ᠂ ᠢᠳᠡᠭᠡᠨ ᠤ | ᠪᠤᠰᠤ ᠵᠦᠢᠯ ᠪᠤᠯᠭᠠᠬᠤ᠂ ᠨᠠᠶᠢᠳᠠᠵᠤ ᠣᠷᠣᠯᠠᠨ ᠲᠡᠵᠢᠭᠡᠯᠭᠡᠬᠦ ᠪᠤᠶᠤ ᠬᠠᠮᠢᠶ᠎ᠠ ᠪᠦᠬᠦᠢ ᠪᠠᠶᠢᠭᠤᠯᠤᠮᠵᠢ ᠳᠤ | ᠰᠢᠯᠵᠢᠭᠦᠯᠦᠨ ᠲᠤᠰᠢᠶᠠᠬᠤ᠂ ᠬᠤᠤᠷ ᠦᠬᠡᠶᠢᠳᠡᠭᠦᠯᠦᠨ ᠰᠶᠢᠳᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ | ᠰᠶᠢᠳᠪᠦᠷᠢᠯᠡᠬᠦ ᠬᠡᠷᠡᠭᠲᠡᠶ᠃ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠲᠠᠨ ᠢ ᠪᠠᠶᠢᠭᠠᠯᠢ ᠳᠤ ᠲᠠᠯᠪᠢᠬᠤ ᠳᠤ | ᠪᠠᠨ ᠮᠠᠨ ᠤ ᠣᠷᠣᠨ ᠤ ᠪᠠᠶᠢᠭᠠᠯᠢ ᠶᠢᠨ ᠲᠠᠷᠬᠠᠯᠳᠠ ᠶᠢᠨ ᠲᠦᠷᠰᠦ ᠳᠤ ᠬᠠᠨᠳᠤᠭᠤᠯᠵᠦ᠂ ᠠᠮᠢᠳᠤᠷᠠᠬᠤᠢ ᠶᠢᠨ | ᠣᠷᠴᠢᠨ ᠨᠢ ᠰᠠᠶᠢᠨ ᠪᠤᠯᠬᠤ ᠲᠣᠰ ᠳᠦᠷᠰᠦ ᠶᠢᠨ ᠪᠠᠶᠢᠭᠠᠯᠢ ᠶᠢᠨ ᠲᠠᠷᠬᠠᠯᠳᠠ ᠶᠢᠨ ᠣᠷᠣᠨ ᠪᠤᠶᠤ ᠲᠡᠤᠬᠡ ᠶᠢᠨ | ᠲᠠᠷᠬᠠᠯᠳᠠ ᠶᠢᠨ ᠣᠷᠣᠨ ᠢ ᠰᠤᠩᠭᠤᠨ᠂ ᠪᠠᠶᠢᠭᠠᠯᠢ ᠳᠤ ᠲᠠᠯᠪᠢᠬᠤ ᠲᠤᠭ᠎ᠠ ᠬᠡᠮᠵᠢᠶ᠎ᠡ ᠶᠢ ᠨᠢ ᠰᠢᠨᠵᠢᠯᠡᠬᠦ | ᠤᠬᠠᠭᠠᠨᠴᠢ ᠪᠠᠷ ᠲᠤᠭᠠᠴᠠᠨ ᠪᠤᠳᠤᠨᠨᠰᠠᠨ ᠠᠮᠢᠳᠤᠷᠠᠬᠤᠢ ᠶᠢᠨ ᠣᠷᠴᠢᠨ ᠤ ᠪᠠᠭᠲᠠᠭᠠᠮᠵᠢ ᠶᠢᠨ ᠲᠤᠳᠤᠷ᠎ᠠ ᠬᠢᠵᠠᠭᠠᠷᠯᠠᠵᠦ | ᠂ ᠪᠠᠶᠢᠭᠠᠯᠢ ᠳᠤ ᠲᠠᠯᠪᠢᠬᠤ ᠪᠣᠳᠠᠭᠠᠯᠢ ᠪᠡᠶ᠎ᠡ ᠳᠤ ᠡᠷᠡᠭᠦᠯ ᠮᠡᠨᠳᠦ ᠶᠢᠨ ᠠᠵᠢᠨᠨᠯᠠᠯᠳᠠ ᠪᠠᠶᠢᠴᠠᠭᠠᠯᠲᠠ ᠬᠢᠬᠦ ᠶᠢᠨ | ᠬᠠᠮᠳᠤ᠂ ᠲᠤᠬᠢᠷᠠᠯᠴᠠᠬᠤ ᠴᠢᠨᠠᠷ ᠤᠨ ᠲᠠᠯ᠎ᠠ ᠳᠤ ᠪᠡᠯᠡᠳᠬᠡᠯ ᠬᠢᠵᠦ᠂ ᠪᠠᠶᠢᠭᠠᠯᠢ ᠳᠤ ᠲᠠᠯᠪᠢᠬᠤ ᠲᠥᠰᠦᠯ ᠢ ᠰᠢᠨᠵᠢᠯᠡᠬᠦ | ᠤᠬᠠᠭᠠᠨᠴᠢ ᠪᠠᠷ ᠨᠤᠲᠠᠯᠠᠭᠰᠠᠨ ᠤ ᠳᠠᠷᠠᠭ᠎ᠠ ᠬᠡᠷᠡᠭᠵᠢᠬᠦᠯᠵᠦ᠂ ᠠᠮᠢ ᠠᠬᠤᠶ ᠳᠤ ᠬᠤᠤᠷ ᠬᠥᠨᠥᠭᠡᠯ ᠤᠴᠠᠷᠠᠭᠤᠯᠬᠤ | ᠥᠬᠡᠶ ᠪᠠᠶᠢᠬᠤ ᠶᠢ ᠦᠨᠡᠨ ᠬᠦ ᠪᠠᠳᠤᠯᠠᠬᠤ ᠬᠡᠷᠡᠭᠳᠡᠢ︔ ᠲᠡᠵᠢᠬᠡᠵᠦ ᠪᠠᠶᠢᠭ᠎ᠠ ᠠᠮᠢᠳᠠᠳ ᠤᠨ ᠲᠤᠭ᠎ᠠ ᠬᠡᠮᠵᠢᠶ᠎ᠡ ᠨᠢ | ᠠᠷᠪᠢᠨ ᠪᠠᠶᠢᠵᠦ᠂ ᠲᠤᠬᠠᠶ ᠶᠢᠨ ᠭᠠᠵᠠᠷ ᠤᠨ ᠠᠮᠢᠳᠤᠷᠠᠬᠤᠢ ᠶᠢᠨ ᠤᠷᠴᠢᠨ ᠤ ᠪᠠᠭᠳᠠᠭᠠᠮᠵᠢ ᠠᠴᠠ ᠳᠠᠪᠠᠭᠰᠠᠨ ᠪᠠᠶᠢᠪᠠᠯ᠂ | ᠥᠪᠡᠷᠲᠡᠭᠡᠨ ᠵᠠᠰᠠᠬᠤ ᠣᠷᠣᠨ ᠤ ᠱᠠᠳᠤᠨ ᠠᠴᠠ ᠳᠡᠭᠡᠭᠰᠢᠬᠢ ᠣᠢ ᠰᠢᠭᠤᠶ ᠨᠤᠲᠤᠭ ᠪᠡᠯᠴᠢᠭᠡᠷ ᠤᠨ ᠰᠠᠯᠠᠭ᠎ᠠ | ᠮᠥᠴᠢᠷ ᠠᠴᠠ ᠵᠤᠬᠢᠴᠠᠭᠤᠯᠵᠦ ᠪᠠᠶᠢᠭᠠᠳ ᠣᠷᠣᠨ ᠪᠦᠰᠡ ᠠᠯᠤᠰᠯᠠᠨ᠂ ᠬᠤᠭᠤᠴᠠᠭ᠎ᠠ ᠪᠦᠯᠦᠭ ᠬᠤᠪᠢᠶᠠᠨ᠂ ᠬᠡᠰᠡᠭ | ᠪᠤᠰᠠᠭ ᠢᠶᠠᠷ ᠪᠠᠶᠢᠭᠠᠯᠢ ᠳᠤ ᠲᠠᠯᠪᠢᠬᠤ ᠠᠵᠢᠯ ᠢ ᠬᠡᠷᠡᠭᠵᠢᠬᠦᠯᠬᠦ ᠬᠡᠷᠡᠭᠳᠡᠢ︔ ᠡᠮ ᠤᠨ ᠨᠠᠶᠢᠷᠠᠯᠭ᠎ᠠ ᠳᠤ ᠬᠡᠷᠡᠭᠯᠡᠬᠦ᠂ | ᠪᠠᠭ᠋ᠠᠳᠤᠨ ᠰᠣᠨᠢᠷᠬᠠᠬᠤ ᠦᠨ᠎ᠡ ᠴᠠᠨ᠎ᠠ ᠲᠠᠢ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠲᠠᠨ ᠳᠤ ᠬᠠᠤᠯᠢ | ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠪᠠ ᠮᠡᠳᠡᠭᠡ ᠵᠠᠩᠭᠢ ᠶᠢᠨ ᠦᠢᠯᠡᠴᠢᠯᠡᠬᠡᠨ ᠤ ᠵᠡᠷᠬᠡ | ᠠᠵᠢᠯ ᠢ ᠲᠦᠷᠬᠡᠳᠬᠡᠨ ᠠᠬᠢᠭᠤᠯᠬᠤ ᠪᠠᠷ ᠲᠠᠮᠵᠢᠨ ᠢᠳᠡᠭᠡᠨ ᠤ ᠪᠤᠰᠤ ᠴᠢᠨᠠᠷᠲᠠᠶ ᠬᠠᠤᠯᠢ ᠶᠣᠰᠣᠨ ᠤ ᠬᠡᠷᠡᠭᠴᠡᠭᠡ ᠲᠠᠢ | ᠪᠣᠯᠭᠠᠨ ᠬᠤᠪᠢᠷᠠᠭᠤᠯᠬᠤ ᠬᠡᠷᠡᠭᠳᠡᠢ︔ ᠢᠳᠡᠬᠦ ᠶᠢ ᠴᠠᠭᠠᠵᠠᠯᠠᠬᠤ ᠬᠡᠪᠴᠢᠶᠡᠨ ᠳᠠᠬᠢ ᠭᠠᠳᠠᠨ᠎ᠠ ᠠᠴᠠ ᠢᠷᠡᠭᠰᠡᠨ | ᠬᠡᠭᠡᠷ᠎ᠡ ᠶᠢᠨ ᠠᠮᠢᠲᠠᠨ ᠢ ᠪᠠᠶᠢᠭᠠᠯᠢ ᠳᠤ ᠲᠠᠯᠪᠢᠵᠦ ᠪᠣᠯᠬᠤ ᠦᠭᠡᠢ᠂ ᠬᠠᠷᠢᠨ ᠣᠷᠣᠯᠠᠨ ᠲᠡᠵᠢᠭᠡᠯᠭᠡᠬᠦ ᠪᠠᠷ ᠨᠠᠶᠢᠳᠠᠬᠤ | ᠪᠤᠶᠤ ᠨᠥᠬᠦᠴᠡᠯ ᠪᠦᠷᠢᠯᠳᠦᠭᠦᠯᠦᠭᠰᠡᠨ ᠬᠤᠷᠢᠶᠠᠮᠵᠢᠯᠠᠵᠦ ᠠᠪᠤᠷᠠᠯᠳᠠ ᠬᠢᠬᠦ ᠪᠠᠶᠢᠭᠤᠯᠤᠮᠵᠢ ᠳᠤ ᠰᠢᠯᠵᠢᠭᠦᠯᠦᠨ | ᠲᠤᠰᠢᠶᠠᠵᠤ᠂ ᠰᠢᠨᠵᠢᠯᠡᠬᠦ ᠤᠬᠠᠭᠠᠨ ᠤ ᠰᠤᠳᠤᠯᠤᠯ ᠬᠢᠬᠦ ᠪᠠ ᠰᠢᠨᠵᠢᠯᠡᠬᠦ ᠤᠬᠠᠭᠠᠨ ᠢ ᠲᠦᠬᠡᠮᠡᠯᠵᠢᠬᠦᠯᠬᠦ ᠰᠤᠷᠭᠠᠨ | ᠬᠥᠮᠦᠵᠢᠯ ᠭᠦᠷᠳᠡᠬᠡᠬᠦ ᠵᠡᠷᠭᠡ ᠬᠡᠷᠡᠭᠴᠡᠭᠡ ᠶᠢ ᠦᠨᠳᠦᠰᠦᠯᠡᠨ ᠵᠦᠶ ᠵᠣᠬᠢᠰᠲᠠᠶ ᠲᠤᠬᠢᠷᠠᠭᠤᠯᠤᠯᠳᠠ ᠬᠢᠬᠦ ᠬᠡᠷᠡᠭᠳᠡᠢ︔ | ᠦᠨᠡᠬᠡᠷ ᠰᠶᠢᠳᠪᠦᠷᠢᠯᠡᠬᠦ ᠶᠢᠨ ᠠᠷᠭ᠎ᠠ ᠦᠭᠡᠢ ᠪᠤᠯᠤᠨᠨᠰᠠᠨ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ ᠠᠮᠢᠳᠠᠳ ᠢ | ᠴᠠᠭ ᠲᠤᠬᠠᠶ ᠳᠤ ᠨᠢ ᠬᠤᠤᠷ ᠦᠬᠡᠶᠢᠳᠡᠭᠦᠯᠦᠨ ᠰᠶᠢᠳᠪᠦᠷᠢᠯᠡᠬᠦ ᠬᠡᠷᠡᠭᠳᠡᠢ᠃ | ᠵᠢᠷᠭᠤᠭ᠎ᠠ᠂ ᠨᠦᠭᠦᠪᠦᠷᠢᠯᠡᠬᠦ ᠠᠵᠢᠯ ᠢ ᠰᠠᠶᠢᠲᠤᠷ ᠬᠢᠵᠦ᠂ ᠬᠦᠴᠢᠷᠳᠡᠯ ᠢ ᠨᠢ ᠬᠠᠪᠰᠤᠷᠤᠨ ᠰᠶᠢᠳᠪᠦᠷᠢᠯᠡᠬᠦ | ᠬᠡᠷᠡᠭᠲᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠲᠡᠵᠢᠭᠡᠨ ᠦᠷᠡᠵᠢᠭᠦᠯᠬᠦ ᠡᠷᠦᠬᠡ ᠶᠢ ᠢᠳᠡᠪᠬᠢᠲᠡᠶ ᠪᠠᠷ | ᠬᠥᠲᠥᠯᠥᠨ ᠵᠢᠯᠤᠭᠤᠳᠴᠤ᠂ ᠬᠠᠪᠰᠤᠷᠤᠨ ᠲᠡᠳᠬᠦᠵᠦ ᠪᠠᠶᠢᠭᠠᠳ ᠦᠢᠯᠡᠳᠪᠦᠷᠢᠯᠡᠯ ᠡᠵᠡᠩᠨᠡᠯᠲᠡ ᠶᠢᠨ ᠴᠢᠭᠯᠡᠯ ᠢ ᠨᠢ | ᠬᠤᠪᠢᠷᠠᠭᠤᠯᠵᠤ᠂ ᠢᠳᠡᠬᠦ ᠶᠢ ᠴᠠᠭᠠᠵᠠᠯᠠᠬᠤ ᠬᠡᠪᠴᠢᠶᠡᠨ ᠳᠤ ᠬᠠᠷᠢᠶᠠᠯᠬᠠᠳ᠋ᠬᠠᠰᠠᠨ ᠪᠤᠯᠪᠠᠴᠤ ᠬᠡᠷᠡᠭᠯᠡᠵᠦ ᠪᠠᠶᠢᠨᠨᠰᠠᠨ | ᠪᠡᠯᠡᠳᠬᠡᠮᠵᠢ ᠶᠢ ᠨᠢ ᠪᠤᠰᠤᠳ ᠠᠮᠢᠳᠠᠨ ᠢ ᠲᠡᠵᠢᠭᠡᠨ ᠦᠷᠡᠵᠢᠭᠦᠯᠬᠦ ᠳᠤ ᠬᠡᠷᠡᠭᠯᠡᠵᠦ ᠪᠤᠯᠪᠠᠯ᠂ ᠮᠡᠳᠡᠭᠡ ᠵᠠᠩᠭᠢ ᠶᠢᠨ | ᠦᠢᠯᠡᠴᠢᠯᠡᠭᠡ ᠪᠠ ᠮᠡᠷᠭᠡᠵᠢᠯ ᠤᠨ ᠵᠢᠯᠣᠭᠤᠳᠤᠯᠭ᠎ᠠ ᠬᠢᠬᠦ ᠶᠢ ᠴᠢᠩᠭᠠᠳᠬᠠᠬᠤ ᠪᠠᠷ ᠳᠠᠮᠵᠢᠭᠤᠯᠤᠨ᠂ ᠲᠡᠵᠢᠭᠡᠨ | ᠦᠷᠡᠵᠢᠭᠦᠯᠬᠦ ᠡᠷᠦᠬᠡ ᠶᠢ ᠰᠠᠨᠠᠭᠠᠴᠢᠯᠠᠭ᠎ᠠ ᠠᠴᠠ ᠪᠠᠨ ᠬᠥᠲᠥᠯᠥᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠬᠦᠯᠬᠦ | ᠪᠦᠲᠦᠴᠡ ᠳᠤ ᠨᠢ ᠲᠣᠬᠢᠷᠠᠭᠤᠯᠤᠯᠲᠠ ᠬᠢᠯᠭᠡᠵᠦ᠂ ᠲᠡᠵᠢᠭᠡᠨ ᠦᠷᠡᠵᠢᠭᠦᠯᠬᠦ ᠪᠡᠯᠡᠳᠬᠡᠮᠵᠢ ᠶᠢᠨ ᠦᠢᠯᠡᠳᠦᠯ ᠢ ᠨᠢ | ᠦᠷᠭᠦᠯᠵᠢᠯᠡᠨ ᠪᠠᠳᠠᠷᠠᠭᠤᠯᠬᠤ ᠬᠡᠷᠡᠭᠲᠡᠶ᠃ ᠢᠳᠡᠬᠦ ᠶᠢ ᠴᠠᠭᠠᠵᠠᠯᠬᠠᠰᠠᠨ ᠤ ᠳᠠᠷᠠᠭ᠎ᠠ ᠲᠡᠵᠢᠭᠡᠨ ᠦᠷᠡᠵᠢᠭᠦᠯᠬᠦ | ᠠᠵᠢᠯᠯᠠᠭ᠎ᠠ ᠶᠢ ᠨᠢ ᠵᠣᠭᠰᠣᠭᠠᠭᠰᠠᠨ ᠪᠠᠶᠢᠪᠠᠯ᠂ ᠲᠡᠵᠢᠭᠡᠨ ᠦᠷᠡᠵᠢᠭᠦᠯᠬᠦ ᠡᠷᠦᠬᠡ ᠶᠢᠨ ᠦᠢᠯᠡᠳᠪᠦᠷᠢᠯᠡᠯ ᠢᠶᠠᠨ | ᠬᠤᠪᠢᠷᠠᠭᠤᠯᠤᠨ ᠠᠵᠢᠯ ᠲᠥᠷᠥᠯ ᠢᠶᠠᠨ ᠦᠬᠡᠷᠡᠳᠡᠬᠦᠯᠬᠦ ᠶᠢ ᠲᠡᠮᠵᠢᠵᠦ᠂ ᠵᠢᠯᠤᠭᠤᠳᠴᠤ᠂ ᠬᠠᠪᠰᠤᠷᠴᠤ ᠪᠠᠶᠢᠭᠠᠳ | ᠠᠰᠢᠭ ᠦᠭᠡᠶ ᠨᠥᠯᠥᠭᠡ ᠶᠢ ᠨᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃ ᠡᠯ᠎ᠡ ᠭᠠᠵᠠᠷ ᠣᠷᠣᠨ ᠨᠢ ᠢᠳᠡᠬᠦ ᠶᠢ | ᠴᠠᠭᠠᠵᠠᠯᠬᠠᠰᠠᠨ ᠠᠷᠭ᠎ᠠ ᠬᠡᠮᠵᠢᠶ᠎ᠡ ᠠᠴᠠ ᠪᠤᠯᠵᠦ ᠬᠡᠰᠡᠭ ᠲᠡᠵᠢᠭᠡᠨ ᠦᠷᠡᠵᠢᠬᠦᠯᠬᠦ ᠡᠷᠦᠬᠡ᠂ ᠠᠵᠢᠯᠯᠠᠭᠰᠠᠳ ᠲᠤ | ᠬᠤᠬᠢᠷᠠᠯ ᠤᠴᠠᠷᠠᠭᠤᠯᠤᠭᠰᠠᠨ ᠪᠤᠶᠤ ᠨᠥᠯᠥᠭᠡ ᠦᠵᠡᠭᠦᠯᠦᠭᠰᠡᠨ ᠵᠡᠷᠭᠡ ᠪᠠᠶᠢᠳᠠᠯ ᠳᠤ ᠬᠠᠨᠳᠤᠭᠤᠯᠵᠦ᠂ ᠰᠠᠭᠤᠷᠢ | ᠲᠤᠭ᠎ᠠ ᠶᠢ ᠨᠢ ᠲᠣᠳᠣᠷᠬᠠᠶ ᠤᠶᠢᠯᠠᠭᠠᠬᠤ ᠪᠠ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠭᠰᠡᠨ ᠰᠠᠭᠤᠷᠢᠨ ᠲᠡᠬᠡᠷ᠎ᠡ᠂ | ᠵᠦᠶ ᠵᠣᠬᠢᠰᠲᠠᠶ ᠨᠦᠭᠦᠪᠦᠷᠢᠯᠡᠬᠦ ᠰᠠᠨᠠᠭᠤᠯᠭ᠎ᠠ ᠳᠤᠷᠠᠳᠴᠤ᠂ ᠨᠦᠭᠦᠪᠦᠷᠢᠯᠡᠬᠦ ᠬᠡᠪᠴᠢᠶ᠎ᠡ ᠶᠢ ᠨᠢ ᠲᠤᠳᠤᠷᠬᠠᠶᠢᠯᠠᠨ᠂ | ᠬᠠᠤᠯᠢ ᠶᠣᠰᠣᠭᠠᠷ ᠲᠡᠵᠢᠭᠡᠨ ᠦᠷᠡᠵᠢᠭᠦᠯᠦᠭᠰᠡᠨ ᠪᠠ ᠲᠣᠭᠲᠠᠭᠠᠯ ᠶᠣᠰᠣᠭᠠᠷ ᠠᠵᠢᠯ ᠢᠶᠠᠨ ᠵᠣᠭᠰᠣᠭᠠᠭᠰᠠᠨ ᠤᠳ ᠢ | ᠨᠦᠭᠦᠪᠦᠷᠢᠯᠡᠬᠦ ᠡᠲᠡᠭᠡᠳ ᠪᠣᠯᠭᠠᠵᠤ᠂ ᠲᠣᠭᠲᠠᠭᠠᠯ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ | ᠣᠯᠤᠭᠰᠠᠨ ᠪᠤᠶᠤ ᠬᠠᠤᠯᠢ ᠠᠴᠠ ᠵᠥᠷᠢᠴᠡᠨ ᠲᠡᠵᠢᠭᠡᠨ ᠦᠷᠡᠵᠢᠭᠦᠯᠦᠭᠰᠡᠨ ᠪᠤᠯ ᠨᠦᠭᠦᠪᠦᠷᠢ ᠦᠭᠬᠦ ᠥᠬᠡᠶ᠃ | ᠨᠦᠭᠦᠪᠦᠷᠢᠯᠡᠬᠦ ᠪᠠᠷᠢᠮᠵᠢᠶ᠎ᠠ ᠶᠢ ᠵᠦᠶ ᠵᠣᠬᠢᠰᠲᠠᠶ ᠲᠣᠭᠲᠠᠭᠠᠵᠤ᠂ ᠠᠷᠠᠴᠢᠯᠠᠨ ᠲᠡᠵᠢᠬᠡᠵᠦ ᠪᠠᠶᠢᠭ᠎ᠠ ᠬᠡᠭᠡᠷ᠎ᠡ ᠶᠢᠨ | ᠠᠮᠢᠲᠠᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠪᠤᠳᠤᠯᠬᠢᠯᠠᠨ᠂ ᠲᠡᠵᠢᠭᠡᠨ ᠦᠷᠡᠵᠢᠭᠦᠯᠬᠦ | ᠪᠡᠯᠡᠳᠬᠡᠮᠵᠢ ᠶᠢᠨ ᠲᠠᠯ᠎ᠠ ᠳᠤ ᠣᠷᠣᠭᠤᠯᠤᠯᠲᠠ ᠬᠢᠬᠦ ᠪᠠ ᠲᠡᠵᠢᠭᠡᠨ ᠦᠷᠡᠵᠢᠭᠦᠯᠬᠦ ᠵᠠᠭᠪᠤᠷ ᠵᠡᠷᠬᠡ ᠬᠦᠴᠦᠨ | ᠵᠦᠢᠯ ᠤᠳ ᠢ ᠵᠤᠬᠢᠬᠤ ᠬᠡᠮᠵᠢᠶ᠎ᠡ ᠪᠠᠷ ᠬᠠᠮᠲᠤ ᠳᠤ ᠨᠢ ᠬᠠᠷᠠᠭᠠᠯᠵᠠᠬᠤ ᠶᠢᠨ ᠲᠠᠭᠠᠤ᠂ ᠣᠷᠣᠨ ᠪᠦᠰᠡ ᠠᠯᠤᠰᠯᠠᠨ | ᠨᠡᠪᠳᠡᠷᠡᠯᠴᠡᠵᠦ ᠵᠤᠬᠢᠴᠠᠭᠤᠯᠬᠤ ᠪᠠᠨ ᠴᠢᠩᠭᠠᠳᠬᠠᠨ᠂ ᠨᠦᠭᠦᠪᠦᠷᠢᠯᠡᠬᠦ ᠪᠠᠷᠢᠮᠵᠢᠶ᠎ᠠ ᠶᠢᠨ ᠵᠥᠷᠢᠶ᠎ᠡ ᠬᠡᠳᠦ ᠶᠡᠭᠡ ᠠᠴᠠ | ᠪᠤᠯᠵᠦ ᠰᠢᠨ᠎ᠠ ᠵᠦᠷᠢᠴᠡᠯ ᠡᠭᠦᠰᠬᠦ ᠠᠴᠠ ᠵᠠᠶᠢᠯᠠᠰᠬᠢᠬᠦ ᠬᠡᠷᠡᠭᠳᠡᠢ᠃ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠢᠳᠡᠪᠬᠢᠲᠡᠶ ᠰᠤᠳᠤᠯᠤᠨ ᠲᠣᠭᠲᠠᠭᠠᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠪᠣᠳᠠᠲᠠᠶ ᠪᠠᠶᠢᠳᠠᠯ ᠢ ᠦᠨᠳᠦᠰᠦᠯᠡᠨ | ᠠᠷᠭ᠎ᠠ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠶᠢ ᠨᠢ ᠡᠩ ᠲᠡᠷᠢᠬᠦᠨ ᠳᠤ | ᠣᠳᠣ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠲᠦᠷᠦᠯ ᠵᠦᠢᠯ᠂ ᠪᠡᠯᠡ ᠮᠥᠩᠭᠦ ᠵᠡᠷᠭᠡ ᠪᠠᠷ ᠬᠠᠪᠰᠤᠷᠤᠨ | ᠲᠡᠳᠬᠦᠬᠦ ᠠᠷᠭ᠎ᠠ ᠵᠠᠮ ᠳᠤ ᠣᠷᠣᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠪᠠᠶᠢᠭᠠᠳ ᠳᠡᠮᠵᠢᠯᠭᠡ | ᠦᠵᠡᠬᠦᠯᠬᠦ ᠬᠡᠷᠡᠭᠳᠡᠢ︔ ᠬᠠᠪᠰᠤᠷᠤᠨ ᠲᠡᠳᠬᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ | ᠠᠵᠢᠯ ᠲᠠᠢ ᠤᠶᠠᠯᠳᠤᠭᠤᠯᠵᠦ᠂ ᠲᠡᠵᠢᠭᠡᠨ ᠦᠷᠡᠵᠢᠭᠦᠯᠬᠦ ᠡᠷᠦᠬᠡ ᠲᠥᠪᠯᠡᠷᠡᠭᠰᠡᠨ ᠶᠠᠳᠠᠭᠤ ᠬᠦᠴᠢᠷᠳᠡᠯᠲᠡᠶ ᠭᠠᠵᠠᠷ | ᠣᠷᠣᠨ᠂ ᠳᠠᠩᠰᠠ ᠪᠠ ᠺᠠᠷᠲ ᠲᠠᠢ ᠡᠷᠦᠬᠡ ᠲᠡᠶᠢᠰᠢ ᠭᠤᠤᠯᠳᠠᠯᠭ᠎ᠠ ᠲᠠᠢ ᠬᠡᠯᠪᠡᠶᠢᠯᠬᠡᠵᠦ᠂ ᠲᠠᠩᠰᠠ ᠪᠠ ᠺᠠᠷᠲ ᠲᠠᠢ | ᠶᠠᠳᠠᠭᠤ ᠬᠦᠴᠢᠷᠳᠡᠯᠲᠡᠶ ᠲᠡᠵᠢᠭᠡᠨ ᠦᠷᠡᠵᠢᠭᠦᠯᠬᠦ ᠡᠷᠦᠬᠡ ᠶᠢ ᠬᠠᠪᠰᠤᠷᠤᠨ ᠲᠡᠳᠬᠦᠬᠦ ᠠᠵᠢᠯ ᠳᠤ ︽ᠨᠢᠬᠡ ᠡᠷᠦᠬᠡ | ᠳᠤ ᠨᠢᠬᠡ ᠠᠷᠭ᠎ᠠ ᠪᠤᠳᠤᠯᠭ᠎ᠠ ᠬᠡᠷᠡᠭᠵᠢᠬᠦᠯᠬᠦ ᠪᠠ ᠡᠷᠦᠬᠡ ᠳᠤ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ︾ ᠶᠢ | ᠪᠡᠶᠡᠯᠡᠬᠦᠯᠵᠦ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠵᠡᠷᠭᠡ | ᠲᠥᠷᠥ ᠶᠢᠨ ᠪᠣᠳᠣᠯᠭ᠎ᠠ ᠪᠠᠷ ᠲᠡᠮᠵᠢᠬᠦ ᠡᠷᠴᠢᠮ ᠢᠶᠠᠨ ᠴᠢᠩᠭᠠᠷᠠᠭᠤᠯᠤᠨ᠂ ᠣᠯᠠᠨ ᠵᠦᠢᠯ ᠤᠨ ᠠᠷᠭ᠎ᠠ ᠬᠡᠯᠪᠡᠷᠢ ᠶᠢ | ᠠᠪᠴᠤ ᠪᠠᠶᠢᠭᠠᠳ ᠲᠡᠳᠡᠨᠡᠷ ᠤᠨ ᠦᠢᠯᠡᠳᠪᠦᠷᠢᠯᠡᠯ ᠢᠶᠠᠨ ᠬᠤᠪᠢᠷᠠᠭᠤᠯᠬᠤ᠂ ᠣᠷᠣᠯᠠᠬᠤ ᠠᠵᠤ ᠦᠢᠯᠡᠰ ᠢ | ᠭᠦᠭᠵᠢᠬᠦᠯᠬᠦ ᠳᠤ ᠨᠢ ᠲᠡᠮᠵᠢᠯᠬᠡ ᠦᠵᠡᠬᠦᠯᠵᠦ᠂ ᠰᠠᠭᠤᠷᠢ ᠠᠴᠠ ᠨᠢ ᠲᠠᠭᠠᠭᠠᠨ ᠪᠠᠳᠤᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠬᠦᠯᠬᠦ | ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠶᠠᠯᠬᠠᠳᠠᠬᠤ | ᠭᠠᠵᠠᠷ ᠢᠶᠠᠷ ᠬᠠᠮᠢᠶᠠᠷᠤᠭᠤᠯᠬᠤ ᠵᠠᠷᠴᠢᠮ ᠶᠣᠰᠣᠭᠠᠷ᠂ ᠨᠦᠭᠦᠪᠦᠷᠢᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ | ᠦᠨᠡᠨ ᠬᠦ ᠭᠦᠢᠴᠡᠳᠬᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠪ ᠤᠨ ᠲᠥᠷᠥ ᠶᠢᠨ ᠪᠣᠳᠣᠯᠭ᠎ᠠ ᠪᠠ ᠪᠡᠯᠡ | ᠮᠦᠩᠬᠦᠨ ᠤ ᠳᠡᠮᠵᠢᠯᠭᠡ ᠶᠢ ᠢᠳᠡᠪᠬᠢᠯᠡᠨ ᠣᠯᠬᠤ ᠬᠡᠷᠡᠭᠳᠡᠢ᠃ | ᠲᠤᠯᠤᠭ᠎ᠠ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠮᠠᠭᠠᠯᠠᠬᠤ ᠠᠵᠢᠯ ᠢ | ᠰᠠᠶᠢᠲᠤᠷ ᠬᠢᠬᠦ ᠬᠡᠷᠡᠭᠲᠡᠶ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠨᠠᠶᠢᠳᠠᠪᠤᠷᠢᠵᠢᠭᠤᠯᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ﹀ | ᠶᠢ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠠᠩᠨᠠᠬᠤ ᠬᠤᠷᠢᠭᠠᠲᠠᠶ ᠣᠷᠣᠨ ᠪᠠ ᠠᠩᠨᠠᠬᠤ ᠬᠤᠷᠢᠭᠠᠲᠠᠶ ᠬᠤᠭᠤᠴᠠᠭ᠎ᠠ ᠶᠢ ᠬᠤᠪᠢᠶᠠᠷᠢᠯᠠᠨ ᠲᠣᠭᠲᠠᠭᠠᠬᠤ ᠬᠡᠷᠡᠭᠲᠡᠶ᠃ | ᠬᠡᠭᠡᠷ᠎ᠡ ᠶᠢᠨ ᠠᠮᠢᠲᠠᠨ ᠤ ᠴᠢᠬᠤᠯᠠ ᠲᠠᠷᠬᠠᠯᠲᠠ ᠶᠢᠨ ᠣᠷᠣᠨ ᠪᠠ ᠣᠷᠣᠰᠢᠨ ᠠᠮᠢᠳᠤᠷᠠᠬᠤ ᠭᠠᠵᠠᠷ ᠲᠤ ᠣᠷᠣᠨ | ᠬᠡᠰᠡᠭ ᠬᠤᠪᠢᠶᠠᠬᠤ ᠶᠢ ᠬᠡᠷᠡᠭᠵᠢᠬᠦᠯᠦᠨ᠂ ᠬᠠᠮᠠᠭᠠᠯᠠᠬᠤ ᠬᠠᠷᠢᠭᠤᠴᠠᠯᠭ᠎ᠠ ᠶᠢ ᠲᠤᠳᠤᠷᠬᠠᠶᠢᠯᠠᠵᠦ᠂ ᠬᠡᠭᠡᠷ᠎ᠡ ᠶᠢᠨ | ᠠᠮᠢᠲᠠᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠳᠡᠢ᠃ ᠤᠨᠴᠠᠭᠠᠶᠢᠯᠠᠨ ᠨᠡᠭᠦᠳᠡᠯ ᠤᠨ | ᠰᠢᠪᠠᠭᠤᠳ ᠤᠨ ᠶᠡᠭᠡ ᠬᠡᠪᠴᠢᠶ᠎ᠡ ᠪᠠᠷ ᠴᠤᠨᠨᠯᠠᠷᠠᠵᠦ ᠡᠪᠦᠯᠵᠢᠬᠦ ᠭᠠᠵᠠᠷ᠂ ᠦᠷᠡᠵᠢᠬᠦ ᠭᠠᠵᠠᠷ ᠪᠠ ᠨᠡᠭᠦᠳᠡᠯᠯᠡᠬᠦ ᠵᠠᠮ ᠳᠤ | ᠬᠠᠮᠠᠭᠠᠯᠠᠯᠳᠠ ᠶᠢᠨ ᠬᠠᠷᠠᠭᠤᠯ ᠤᠨ ᠥᠷᠲᠡᠭᠡ᠂ ᠴᠠᠭᠳᠠᠨ ᠬᠠᠮᠠᠭᠠᠯᠠᠬᠤ ᠵᠠᠮ ᠱᠤᠭᠤᠮ ᠢ ᠪᠠᠶᠢᠷᠢᠯᠠᠭᠤᠯᠤᠨ | ᠨᠢᠨᠨᠳᠠᠷᠠᠭᠤᠯᠵᠦ᠂ ᠬᠡᠭᠡᠷ᠎ᠡ ᠭᠠᠳᠠᠨᠠᠬᠢ ᠲᠣᠭᠤᠷᠢᠨ ᠬᠠᠮᠠᠭᠠᠯᠠᠵᠤ ᠮᠠᠨᠠᠵᠦ ᠰᠠᠬᠢᠬᠤ ᠡᠷᠴᠢᠮ ᠢᠶᠠᠨ ᠤᠯᠠᠮ ᠨᠢᠭᠡ | ᠠᠯᠬᠤᠮ ᠴᠢᠩᠭᠠᠷᠠᠭᠤᠯᠤᠨ᠂ ᠰᠢᠪᠠᠭᠤ ᠲᠤᠤᠷᠯᠠᠬᠤ ᠲᠤᠤᠷ᠂ ᠠᠪᠠ ᠶᠢᠨ ᠤᠷᠠᠬ᠎ᠠ ᠵᠡᠷᠭᠡ ᠬᠠᠤᠯᠢ ᠪᠤᠰᠤ ᠠᠩᠨᠠᠨ | ᠪᠠᠷᠢᠬᠤ ᠪᠠᠭᠠᠵᠢ ᠬᠡᠷᠡᠭᠰᠡᠯ ᠢ ᠪᠦᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠨᠡᠭᠦᠳᠡᠯ ᠤᠨ ᠰᠢᠪᠠᠭᠤ ᠵᠡᠷᠭᠡ ᠬᠡᠭᠡᠷ᠎ᠡ ᠶᠢᠨ | ᠠᠮᠢᠲᠠᠨ ᠤ ᠳᠦᠷᠰᠦ ᠶᠢᠨ ᠰᠦᠷᠦᠭ ᠤᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠳᠡᠢ᠃ ᠬᠡᠭᠡᠷ᠎ᠡ ᠶᠢᠨ | ᠠᠮᠢᠲᠠᠨ ᠤ ᠬᠢᠵᠢᠭ ᠡᠪᠡᠳᠴᠢᠨ ᠢ ᠬᠢᠨᠠᠨ ᠰᠢᠨᠵᠢᠬᠦ ᠥᠷᠲᠡᠭᠡ ᠪᠠ ᠠᠪᠤᠷᠠᠯᠳᠠ ᠶᠢᠨ ᠲᠥᠪ ︵ᠦᠷᠳᠡᠭᠡ︶ ᠤᠨ | ᠲᠥᠯᠥᠪᠵᠢᠭᠦᠯᠪᠡ ᠪᠠ ᠪᠦᠲᠦᠭᠡᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠤ | ᠬᠢᠵᠢᠭ ᠤᠨ ᠢᠷᠡᠯᠲᠡ᠂ ᠬᠢᠵᠢᠭ ᠡᠪᠡᠳᠴᠢᠨ ᠢ ᠬᠢᠨᠠᠨ ᠰᠢᠨᠵᠢᠬᠦ ᠪᠠ ᠬᠤᠷᠢᠶᠠᠮᠵᠢᠯᠠᠵᠦ ᠠᠪᠤᠷᠠᠯᠳᠠ ᠬᠢᠬᠦ ᠠᠵᠢᠯ ᠢ | ᠰᠠᠶᠢᠲᠤᠷ ᠬᠢᠬᠦ ᠬᠡᠷᠡᠭᠳᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ | ᠬᠠᠮᠠᠭᠠᠯᠠᠬᠤ ᠬᠠᠤᠯᠢ︾ ᠳᠤ ᠲᠣᠭᠲᠠᠭᠠᠭᠰᠠᠨ ᠬᠠᠮᠠᠭᠠᠯᠠᠬᠤ ᠬᠡᠭᠡᠷ᠎ᠡ ᠶᠢᠨ ᠠᠮᠢᠲᠠᠨ ᠢ ᠬᠠᠮᠠᠭᠠᠯᠬᠠᠰᠠᠨ ᠠᠴᠠ ᠪᠤᠯᠵᠦ | ᠬᠥᠮᠦᠨ ᠬᠠᠷ᠎ᠠ ᠠᠳᠡᠵᠦ ᠰᠢᠷᠬᠠᠲᠤᠭᠰᠠᠨ᠂ ᠲᠠᠷᠢᠮᠠᠯ ᠪᠤᠶᠤ ᠪᠤᠰᠤᠳ ᠡᠳ᠋ ᠬᠦᠷᠦᠩᠭᠡ ᠳᠤ ᠬᠤᠬᠢᠷᠠᠯ | ᠤᠴᠠᠷᠠᠭᠤᠯᠤᠨᠨᠰᠠᠨ ᠪᠠᠶᠢᠪᠠᠯ᠂ ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠠᠴᠠ ᠨᠦᠭᠦᠪᠦᠷᠢ ᠦᠭᠬᠦ | ᠬᠡᠷᠡᠭᠳᠡᠢ᠃ | ᠨᠠᠢᠮᠠ᠂ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠤᠯᠭᠠᠬᠤ ᠬᠡᠷᠡᠭᠳᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠠᠷᠠᠳ ᠤᠨ ᠪᠦᠯᠬᠦᠮ᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠰᠤᠷᠭᠠᠭᠤᠯᠢ ᠵᠡᠷᠭᠡ ᠨᠡᠶᠢᠭᠡᠮ ᠤᠨ ᠡᠯ᠎ᠡ ᠲᠠᠯ᠎ᠠ ᠶᠢᠨ ᠬᠢᠨ ᠠᠮᠢ ᠠᠬᠤᠶ ᠶᠢᠨ ᠣᠷᠴᠢᠨ ᠲᠤᠭᠤᠷᠢᠨ ᠤ | ᠬᠠᠮᠠᠭᠠᠯᠠᠯᠲᠠ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠬᠡᠭᠡᠷ᠎ᠡ ᠶᠢᠨ ᠠᠮᠢᠲᠠᠨ ᠢᠳᠡᠬᠦ ᠶᠢ | ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠮᠡᠳᠡᠯᠭᠡ ᠶᠢ ᠤᠬᠠᠭᠤᠯᠤᠨ | ᠰᠤᠷᠤᠯᠴᠠᠬᠤ ᠪᠠ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠢᠳᠡᠪᠬᠢᠲᠡᠶ ᠥᠷᠨᠢᠭᠦᠯᠬᠦ ᠬᠡᠷᠡᠭᠲᠡᠶ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠬᠡᠭᠡᠷ᠎ᠡ ᠶᠢᠨ ᠠᠮᠢᠲᠠᠨ ᠢᠳᠡᠬᠦ ᠶᠢ ᠴᠠᠭᠠᠵᠠᠯᠠᠬᠤ ᠤᠬᠠᠭᠤᠯᠭ᠎ᠠ ᠪᠠ | ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠠᠵᠢᠯ ᠢᠶᠠᠨ ᠴᠢᠩᠭᠠᠳᠬᠠᠵᠤ᠂ ᠪᠣᠬᠢᠷᠲᠤᠯ ᠦᠭᠡᠶ᠂ ᠡᠷᠡᠭᠦᠯ ᠰᠠᠷᠠᠭᠤᠯ᠂ | ᠪᠣᠯᠪᠠᠰᠤᠨ ᠠᠮᠢᠳᠤᠷᠠᠯ ᠤᠨ ᠤᠨᠤᠯᠵᠢᠬᠤᠨ ᠢ ᠰᠠᠨᠠᠭᠠᠴᠢᠯᠠᠬᠤ ᠬᠡᠷᠡᠭᠲᠡᠶ᠃ ᠨᠡᠶᠢᠭᠡᠮ ᠤᠨ ᠪᠦᠷᠢᠯᠳᠦᠬᠦᠨ ᠤᠳ ᠠᠮᠢ | ᠠᠬᠤᠢ ᠶᠢᠨ ᠬᠠᠮᠠᠭᠠᠯᠠᠯᠲᠠ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ ᠤ ᠦᠵᠡᠯ | ᠤᠬᠠᠮᠰᠠᠷ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ᠨᠡᠶᠢᠭᠡᠮ ᠨᠡᠶᠢᠲᠡ ᠶᠢᠨ ᠬᠢᠨ ᠤ ᠬᠡᠭᠡᠷ᠎ᠡ ᠶᠢᠨ ᠠᠮᠢᠲᠠᠨ ᠢ | ᠬᠠᠤᠯᠢ ᠪᠤᠰᠤ ᠪᠠᠷ ᠠᠷᠠᠯᠵᠢᠶᠠᠯᠠᠬᠤ ᠪᠠ ᠲᠤᠷ᠎ᠠ ᠪᠠᠷ ᠢᠳᠡᠬᠦ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ | ᠬᠤᠷᠢᠭᠯᠠᠬᠤ ᠪᠠ ᠰᠠᠨᠠᠭᠠᠴᠢᠯᠠᠭ᠎ᠠ ᠠᠴᠠ ᠪᠠᠨ ᠢᠯᠡᠴᠢᠯᠡᠨ ᠮᠡᠳᠡᠭᠦᠯᠬᠦ ᠶᠢ ᠵᠤᠷᠢᠨᠨᠵᠢᠭᠤᠯᠤᠨ᠂ ᠵᠠᠰᠠᠭ ᠤᠨ ᠣᠷᠳᠣᠨ | ᠪᠦᠬᠦ ᠲᠠᠯ᠎ᠠ ᠪᠠᠷ ᠭᠤᠤᠯᠯᠠᠨ ᠵᠢᠯᠤᠭᠤᠳᠬᠤ᠂ ᠰᠠᠯᠠᠭ᠎ᠠ ᠮᠥᠴᠢᠷ ᠬᠠᠤᠯᠢ ᠶᠣᠰᠣᠭᠠᠷ ᠬᠢᠨᠠᠨ ᠬᠠᠮᠢᠶᠠᠷᠴᠤ᠂ ᠪᠦᠭᠦ | ᠨᠡᠶᠢᠭᠡᠮ ᠢᠶᠠᠷ ᠢᠶᠠᠨ ᠢᠳᠡᠪᠬᠢᠲᠡᠶ ᠤᠷᠤᠯᠴᠬᠠᠰᠠᠨ᠂ ᠬᠡᠭᠡᠷ᠎ᠡ ᠶᠢᠨ ᠠᠮᠢᠲᠠᠨ ᠢ ᠳᠤᠷ᠎ᠠ ᠪᠠᠷ ᠢᠳᠡᠬᠦ ᠮᠠᠭᠤ ᠳᠠᠳᠬᠠᠯ ᠢ | ᠬᠠᠮᠲᠤ ᠪᠠᠷ ᠠᠷᠢᠯᠭᠠᠬᠤ ᠰᠢᠨ᠎ᠠ ᠪᠠᠶᠢᠳᠠᠯ ᠢ ᠪᠤᠢ ᠪᠤᠯᠭᠠᠬᠤ ᠬᠡᠷᠡᠭᠳᠡᠢ᠃ | | 2020 ᠣᠨ ᠤ 5 ᠳ᠋ᠤᠭᠠᠷ ᠰᠠᠷ᠎ᠠ ᠶᠢᠨ 16 ᠤ ᠡᠳᠦᠷ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |