ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ | ᠵᠦᠪᠯᠡᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠩᠬᠢᠨᠢ | ᠲᠢᠩᠬᠢᠮ ᠤᠨ ᠳᠡᠰ ᠤᠨ ᠪᠦᠷᠢᠯᠳᠦᠭᠦᠨ ᠰᠠᠯᠠᠭ᠎ᠠ ᠮᠦᠴᠢᠷ ᠪᠣᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ | ᠵᠦᠪᠯᠡᠯ ᠨᠢ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠠᠵᠢᠯ ᠤᠨ ᠲᠤᠬᠠᠶ ᠨᠠᠮ ᠤᠨ ᠲᠥᠪ | ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠤᠯ ᠡᠭᠦᠷᠭᠡ ᠬᠠᠷᠢᠭᠤᠴᠠᠯᠭ᠎ᠠ᠄ | ︵ᠨᠢᠭᠡ︶ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ ᠶᠢᠨ ᠪᠠᠶᠢᠯᠳᠣᠬᠤ ᠪᠣᠳᠣᠯᠭ᠎ᠠ᠂ | ᠳᠤᠮᠳᠠ ᠪᠠ ᠣᠷᠲᠦ ᠬᠤᠭᠤᠴᠠᠭᠠᠨ ᠤ ᠲᠦᠯᠦᠪᠵᠢᠭᠦᠯᠭᠡ ᠬᠢᠭᠡᠳ ᠣᠨ ᠤ ᠲᠦᠯᠦᠪᠯᠡᠭᠡ ᠶᠢ ᠲᠣᠭᠤᠷᠪᠢᠨ | ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠨᠢᠭᠡᠳᠦᠯᠲᠡᠢ ᠲᠦᠯᠦᠪᠵᠢᠭᠦᠯᠭᠡ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠳᠡᠰ ᠤᠨ ᠲᠤᠰᠬᠠᠢ ᠲᠥᠯᠥᠪᠵᠢᠭᠦᠯᠭᠡ᠂ ᠣᠷᠣᠨ ᠪᠦᠰᠡ ᠶᠢᠨ ᠲᠥᠯᠥᠪᠵᠢᠭᠦᠯᠭᠡ᠂ ᠣᠷᠣᠨ ᠵᠠᠢ ᠶᠢᠨ | ᠲᠥᠯᠥᠪᠵᠢᠭᠦᠯᠭᠡ ᠶᠢ ᠪᠦᠬᠦ ᠣᠷᠣᠨ ᠤ ᠬᠦᠭᠵᠢᠯᠲᠡ ᠶᠢᠨ ᠲᠥᠯᠥᠪᠵᠢᠭᠦᠯᠭᠡ ᠯᠦᠭᠡ ᠨᠢᠭᠡᠳᠦᠯᠲᠡᠢ ᠲᠥᠯᠥᠪᠯᠡᠨ | ᠵᠣᠯᠭᠠᠭᠤᠯᠬᠤ ᠶᠢ ᠬᠠᠷᠢᠭᠤᠴᠠᠨ᠎ᠠ᠃ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠳᠡ᠂ ᠠᠵᠤ | ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠬᠡᠬᠡᠯᠲᠡ ᠶᠢᠨ ᠬᠠᠮᠢᠶ᠎ᠠ ᠪᠦᠬᠦᠢ ᠣᠷᠣᠨ | ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠥᠷᠢᠮ ᠲᠣᠭᠲᠠᠭᠠᠯ ᠤᠨ ᠲᠥᠰᠥᠯ ᠢ ᠲᠣᠭᠤᠷᠪᠢᠨᠠ᠃ | ︵ᠬᠤᠶᠠᠷ︶ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠬᠤ᠂ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠶᠡᠷᠦᠩᠬᠡᠶ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠠᠮᠢᠶ᠎ᠠ ᠪᠦᠬᠦᠢ | ᠲᠦᠷᠦ ᠶᠢᠨ ᠪᠣᠳᠣᠯᠭ᠎ᠠ ᠶᠢ ᠳᠤᠷᠠᠳᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ | ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ | ᠢᠨᠵᠧᠨᠧᠷᠢᠩ ᠢ ᠰᠢᠮᠳᠠᠭᠤᠯᠤᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ | ᠲᠣᠬᠢᠷᠠᠭᠤᠯᠬᠤ ᠰᠠᠨᠠᠭᠤᠯᠭ᠎ᠠ ᠳᠤᠷᠠᠳᠤᠨ᠎ᠠ᠃ | ︵ᠭᠤᠷᠪᠠ︶ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ | ᠨᠢᠭᠡᠳᠦᠯᠲᠡᠢ ᠲᠥᠯᠥᠪᠵᠢᠭᠦᠯᠦᠨ ᠳᠤᠷᠠᠳᠴᠤ᠂ ᠬᠤᠷᠸ᠎ᠠ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ | ᠬᠠᠨᠳᠤᠰᠢ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠲᠦᠷᠦ ᠶᠢᠨ | ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ | ᠵᠣᠬᠢᠴᠠᠭᠤᠯᠵᠤ᠂ ᠬᠤᠷᠸ᠎ᠠ ᠠᠵᠤ ᠠᠬᠤᠶ ᠶᠢᠨ ᠠᠷᠭᠠᠴᠠᠭᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠠᠵᠢᠯᠯᠠᠭᠠᠨ ᠢ ᠲᠣᠬᠢᠷᠠᠭᠤᠯᠵᠤ᠂ ᠠᠵᠤ | ᠠᠬᠤᠶ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠡᠷᠬᠡ ᠮᠡᠳᠡᠯ ᠤᠨ ᠶᠣᠰᠣᠭᠠᠷ ᠵᠣᠬᠢᠶᠠᠨ ᠪᠠᠶᠢᠭᠤᠯᠤᠨ ᠲᠣᠭᠲᠠᠭᠠᠨ᠎ᠠ᠃ | ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ ᠪᠠ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ | ᠲᠣᠭᠲᠠᠭᠠᠬᠤ ᠳᠤ ᠣᠷᠣᠯᠴᠠᠨ᠎ᠠ᠃ | ︵ᠳᠥᠷᠪᠡ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ | ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠥᠭᠡᠷᠡᠴᠢᠯᠡᠯᠲᠡ ᠶᠢᠨ ᠰᠠᠨᠠᠭᠤᠯᠭ᠎ᠠ | ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠦᠭᠦᠯᠡᠨ | ᠠᠬᠢᠭᠤᠯᠤᠨ᠎ᠠ᠃ ᠥᠮᠴᠢᠯᠡᠬᠦ ᠡᠷᠬᠡ ᠶᠢᠨ ᠲᠦᠷᠢᠮ ᠪᠠ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ | ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠦᠨᠳᠦᠰᠦᠨ ᠠᠵᠤ ᠠᠬᠤᠶ ᠶᠢᠨ ᠲᠦᠷᠢᠮ ᠪᠠ | ᠤᠳᠤ ᠦᠶ᠎ᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ ᠪᠦᠷᠢᠨᠰᠢᠭᠦᠯᠵᠦ᠂ | ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠶ | ᠲᠠᠯ᠎ᠠ ᠶᠢᠨ ᠨᠠᠷᠢᠨ ᠬᠠᠭᠤᠳᠠᠰᠤ ᠶᠢᠨ ᠲᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ | ︵ᠲᠠᠪᠤ︶ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ | ᠲᠥᠯᠥᠪᠵᠢᠭᠦᠯᠭᠡ᠂ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ | ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠤᠨ ᠪᠥᠲᠥᠭᠡᠨ | ᠪᠠᠶᠢᠭᠤᠯᠤᠯᠲᠠ ᠳᠤ ᠣᠷᠣᠯᠴᠠᠬᠤ ᠬᠠᠮᠢᠶ᠎ᠠ ᠪᠥᠬᠦᠶ ᠠᠵᠢᠯ ᠢ ᠲᠦᠷᠦᠭᠦᠯᠡᠨ ᠠᠬᠢᠭᠤᠯᠤᠨ᠎ᠠ᠃ ᠨᠢᠭᠡᠳᠦᠯᠲᠡᠶ ᠲᠥᠯᠥᠪᠯᠡᠨ | ᠵᠣᠬᠢᠴᠠᠭᠤᠯᠵᠤ ᠭᠠᠳᠠᠭᠰᠢ ᠭᠠᠷᠭᠠᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠪᠦᠬᠦ ᠣᠷᠣᠨ ᠤ ᠪᠦᠬᠦ | ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠪᠦᠲᠦᠴᠡ ᠶᠢ ᠰᠢᠯᠢᠳᠡᠭᠵᠢᠭᠦᠯᠬᠦ | ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠪᠡᠯᠡ ᠣᠷᠣᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢ ᠬᠠᠷᠢᠭᠤᠴᠠᠵᠤ᠂ ᠪᠦᠬᠦ | ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠶ ᠬᠡᠪᠴᠢᠶ᠎ᠡ᠂ ᠪᠦᠲᠦᠴᠡ ᠶᠢᠨ | ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠵᠤ᠂ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ | ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ ᠲᠣᠭᠲᠠᠭᠠᠭᠰᠠᠨ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ᠎ᠠ᠃ ᠡᠳ᠋ ᠤᠨ ᠵᠠᠰᠠᠭ ᠤᠨ ᠴᠢᠨᠠᠷᠲᠠᠶ | ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠬᠢᠷᠠᠭᠤᠯᠵᠤ᠂ | ᠴᠢᠬᠤᠯᠠ ᠶᠡᠭᠡ ᠲᠥᠷᠥᠯ ᠵᠦᠢᠯ ᠢ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ᠂ ᠬᠢᠨᠠᠨ | ᠲᠣᠭᠲᠠᠭᠠᠬᠤ ᠪᠠ ᠬᠢᠨᠠᠨ ᠬᠠᠷᠭᠤᠭᠤᠯᠤᠨ᠎ᠠ᠃ ᠴᠢᠬᠤᠯᠠ ᠶᠡᠭᠡ ᠦᠢᠯᠡᠳᠪᠦᠷᠢᠯᠡᠯ ᠤᠨ ᠪᠦᠳᠦᠭᠡᠨ ᠪᠠᠶᠢᠭᠤᠯᠤᠯᠲᠠ ᠶᠢᠨ | ᠲᠥᠷᠥᠯ ᠵᠦᠢᠯ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠢ ᠲᠥᠯᠥᠪᠵᠢᠭᠦᠯᠦᠨ᠎ᠡ᠃ ᠠᠷᠠᠳ ᠤᠨ ᠪᠡᠯᠡ | ᠣᠷᠣᠭᠤᠯᠤᠯᠲᠠ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠤᠨ᠎ᠠ᠃ | ︵ᠲᠣᠯᠤᠭ᠎ᠠ︶ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠰᠢᠨ᠎ᠡ | ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠣᠷᠣᠨ ᠪᠦᠰᠡ ᠶᠢᠨ ᠲᠥᠯᠥᠪᠵᠢᠭᠦᠯᠭᠡ ᠪᠠ ᠲᠥᠷᠥ ᠶᠢᠨ | ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠣᠷᠣᠨ ᠪᠦᠰᠡ ᠶᠢᠨ ᠬᠠᠮᠲᠤᠷᠠᠯᠴᠠᠭᠠᠨ ᠤ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠲᠦᠯᠬᠢᠨ | ᠠᠬᠢᠭᠤᠯᠤᠨ᠎ᠠ᠃ | ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠨ᠎ᠠ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ | ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ | ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠭᠤᠯᠤᠨ | ᠠᠬᠢᠭᠤᠯᠵᠤ᠂ ᠦᠢᠯᠡᠴᠢᠯᠡᠭᠡᠨ ᠤ ᠦᠢᠯᠡᠰ ᠵᠢᠴᠢ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ | ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠪᠣᠯᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ | ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠦᠯᠲᠡ ᠶᠢ ᠠᠬᠢᠭᠤᠯᠤᠨ᠎ᠠ᠃ ᠬᠡᠷᠡᠭᠯᠡᠭᠡᠨ ᠤ | ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ | ᠶᠡᠷᠦᠩᠬᠡᠶᠢᠯᠡᠭᠰᠡᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠦᠨ᠎ᠡ᠃ | ︵ᠶᠢᠰᠦ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠬᠦ ᠶᠢ ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠦᠨ | ᠦᠢᠯᠡᠰ ᠴᠣᠭᠴᠠᠯᠠᠬᠤ ᠶᠢ ᠠᠬᠢᠭᠤᠯᠬᠤ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ | ᠰᠢᠨ᠎ᠡ ᠶᠢ ᠡᠭᠦᠳᠦᠨ ᠬᠦᠭᠵᠢᠭᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠬᠦᠴᠦᠨ ᠢ | ᠪᠤᠶᠢᠵᠢᠭᠤᠯᠬᠤ ᠲᠥᠷᠥ ᠶᠢᠨ ᠪᠣᠳᠣᠯᠭ᠎ᠠ ᠶᠢ ᠳᠤᠷᠠᠳᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢ | ᠲᠥᠯᠥᠪᠵᠢᠭᠦᠯᠦᠨ ᠪᠠᠶᠢᠷᠢᠰᠢᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠥᠭᠡᠳ ᠲᠦᠯᠬᠢᠨ ᠠᠬᠢᠭᠤᠯᠵᠤ᠂ | ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ | ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠ︶ ᠬᠤᠯᠪᠣᠭᠳᠠᠯ ᠪᠦᠬᠦᠢ ᠲᠦᠭᠰᠢᠭᠦᠷᠢ ᠶᠢᠨ ᠳᠠᠯᠳᠠ ᠭᠡᠮ ᠢ ᠮᠥᠷᠳᠡᠨ ᠰᠤᠳᠤᠯᠤᠨ ᠮᠠᠭᠠᠳᠯᠠᠵᠤ᠂ | ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠯᠬᠦ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠨᠥᠭᠡᠴᠡ ᠡᠳ᠋ ᠪᠠᠷᠠᠭ᠎ᠠ ᠶᠢᠨ ᠲᠥᠷᠥᠯ | ᠵᠦᠢᠯ ᠤᠨ ᠭᠠᠷᠴᠠᠭ᠂ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠪᠣᠯᠤᠨ ᠤᠯᠤᠰ ᠠᠷᠠᠳ ᠤᠨ ᠠᠵᠤ ᠠᠬᠤᠢ ᠶᠢᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ | ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠶᠢ | ᠵᠣᠬᠢᠶᠠᠨ ᠪᠠᠶᠢᠭᠤᠯᠤᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢ ᠪᠦᠷᠢᠨᠰᠢᠭᠦᠯᠬᠦ | ᠬᠢᠭᠡᠳ ᠠᠵᠤ ᠠᠬᠤᠶ ᠶᠢ ᠵᠣᠬᠢᠴᠠᠩᠭᠤᠶ ᠪᠠᠷ ᠬᠥᠭᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ | ᠳᠤᠷᠠᠳᠤᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠷᠦᠭᠦᠯᠡᠨ | ᠥᠷᠨᠢᠭᠦᠯᠦᠨ᠎ᠡ᠃ | ︵ᠠᠷᠪᠠᠨ ᠬᠤᠶᠠᠷ︶ ᠦᠷᠭᠦᠯᠵᠢᠯᠡᠬᠦ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ | ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠠᠮᠢ ᠠᠬᠤᠶ ᠶᠢᠨ ᠣᠷᠴᠢᠨ ᠨᠥᠬᠦᠴᠡᠯ ᠢ ᠬᠠᠮᠠᠭᠠᠯᠠᠬᠤ ᠪᠠ ᠰᠡᠷᠭᠦᠭᠡᠬᠦ᠂ ᠡᠨᠧᠷᠭᠢ ᠶᠢᠨ ᠡᠬᠢ ᠪᠠᠶᠠᠯᠢᠭ ᠢ ᠠᠷᠪᠢᠯᠠᠬᠤ | ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠶ ᠶᠢᠨ ᠬᠠᠮᠠᠭᠠᠯᠠᠯᠲᠠ ᠶᠢᠨ | ᠨᠥᠬᠦᠪᠥᠷᠢ ᠥᠭᠬᠦ ᠲᠣᠭᠲᠠᠴᠠ ᠶᠢ ᠲᠡᠭᠦᠯᠳᠡᠷᠵᠢᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠴᠤ᠂ | ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠢᠯᠡᠰ ᠪᠣᠯᠤᠨ ᠴᠡᠪᠡᠷ ᠦᠢᠯᠡᠳᠪᠦᠷᠢᠯᠡᠯ ᠢ ᠠᠬᠢᠭᠤᠯᠬᠤ | ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ | ᠬᠠᠷᠠᠯᠲᠠ᠂ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠭᠤᠷᠪᠠ︶ ᠤᠯᠤᠰ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠬᠥᠭᠵᠢᠭᠦᠯᠬᠦ ᠪᠠᠶᠢᠯᠳᠤᠬᠤ | ᠪᠣᠳᠣᠯᠭ᠎ᠠ᠂ ᠲᠥᠯᠥᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ | ᠨᠠᠶᠢᠷᠠᠭᠤᠯᠵᠤ᠂ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠠᠷᠪᠠᠨ ᠳᠥᠷᠪᠡ︶ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ | ᠨᠥᠭᠡᠴᠡᠯᠡᠬᠦ ᠲᠣᠪᠴᠢᠶ᠎ᠠ ᠶᠢ ᠬᠠᠮᠢᠶᠠᠷᠤᠨ᠎ᠠ᠃ | ︵ᠠᠷᠪᠠᠨ ᠲᠠᠪᠤ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠭᠤᠯᠬᠤ᠃ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠦ᠂ ᠭᠤᠤᠯ ᠬᠦᠴᠦᠨ ᠢᠶᠠᠨ ᠬᠤᠷᠸ᠎ᠠ ᠲᠠᠯ᠎ᠠ ᠶᠢ | ᠬᠠᠮᠢᠶᠠᠷᠬᠤ᠂ ᠪᠦᠬᠦ ᠲᠠᠯ᠎ᠠ ᠶᠢ ᠪᠣᠳᠣᠯᠬᠢᠯᠠᠬᠤ᠂ ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠦᠨ᠂ ᠰᠠᠯᠠᠭ᠎ᠠ | ᠮᠥᠴᠢᠷ᠂ ᠭᠠᠵᠠᠷ ᠣᠷᠣᠨ᠂ ᠠᠵᠢᠯ ᠲᠦᠷᠦᠯ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠬᠤᠯᠠ ᠶᠡᠭᠡ | ᠲᠥᠯᠥᠪᠵᠢᠭᠦᠯᠭᠡ᠂ ᠥᠭᠡᠷᠡᠴᠢᠯᠡᠯᠲᠡ᠂ ᠢᠨᠵᠧᠨᠧᠷᠢᠩ ᠢ ᠶᠡᠷᠦᠩᠬᠡᠶᠢᠯᠡᠨ ᠵᠣᠬᠢᠴᠠᠭᠤᠯᠬᠤ ᠶᠢ ᠴᠢᠩᠭᠠᠳᠬᠠᠵᠤ᠂ ᠪᠦᠬᠦ | ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢᠨ | ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠢᠴᠢᠯ ᠲᠠᠯ᠎ᠠ ᠶᠢᠨ ᠬᠠᠮᠢᠶᠠᠷᠤᠯᠲᠠ ᠶᠢᠨ | ᠬᠡᠷᠡᠭ ᠶᠠᠪᠤᠳᠠᠯ ᠪᠠ ᠪᠣᠳᠠᠲᠠᠶ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠥᠬᠡᠳᠬᠡᠵᠦ᠂ ᠵᠠᠰᠠᠭ ᠤᠨ | ᠣᠷᠳᠣᠨ ᠠᠴᠠ ᠵᠠᠬ᠎ᠠ ᠳᠡᠯᠭᠡᠭᠦᠷ ᠤᠨ ᠡᠬᠢ ᠪᠠᠶᠠᠯᠢᠭ ᠢ ᠰᠢᠭᠤᠳ ᠲᠣᠬᠢᠷᠠᠭᠤᠯᠬᠤ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ | ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ | ᠪᠦᠲᠦᠮᠵᠢ ᠪᠠ ᠲᠥᠪ ᠭᠤᠤᠯᠴᠢ ᠴᠢᠨᠠᠷ ᠢ ᠳᠡᠭᠡᠭᠰᠢᠯᠡᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | 1. ᠪᠦᠬᠦ ᠣᠷᠣᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠬᠤ᠂ ᠲᠥᠯᠥᠪᠵᠢᠭᠦᠯᠭᠡ ᠶᠢᠨ | ᠰᠢᠰᠲ᠋ᠧᠮᠵᠢ ᠶᠢᠨ ᠡᠭᠦᠷᠭᠡ ᠴᠢᠳᠠᠪᠤᠷᠢ ᠨᠢᠭᠡᠳᠬᠡᠬᠦ ᠶᠢ ᠴᠢᠩᠭᠠᠳᠬᠠᠵᠤ᠂ ᠲᠥᠯᠥᠪᠵᠢᠭᠦᠯᠭᠡ ᠶᠢᠨ ᠳᠦᠷᠢᠮ ᠢ | ᠪᠦᠷᠢᠨᠰᠢᠭᠦᠯᠵᠦ᠂ ᠲᠥᠯᠥᠪᠵᠢᠭᠦᠯᠭᠡ ᠶᠢ ᠰᠠᠶᠢᠲᠤᠷ ᠨᠢᠭᠡᠳᠦᠯᠲᠡᠶ ᠲᠥᠯᠥᠪᠯᠡᠵᠦ᠂ ᠲᠥᠯᠥᠪᠵᠢᠭᠦᠯᠭᠡ ᠶᠢᠨ ᠲᠤᠭ᠎ᠠ | ᠬᠡᠮᠵᠢᠶ᠎ᠡ ᠶᠢ ᠴᠣᠮᠬᠠᠳᠬᠠᠨ᠂ ᠲᠥᠯᠥᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ᠂ ᠲᠥᠯᠥᠪᠵᠢᠭᠦᠯᠭᠡ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠤᠨ᠎ᠠ᠃ | 2. ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠲᠣᠬᠢᠷᠠᠭᠤᠯᠤᠨ ᠡᠵᠡᠮᠰᠢᠬᠦ | ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠥᠪᠵᠢᠭᠦᠯᠭᠡ᠂ ᠡᠳ᠋ ᠤᠨ ᠵᠠᠰᠠᠭ᠂ | ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠣᠯᠤᠨ ᠠᠵᠢᠯ ᠤᠨ ᠬᠠᠮᠵᠢᠯᠴᠠᠭ᠎ᠠ ᠶᠢᠨ | ᠲᠣᠭᠲᠠᠴᠠ ᠶᠢ ᠪᠠᠶᠢᠭᠤᠯᠵᠤ᠂ ᠠᠵᠤ ᠠᠬᠤᠶ ᠶᠢᠨ ᠬᠢᠨᠠᠨ ᠬᠡᠮᠵᠢᠬᠦ ᠤᠷᠢᠳᠴᠢᠯᠠᠨ ᠬᠡᠮᠵᠢᠬᠦ ᠤᠷᠢᠳᠴᠢᠯᠠᠨ | ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠨ᠂ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠪᠠ ᠲᠦᠷᠦ ᠶᠢᠨ | ᠪᠤᠳᠤᠯᠭ᠎ᠠ ᠶᠢᠨ ᠨᠥᠭᠡᠴᠡᠯᠡᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠷᠸ᠎ᠠ | ᠲᠣᠬᠢᠷᠠᠭᠤᠯᠭ᠎ᠠ ᠡᠵᠡᠮᠰᠢᠯ ᠤᠨ ᠪᠠᠷᠠᠭᠠᠯᠬᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ | ᠴᠢᠩᠭᠠᠳᠬᠠᠨ᠎ᠠ᠃ | 3. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠵᠠᠬ᠎ᠠ | ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠪᠦᠬᠦ | ᠲᠠᠯ᠎ᠠ ᠪᠠᠷ ᠬᠡᠷᠡᠭᠵᠢᠭᠦᠯᠦᠨ᠎ᠡ᠃ ᠪᠡᠯᠡ ᠣᠷᠤᠭᠤᠯᠬᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠲᠣᠭᠲᠠᠭᠠᠬᠤ ᠬᠡᠪᠴᠢᠶ᠎ᠡ ᠶᠢ ᠬᠠᠮᠤᠭ ᠤᠨ | ᠶᠡᠭᠡ ᠬᠡᠮᠵᠢᠶ᠎ᠡ ᠪᠠᠷ ᠪᠠᠭᠠᠰᠬᠠᠨ᠎ᠠ᠃ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ | ᠣᠷᠳᠣᠨ ᠤ ᠦᠨ᠎ᠡ ᠲᠣᠭᠲᠠᠭᠠᠬᠤ ᠭᠠᠷᠴᠠᠭ ᠲᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠣᠬᠢᠷᠠᠭᠤᠯᠵᠤ᠂ | ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠤᠰᠬᠠᠭᠰᠠᠨ ᠦᠨ᠎ᠡ ᠲᠣᠭᠲᠠᠭᠠᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠲᠦᠷᠭᠡᠳᠬᠡᠨ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠳᠣᠤᠷᠠᠬᠢ ᠮᠡᠲᠦ | ᠳᠣᠲᠣᠭᠠᠳᠤ ᠪᠠᠶᠢᠭᠤᠯᠤᠮᠵᠢ ᠪᠠᠶᠢᠭᠤᠯᠪᠠ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠪᠢᠴᠢᠭ | ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠴᠢᠬᠤᠯᠠ ᠶᠠᠪᠤᠳᠠᠯ᠂ ᠳᠠᠩᠰᠠ ᠡᠪᠬᠡᠮᠡᠯ᠂ ᠮᠡᠳᠡᠭᠡ | ᠵᠠᠩᠭᠢ᠂ ᠠᠮᠤᠷ ᠲᠥᠪᠰᠢᠨ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠣᠯᠵᠢᠯᠠᠯ᠂ ᠵᠠᠰᠠᠭ ᠤᠨ ᠶᠠᠪᠤᠳᠠᠯ ᠢ ᠢᠯᠡ | ᠪᠣᠯᠭᠠᠬᠤ᠂ ᠳᠦᠷᠢᠮ ᠲᠣᠭᠲᠠᠭᠠᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠡᠳ᠋ ᠤᠨ ᠶᠠᠪᠤᠳᠠᠯ᠂ ᠡᠳ᠋ | ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠡᠭᠦᠷᠭᠡᠯᠡᠨ᠎ᠡ᠃ | ︵ᠬᠤᠶᠠᠷ︶ ᠠᠵᠢᠯᠲᠠᠨ ᠤ ᠶᠠᠪᠤᠳᠠᠯ ᠤᠨ ᠭᠠᠵᠠᠷ᠃ ᠪᠠᠶᠢᠭᠤᠯᠭ᠎ᠠ ᠵᠢᠴᠢ ᠰᠢᠭᠤᠳ ᠬᠠᠷᠢᠶ᠎ᠠ ᠨᠢᠭᠡᠴᠢ ᠶᠢᠨ | ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ | ᠪᠣᠯᠪᠠᠰᠤᠷᠠᠭᠤᠯᠤᠯ᠂ ᠴᠢᠳᠠᠪᠤᠷᠢᠲᠠᠨ ᠤ ᠬᠥᠭᠵᠢᠯᠲᠡ᠂ ᠬᠥᠳᠡᠯᠮᠦᠷᠢ ᠴᠠᠯᠢᠩ ᠪᠣᠯᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ | ︵ᠭᠤᠷᠪᠠ︶ ᠬᠠᠤᠯᠢ ᠳᠥᠷᠢᠮ ᠤᠨ ᠭᠠᠵᠠᠷ᠃ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠣᠭᠤᠷᠪᠢᠨᠠ᠃ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ | ᠡᠭᠦᠷᠭᠡᠯᠡᠨ᠎ᠡ᠃ ᠬᠠᠮᠢᠶ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ | ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠢ ᠲᠣᠭᠲᠠᠭᠠᠯ ᠶᠣᠰᠣᠭᠠᠷ ᠵᠢᠯᠣᠭᠤᠳᠤᠨ | ᠵᠣᠬᠢᠴᠠᠭᠤᠯᠤᠨ᠎ᠠ᠃ | ︵ᠳᠥᠷᠪᠡ︶ ᠰᠢᠮᠳᠠᠭᠤᠯᠤᠨ ᠵᠢᠯᠣᠭᠤᠳᠬᠤ ᠭᠠᠵᠠᠷ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠠᠵᠢᠯ ᠤᠨ ᠲᠤᠬᠠᠶ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ ᠴᠢᠬᠤᠯᠠ ᠶᠡᠭᠡ | ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠢ ᠰᠢᠮᠳᠠᠭᠤᠯᠤᠨ ᠵᠢᠯᠣᠭᠤᠳᠬᠤ ᠶᠢ ᠲᠦᠷᠦᠭᠦᠯᠡᠨ ᠵᠣᠬᠢᠶᠠᠨ | ᠪᠠᠶᠢᠭᠤᠯᠤᠨ ᠥᠷᠨᠢᠭᠦᠯᠦᠨ᠎ᠡ᠃ | ︵ᠲᠠᠪᠤ︶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠥᠪᠵᠢᠭᠦᠯᠭᠡ ᠶᠢᠨ ᠭᠠᠵᠠᠷ᠃ ᠥᠪᠡᠷᠲᠡᠭᠡᠨ | ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠠᠵᠤ ᠠᠬᠤᠶ ᠶᠢᠨ ᠪᠦᠲᠦᠴᠡ ᠶᠢᠨ | ᠲᠣᠬᠢᠷᠠᠭᠤᠯᠤᠯᠲᠠ ᠶᠢᠨ ᠲᠥᠷᠥ ᠶᠢᠨ ᠪᠣᠳᠣᠯᠭ᠎ᠠ ᠪᠣᠯᠤᠨ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ | ᠪᠠᠶᠢᠷᠢᠰᠢᠭᠤᠯᠤᠯ ᠤᠨ ᠰᠠᠨᠠᠭᠤᠯᠭ᠎ᠠ ᠶᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ ᠲᠣᠭᠲᠠᠭᠠᠬᠤ ᠶᠢᠨ ᠬᠠᠮᠲᠤ ᠲᠦᠯᠬᠢᠨ ᠠᠬᠢᠭᠤᠯᠤᠨ᠎ᠠ᠃ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠦᠨᠡᠯᠡᠨ ᠵᠢᠱᠢᠵᠦ ᠰᠢᠮᠳᠠᠭᠤᠯᠤᠨ ᠵᠢᠯᠣᠭᠤᠳᠬᠤ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ | ᠳᠤᠷᠠᠳᠤᠨ᠎ᠠ᠃ ᠲᠥᠯᠥᠪᠵᠢᠭᠦᠯᠭᠡ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠲᠦᠭᠦᠯᠬᠦ ᠠᠵᠢᠯ ᠢ ᠡᠭᠦᠷᠭᠡᠯᠡᠵᠦ᠂ | ᠥᠪᠡᠷᠲᠡᠭᠡᠨ ᠵᠠᠰᠠᠬᠤ ᠣᠷᠣᠨ ᠤ ᠱᠠᠲᠤᠨ ᠤ ᠲᠤᠰᠬᠠᠶ ᠵᠦᠢᠯ ᠤᠨ ᠲᠥᠯᠥᠪᠵᠢᠭᠦᠯᠭᠡ᠂ ᠣᠷᠣᠨ ᠪᠦᠰᠡ ᠶᠢᠨ | ᠲᠥᠯᠥᠪᠵᠢᠭᠦᠯᠭᠡ᠂ ᠣᠷᠣᠨ ᠵᠠᠶ ᠶᠢᠨ ᠲᠥᠯᠥᠪᠵᠢᠭᠦᠯᠭᠡ ᠬᠢᠭᠡᠳ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠨᠠᠶᠢᠷᠠᠭᠤᠯᠤᠨ ᠵᠣᠬᠢᠶᠠᠬᠤ ᠵᠦᠢᠯ ᠢ ᠨᠢᠭᠡᠳᠦᠯᠲᠡᠶ | ᠲᠥᠯᠥᠪᠯᠡᠨ ᠲᠥᠯᠥᠪᠵᠢᠭᠦᠯᠦᠨ᠎ᠡ᠃ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ᠂ | ᠲᠥᠯᠥᠪᠵᠢᠭᠦᠯᠭᠡ ᠪᠠ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠳᠤᠷᠠᠳᠴᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠵᠢᠯᠴᠠᠨ | ᠮᠣᠵᠢ ᠣᠷᠣᠨ ᠠᠯᠤᠰᠯᠠᠭᠰᠠᠨ ᠬᠤᠲᠠ ᠶᠢᠨ ᠪᠥᠭᠡᠮᠨᠡᠷᠡᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠬᠡᠷᠡᠭᠵᠢᠭᠦᠯᠦᠨ᠎ᠡ᠃ | ︵ᠵᠢᠷᠭᠤᠭ᠎ᠠ︶ ᠤᠯᠤᠰ ᠠᠷᠠᠳ ᠤᠨ ᠠᠵᠤ ᠠᠬᠤᠶ ᠶᠢᠨ ᠶᠡᠷᠦᠩᠬᠡᠶᠢᠯᠡᠭᠰᠡᠨ ᠭᠠᠵᠠᠷ᠃ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ | ᠬᠡᠷᠡᠭᠵᠢᠭᠦᠯᠦᠨ᠎ᠡ᠃ ᠬᠤᠷᠸ᠎ᠠ ᠠᠵᠤ ᠠᠬᠤᠶ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠤᠷᠢᠳᠴᠢᠯᠠᠨ | ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠦᠨ᠎ᠡ᠃ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ ᠪᠠᠶᠢᠯᠭᠠᠬᠤ ᠶᠢ | ᠰᠤᠳᠤᠯᠵᠤ᠂ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠬᠠᠷᠠᠯᠲᠠ ᠪᠣᠯᠤᠨ ᠲᠥᠷᠥ ᠶᠢᠨ ᠪᠣᠳᠣᠯᠭ᠎ᠠ ᠶᠢᠨ ᠬᠠᠨᠳᠤᠰᠢ | ᠵᠢᠴᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠰᠤᠳᠤᠯᠤᠯ ᠢ ᠤᠷᠢᠳᠴᠢᠯᠠᠨ ᠰᠤᠳᠤᠯᠬᠤ ᠪᠠ ᠤᠷᠢᠳᠴᠢᠯᠠᠨ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ | ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢ ᠪᠠᠶᠢᠭᠤᠯᠬᠤ ᠪᠠ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠥᠷᠥ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ | ᠲᠡᠩᠴᠡᠭᠦᠷᠢᠲᠡᠶ ᠪᠠᠶᠢᠯᠭᠠᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ | ᠥᠪᠡᠷᠲᠡᠭᠡᠨ ᠵᠠᠰᠠᠬᠤ ᠣᠷᠣᠨ ᠤ ᠨᠥᠭᠡᠴᠡ ᠡᠳ᠋ ᠪᠠᠷᠠᠭ᠎ᠠ ᠶᠢᠨ ᠲᠥᠷᠥᠯ ᠵᠦᠢᠯ ᠤᠨ ᠭᠠᠷᠴᠠᠭ᠂ ᠶᠡᠷᠦᠩᠬᠡᠶ | ᠴᠣᠭᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠰᠢᠨᠵᠢᠵᠦ | ᠰᠤᠳᠤᠯᠤᠨ ᠮᠠᠭᠠᠳᠯᠠᠬᠤ ᠶᠢᠨ ᠬᠠᠮᠲᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ | ︵ᠲᠤᠯᠤᠭ᠎ᠠ︶ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠷᠦᠩᠬᠡᠶᠢᠯᠡᠭᠰᠡᠨ ᠭᠠᠵᠠᠷ᠃ ᠠᠵᠤ ᠠᠬᠤᠶ ᠶᠢᠨ | ᠪᠠᠶᠢᠭᠤᠯᠤᠯ ᠤᠨ ᠥᠭᠡᠷᠡᠴᠢᠯᠡᠯᠲᠡ ᠶᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠤᠨ᠎ᠠ᠃ ᠠᠵᠤ | ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠭᠠᠳᠠᠭᠠᠳᠤ ᠨᠡᠭᠡᠭᠡᠯᠳᠡ ᠬᠢᠬᠦ ᠴᠢᠬᠤᠯᠠ ᠶᠡᠭᠡ ᠠᠰᠠᠭᠤᠳᠠᠯ ᠢ | ᠰᠤᠳᠤᠯᠵᠤ᠂ ᠶᠡᠷᠦᠩᠬᠡᠶᠢᠯᠡᠭᠰᠡᠨ ᠴᠢᠨᠠᠷᠲᠠᠶ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ | ᠵᠢᠴᠢ ᠬᠤᠯᠪᠣᠭᠳᠠᠯ ᠪᠦᠬᠦᠢ ᠲᠤᠰᠬᠠᠶ ᠵᠦᠢᠯ ᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ | ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠤᠯᠢᠮᠠᠭ | ᠥᠮᠴᠢᠯᠡᠯ ᠪᠠ ᠭᠠᠭᠴᠠᠭᠠᠷ ᠡᠵᠡᠮᠰᠢᠬᠦ ᠠᠵᠢᠯ ᠲᠦᠷᠦᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ | ᠥᠮᠴᠢᠯᠡᠯ ᠤᠨ ᠡᠷᠬᠡ ᠶᠢᠨ ᠲᠦᠷᠢᠮ ᠢ ᠲᠡᠭᠦᠯᠳᠡᠷᠵᠢᠭᠦᠯᠬᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠦᠴᠦᠨ ᠪᠦᠬᠦᠢ ᠵᠠᠬ᠎ᠠ | ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ︵ᠨᠠᠢᠮᠠ︶ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢᠨ ᠭᠠᠵᠠᠷ᠃ ᠪᠡᠯᠡ ᠣᠷᠤᠭᠤᠯᠬᠤ ᠪᠡᠯᠡ | ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠭᠤᠯᠭ᠎ᠠ ᠳᠤᠷᠠᠳᠤᠨ᠎ᠠ᠃ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠶ | ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ᠎ᠠ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠵᠠᠰᠠᠭ ᠤᠨ ᠣᠷᠳᠣᠨ ᠤ ᠬᠢᠨᠠᠨ | ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠭᠠᠷᠴᠠᠭ ᠲᠤ | ᠰᠠᠨᠠᠭᠤᠯᠭ᠎ᠠ ᠶᠢ ᠳᠤᠷᠠᠳᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ | ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠴᠢᠬᠤᠯᠠ ᠶᠡᠭᠡ ᠲᠥᠷᠥᠯ ᠵᠦᠢᠯ ᠢ | ᠡᠷᠬᠡ ᠮᠡᠳᠡᠯ ᠤᠨ ᠶᠣᠰᠣᠭᠠᠷ ᠬᠢᠨᠠᠨ ᠬᠠᠷᠭᠤᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ | ᠲᠥᠰᠦᠪ ᠤᠨ ᠳᠣᠲᠣᠷᠠᠬᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠤᠨ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠪᠡᠯᠡ ᠣᠷᠣᠭᠤᠯᠤᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠵᠠᠰᠠᠭ ᠤᠨ | ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ᠶᠢ ᠠᠵᠢᠯ ᠤᠨ ᠬᠤᠪᠢᠶᠠᠷᠢᠯᠠᠯ ᠶᠣᠰᠣᠭᠠᠷ ᠵᠣᠬᠢᠶᠠᠨ | ᠪᠠᠶᠢᠭᠤᠯᠤᠨ ᠳᠡᠯᠭᠡᠷᠡᠭᠦᠯᠦᠨ᠎ᠡ᠃ ᠢᠨᠵᠧᠨᠧᠷᠢᠩ ᠤᠨ ᠵᠥᠪᠯᠡᠯᠭᠡ ᠥᠭᠬᠦ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ | ︵ᠶᠢᠰᠦ︶ ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠰᠢᠭᠯᠠᠬᠤ ᠭᠠᠵᠠᠷ᠃ | ᠭᠠᠳᠠᠭᠠᠳᠤ ᠪᠡᠯᠡ ᠪᠠ ᠬᠢᠯᠢ ᠶᠢᠨ ᠭᠠᠳᠠᠨᠠᠬᠢ ᠪᠡᠯᠡ ᠣᠷᠣᠭᠤᠯᠤᠯᠲᠠ ᠶᠢ ᠠᠰᠢᠭᠯᠠᠬᠤ ᠲᠥᠯᠥᠪᠵᠢᠭᠦᠯᠭᠡ ᠵᠢᠴᠢ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠲᠥᠷᠥᠯ ᠵᠦᠢᠯ ᠢ | ᠡᠷᠬᠡ ᠶᠢᠨ ᠬᠡᠪᠴᠢᠶ᠎ᠡ ᠶᠣᠰᠣᠭᠠᠷ ᠬᠢᠨᠠᠨ ᠬᠠᠷᠭᠤᠭᠤᠯᠤᠨ᠎ᠠ᠃ ᠪᠦᠬᠦ ᠣᠷᠣᠨ ᠤ ᠪᠦᠬᠦ ᠰᠢᠰᠲ᠋ᠧᠮ ᠤᠨ ᠭᠠᠳᠠᠭᠠᠳᠤ | ᠵᠢᠭᠡᠯᠡᠯᠭᠡ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠣᠯᠠᠨ ᠤᠯᠤᠰ ᠤᠨ ᠮᠥᠩᠭᠦᠨ | ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠢᠭᠡᠯᠡᠯᠭᠡ᠂ ᠭᠠᠳᠠᠭᠠᠳᠤ ᠤᠯᠤᠰ ᠤᠨ ᠵᠠᠰᠠᠭ ᠤᠨ ᠣᠷᠳᠣᠨ ᠤ | ᠵᠢᠭᠡᠯᠡᠯᠭᠡ᠂ ᠮᠠᠨ ᠤ ᠤᠯᠤᠰ ᠤᠨ ᠭᠠᠳᠠᠭᠠᠳᠤ ᠶᠢᠨ ᠵᠣᠭᠤᠰ ᠤᠨ ᠣᠯᠠᠨ ᠤᠯᠤᠰ ᠤᠨ ᠬᠤᠳᠠᠯᠳᠤᠭᠠᠨ ᠤ ᠵᠢᠭᠡᠯᠡᠯᠭᠡ ︵ | ᠬᠢᠯᠢ ᠶᠢᠨ ᠭᠠᠳᠠᠨᠠᠬᠢ ᠵᠢᠭᠡᠯᠡᠯᠭᠡ ᠪᠠᠭᠲᠠᠨ᠎ᠠ︶ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠤ ᠦᠢᠯᠡᠰ ᠤᠨ ᠵᠢᠯᠣᠭᠤᠳᠬᠤ | ᠭᠠᠷᠴᠠᠭ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠳᠠᠪᠠᠭᠤᠯᠢᠭ ᠠᠵᠤ ᠦᠢᠯᠡᠰ ᠤᠨ ᠭᠠᠷᠴᠠᠭ ᠢ | ᠵᠣᠬᠢᠶᠠᠨ ᠪᠠᠶᠢᠭᠤᠯᠤᠨ ᠲᠣᠭᠤᠷᠪᠢᠨ ᠲᠣᠭᠲᠠᠭᠠᠨ᠎ᠠ᠃ ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ᠂ ᠦᠢᠯᠡᠳᠪᠦᠷᠢᠯᠡᠬᠦ ᠴᠢᠳᠠᠪᠤᠷᠢ ᠪᠣᠯᠤᠨ ᠲᠣᠨᠤᠭ ᠲᠥᠬᠦᠭᠡᠷᠦᠮᠵᠢ ᠦᠢᠯᠡᠳᠬᠦ᠂ | ᠡᠨᠧᠷᠭᠢ ᠶᠢᠨ ᠡᠬᠢ ᠪᠠᠶᠠᠯᠢᠭ ᠵᠡᠷᠭᠡ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠣᠯᠠᠨ ᠤᠯᠤᠰ ᠤᠨ | ᠬᠠᠮᠲᠤᠷᠠᠯᠴᠠᠭᠠᠨ ᠤ ᠬᠤᠯᠪᠣᠭᠳᠠᠯ ᠪᠦᠬᠦᠢ ᠵᠣᠬᠢᠴᠠᠭᠤᠯᠬᠤ ᠠᠵᠢᠯ ᠢ ᠡᠭᠦᠷᠭᠡᠯᠡᠨ᠎ᠡ᠃ | ︵ᠠᠷᠪᠠ︶ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠭᠠᠵᠠᠷ᠃ ᠮᠠᠯᠵᠢᠬᠤ ᠲᠠᠷᠢᠶᠠᠯᠠᠬᠤ | ᠣᠷᠣᠨ ᠤ ᠠᠵᠤ ᠠᠬᠤᠶ ᠪᠠ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠪᠠᠶᠢᠭᠤᠯᠤᠯ ᠤᠨ ᠥᠭᠡᠷᠡᠴᠢᠯᠡᠯᠲᠡ ᠵᠢᠴᠢ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ᠎ᠠ᠃ ᠲᠠᠷᠢᠶᠠᠯᠠᠩ ᠮᠠᠯ ᠠᠵᠤ ᠠᠬᠤᠶ᠂ ᠣᠢ ᠰᠢᠭᠤᠶ᠂ ᠨᠤᠲᠤᠭ ᠪᠡᠯᠴᠢᠭᠡᠷ᠂ ᠤᠰᠤᠨ ᠠᠰᠢᠭᠯᠠᠯᠲᠠ᠂ | ᠴᠠᠭ ᠠᠭᠤᠷ᠂ ᠠᠮᠢ ᠠᠬᠤᠶ ᠵᠢᠴᠢ ᠬᠤᠯᠪᠣᠭᠳᠠᠯ ᠪᠦᠬᠦᠢ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ | ᠵᠡᠷᠭᠡ ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠪᠠ ᠲᠥᠷᠥ ᠶᠢᠨ ᠪᠣᠳᠣᠯᠭ᠎ᠠ ᠶᠢ ᠵᠣᠯᠭᠠᠭᠤᠯᠤᠨ | ᠲᠡᠩᠴᠡᠭᠦᠷᠢᠰᠢᠭᠦᠯᠵᠦ᠂ ᠴᠢᠬᠤᠯᠠ ᠶᠡᠭᠡ ᠲᠦᠷᠦᠯ ᠵᠦᠢᠯ ᠤᠨ ᠪᠠᠶᠢᠷᠢᠰᠢᠭᠤᠯᠤᠯ ᠤᠨ ᠰᠠᠨᠠᠭᠤᠯᠭ᠎ᠠ ᠳᠤᠷᠠᠳᠬᠤ ᠶᠢᠨ | ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠲᠣᠮᠣ ᠳᠤᠮᠳᠠ ᠬᠡᠯᠪᠡᠷᠢ ᠶᠢᠨ ᠤᠰᠤᠨ ᠠᠰᠢᠭᠯᠠᠯᠲᠠ ᠤᠰᠤᠨ | ᠴᠠᠬᠢᠯᠭᠠᠨ ᠤ ᠪᠠᠷᠢᠯᠭ᠎ᠠ ᠶᠢᠨ ᠠᠷᠠᠳ ᠢ ᠨᠡᠭᠦᠯᠭᠡᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠠᠵᠢᠯ ᠤᠨ | ᠬᠤᠪᠢᠶᠠᠷᠢᠯᠠᠯ ᠶᠣᠰᠣᠭᠠᠷ ᠳᠤᠷᠠᠳᠴᠤ᠂ ᠤᠰᠤᠨ ᠠᠰᠢᠭᠯᠠᠯᠲᠠ ᠤᠰᠤᠨ ᠴᠠᠬᠢᠯᠭᠠᠨ ᠤ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠠᠷᠠᠳ ᠢ ᠨᠡᠭᠦᠯᠭᠡᠨ ᠲᠥᠪᠬᠢᠨᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠭᠠᠵᠠᠷ᠃ ᠡᠨᠧᠷᠭᠢ᠂ ᠵᠠᠰᠠᠮᠠᠯ ᠵᠠᠮ᠂ | ᠰᠢᠤᠳᠠᠨ ᠵᠡᠷᠭᠡ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ | ᠲᠥᠯᠥᠪᠵᠢᠭᠦᠯᠭᠡ ᠯᠦᠭᠡ ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ ᠲᠥᠯᠥᠪᠯᠡᠨ᠎ᠡ᠃ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠴᠢᠬᠤᠯᠠ ᠶᠡᠭᠡ | ᠲᠥᠯᠥᠪᠵᠢᠭᠦᠯᠭᠡ᠂ ᠴᠢᠬᠤᠯᠠ ᠶᠡᠭᠡ ᠠᠵᠤ ᠦᠢᠯᠡᠰ ᠤᠨ ᠲᠦᠷᠦ ᠶᠢᠨ ᠪᠤᠳᠤᠯᠭ᠎ᠠ᠂ ᠴᠢᠬᠤᠯᠠ ᠶᠡᠭᠡ | ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢᠨ | ᠲᠥᠷᠥᠯ ᠵᠦᠢᠯ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠦᠨ᠎ᠡ᠃ ᠵᠠᠰᠠᠮᠠᠯ ᠵᠠᠮ ᠪᠣᠯᠤᠨ ᠰᠢᠤᠳᠠᠨ ᠤ | ᠶᠠᠪᠤᠳᠠᠯ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠵᠤ᠂ ᠵᠠᠰᠠᠮᠠᠯ ᠵᠠᠮ ᠪᠣᠯᠤᠨ ᠰᠢᠤᠳᠠᠨ ᠤ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠪᠠᠶᠢᠷᠢᠰᠢᠭᠤᠯᠤᠯ ᠤᠨ ᠰᠠᠨᠠᠭᠤᠯᠭ᠎ᠠ ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ | ᠬᠠᠷᠭᠤᠭᠤᠯᠵᠤ᠂ ᠰᠢᠤᠳᠠᠨ ᠤ ᠨᠡᠶᠢᠳᠡᠮ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠳᠠᠩᠰᠠᠯᠠᠨ᠎ᠠ᠃ | ︵ᠠᠷᠪᠠᠨ ᠬᠤᠶᠠᠷ︶ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠭᠠᠵᠠᠷ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠤᠨ᠎ᠠ᠃ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ | ᠲᠥᠯᠥᠪᠵᠢᠭᠦᠯᠭᠡ ᠶᠢ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠲᠥᠯᠥᠪᠵᠢᠭᠦᠯᠭᠡ᠂ ᠲᠥᠯᠥᠪᠯᠡᠭᠡ ᠯᠦᠭᠡ ᠵᠣᠯᠭᠠᠭᠤᠯᠤᠨ ᠲᠡᠩᠴᠡᠭᠦᠯᠬᠦ ᠶᠢ ᠨᠢᠭᠡᠳᠦᠯᠲᠡᠶ | ᠲᠥᠯᠥᠪᠯᠡᠨ᠎ᠡ᠃ ᠪᠦᠬᠦ ᠣᠷᠣᠨ ᠤ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ | ᠪᠠᠶᠢᠳᠠᠯ ᠢ ᠶᠡᠷᠦᠩᠬᠡᠶᠢᠯᠡᠨ ᠵᠠᠳᠠᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠂ | ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠲᠡᠮᠦᠷ ᠵᠠᠮ ᠠᠷᠠᠳ ᠤᠨ ᠠᠭᠠᠷ ᠤᠨ | ᠲᠡᠭᠡᠭᠡᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ ᠶᠣᠰᠣᠭᠠᠷ ᠬᠢᠨᠠᠨ | ᠬᠠᠷᠭᠤᠭᠤᠯᠵᠤ ᠬᠠᠮᠢᠶᠠᠷᠤᠨ᠎ᠠ᠃ | ︵ᠠᠷᠪᠠᠨ ᠭᠤᠷᠪᠠ︶ ᠠᠵᠤ ᠦᠢᠯᠡᠰ ᠤᠨ ᠬᠥᠭᠵᠢᠯᠲᠡ ᠶᠢᠨ ᠭᠠᠵᠠᠷ᠃ ᠶᠡᠷᠦᠩᠬᠡᠶᠢᠯᠡᠭᠰᠡᠨ ᠴᠢᠨᠠᠷᠲᠠᠶ ᠠᠵᠤ | ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠤᠷᠪᠢᠨ ᠲᠣᠭᠲᠠᠭᠠᠨ᠎ᠠ᠃ ᠠᠵᠤ | ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ ᠵᠣᠯᠭᠠᠭᠤᠯᠤᠨ᠎ᠠ᠃ ᠪᠣᠳᠠᠲᠤ | ᠴᠣᠭᠴᠠ ᠶᠢᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ᠂ ᠲᠡᠷᠢᠭᠦᠨ ᠤ ᠦᠢᠯᠡᠳᠬᠦ ᠦᠢᠯᠡᠰ ᠢ ᠲᠦᠷᠭᠡᠳᠬᠡᠨ | ᠬᠥᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠨ ᠠᠵᠤ ᠦᠢᠯᠡᠳᠪᠦᠷᠢ ᠶᠢᠨ ᠴᠢᠬᠤᠯᠠ ᠶᠡᠭᠡ ᠲᠥᠷᠥᠯ ᠵᠦᠢᠯ ᠤᠨ | ᠪᠠᠶᠢᠷᠢᠰᠢᠭᠤᠯᠤᠯ ᠤᠨ ᠰᠠᠨᠠᠭᠤᠯᠭ᠎ᠠ ᠪᠠ ᠬᠠᠮᠢᠶ᠎ᠠ ᠪᠦᠬᠦᠢ ᠠᠵᠤ ᠦᠢᠯᠡᠰ ᠤᠨ ᠴᠢᠬᠤᠯᠠ ᠶᠡᠭᠡ ᠢᠨᠵᠧᠨᠧᠷᠢᠩ ᠢ | ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ ᠴᠢᠬᠤᠯᠠ ᠶᠡᠭᠡ ᠮᠡᠷᠭᠡᠵᠢᠯ ᠤᠨ ᠲᠣᠨᠤᠭ | ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠪᠠ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠶᠢ ᠵᠣᠬᠢᠴᠠᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ ᠲᠥᠯᠥᠪᠵᠢᠭᠦᠯᠭᠡ ᠶᠢᠨ ᠳᠣᠲᠣᠷᠠᠬᠢ ᠵᠢᠴᠢ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠠᠵᠤ | ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠲᠣᠭᠲᠠᠭᠠᠭᠰᠠᠨ | ᠡᠷᠬᠡ ᠮᠡᠳᠡᠯ ᠶᠣᠰᠣᠭᠠᠷ ᠬᠢᠨᠠᠨ ᠵᠥᠪᠰᠢᠶᠡᠷᠡᠵᠦ᠂ ᠬᠢᠨᠠᠨ ᠬᠠᠷᠭᠤᠭᠤᠯᠤᠨ᠎ᠠ᠃ | ︵ᠠᠷᠪᠠᠨ ᠳᠥᠷᠪᠡ︶ ᠰᠢᠨ᠎ᠡ ᠶᠢ ᠡᠭᠦᠳᠬᠦ ᠪᠠ ᠳᠡᠭᠡᠳᠦ ᠮᠡᠷᠭᠡᠵᠢᠯ ᠤᠨ ᠬᠥᠭᠵᠢᠯᠲᠡ ᠶᠢᠨ ᠭᠠᠵᠠᠷ᠃ | ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠪᠠ ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠤᠨ ᠲᠣᠭᠤᠷᠪᠢᠨ ᠲᠣᠭᠲᠠᠭᠠᠵᠤ᠂ | ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ | ᠪᠡᠯᠡᠳᠬᠡᠮᠵᠢ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠮᠡᠷᠭᠡᠵᠢᠯ ᠤᠨ | ᠠᠵᠤ ᠠᠬᠤᠢ ᠶᠢᠨ ᠠᠮᠤᠷ ᠲᠦᠪᠰᠢᠨ ᠪᠣᠯᠤᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ | ᠴᠢᠳᠠᠪᠤᠷᠢ ᠶᠢ ᠪᠤᠶᠢᠵᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠬᠠᠮᠢᠶ᠎ᠠ ᠪᠦᠬᠦᠢ ᠳᠡᠭᠡᠳᠦ ᠰᠢᠨ᠎ᠡ ᠮᠡᠷᠭᠡᠵᠢᠯ ᠤᠨ ᠠᠵᠤ ᠦᠶᠢᠯᠡᠰᠵᠢᠯᠲᠡ ᠶᠢ ᠲᠦᠯᠬᠢᠨ ᠠᠬᠢᠭᠤᠯᠵᠤ᠂ | ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠵᠣᠬᠢᠶᠠᠨ ᠪᠠᠶᠢᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠲᠣᠮᠣ ᠳ᠋ᠠᠶᠢᠲ᠋ᠠ ᠶᠢᠨ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠥᠪᠡᠷᠲᠡᠭᠡᠨ ᠵᠠᠰᠠᠬᠤ | ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠯᠦᠭᠡ ᠵᠣᠯᠭᠠᠭᠤᠯᠤᠨ ᠲᠡᠩᠴᠡᠭᠦᠷᠢᠰᠢᠭᠦᠯᠦᠨ᠎ᠡ ᠃ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠶ ᠲᠥᠯᠥᠪᠯᠡᠨ | ᠠᠬᠢᠭᠤᠯᠤᠨ᠎ᠠ᠃ ᠳᠡᠭᠡᠳᠦ ᠮᠡᠷᠭᠡᠵᠢᠯ ᠪᠣᠯᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠡᠷᠬᠡ ᠮᠡᠳᠡᠯ ᠤᠨ | ᠶᠣᠰᠣᠭᠠᠷ ᠬᠢᠨᠠᠨ ᠵᠥᠪᠰᠢᠶᠡᠷᠡᠵᠦ ᠬᠢᠨᠠᠨ ᠬᠠᠷᠭᠤᠭᠤᠯᠤᠨ᠎ᠠ᠃ | ︵ᠠᠷᠪᠠᠨ ᠲᠠᠪᠤ︶ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠭᠠᠵᠠᠷ᠃ | ᠪᠣᠬᠢᠷᠲᠤᠯ ᠦᠭᠡᠢ ᠬᠥᠭᠵᠢᠯᠲᠡ ᠶᠢᠨ ᠬᠠᠮᠢᠶ᠎ᠠ ᠪᠦᠬᠦᠢ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ | ᠲᠣᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ | ᠥᠭᠡᠷᠡᠴᠢᠯᠡᠯᠲᠡ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠡᠨᠧᠷᠭᠢ ᠡᠬᠢ ᠪᠠᠶᠠᠯᠢᠭ ᠢ ᠠᠷᠪᠢᠯᠠᠬᠤ ᠪᠠ | ᠶᠡᠷᠦᠩᠬᠡᠶᠢᠯᠡᠨ ᠠᠰᠢᠭᠯᠠᠬᠤ᠂ ᠣᠷᠴᠢᠯ ᠠᠵᠤ ᠠᠬᠤᠢ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ | ᠲᠤᠭᠤᠷᠪᠢᠨ ᠲᠣᠭᠲᠠᠭᠠᠬᠤ ᠪᠥᠭᠡᠳ ᠵᠣᠬᠢᠴᠠᠭᠤᠯᠤᠨ ᠬᠡᠷᠡᠭᠵᠢᠭᠦᠯᠵᠦ᠂ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠬᠤ | ᠬᠠᠷᠠᠯᠲᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠣᠷᠴᠢᠨ ᠠᠬᠤᠶ ᠶᠢ ᠬᠠᠮᠠᠭᠠᠯᠠᠬᠤ | ᠠᠵᠤ ᠦᠢᠯᠡᠰ ᠪᠣᠯᠤᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ | ᠵᠣᠬᠢᠴᠠᠭᠤᠯᠤᠨ᠎ᠠ᠃ ᠡᠨᠧᠷᠭᠢ ᠠᠷᠪᠢᠯᠠᠬᠤ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ | ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ | ᠵᠣᠬᠢᠴᠠᠭᠤᠯᠤᠨ᠎ᠠ᠃ | ︵ᠠᠷᠪᠠᠨ ᠵᠢᠷᠭᠤᠭ᠎ᠠ︶ ᠨᠡᠶᠢᠭᠡᠮ ᠤᠨ ᠬᠥᠭᠵᠢᠯᠲᠡ ᠶᠢᠨ ᠭᠠᠵᠠᠷ᠃ ᠨᠡᠶᠢᠭᠡᠮ ᠤᠨ ᠬᠥᠭᠵᠢᠯᠲᠡ ᠶᠢᠨ | ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠳᠤᠷᠠᠳᠬᠤ ᠶᠢᠨ ᠬᠠᠮᠲᠤ ᠵᠣᠬᠢᠴᠠᠭᠤᠯᠤᠨ | ᠬᠡᠷᠡᠭᠵᠢᠭᠦᠯᠦᠨ᠎ᠡ᠃ ᠨᠡᠶᠢᠭᠡᠮ ᠤᠨ ᠦᠢᠯᠡᠰ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ | ᠵᠢᠴᠢ ᠥᠭᠡᠷᠡᠴᠢᠯᠡᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠥᠮᠦᠨ | ᠠᠮᠠ ᠶᠢᠨ ᠬᠥᠭᠵᠢᠯᠲᠡ ᠪᠠ ᠨᠠᠰᠤᠵᠢᠯᠲᠠ ᠶᠢ ᠠᠷᠭᠠᠴᠠᠭᠠᠬᠤ ᠲᠥᠯᠥᠪᠵᠢᠭᠦᠯᠭᠡ ᠪᠠ ᠲᠦᠷᠦ ᠶᠢᠨ ᠪᠤᠳᠤᠯᠭ᠎ᠠ ᠶᠢ | ᠲᠤᠭᠤᠷᠪᠢᠨ ᠲᠣᠭᠲᠠᠭᠠᠨ᠎ᠠ᠃ ᠠᠵᠢᠯ ᠣᠯᠭᠤᠯᠲᠠ ᠶᠢ ᠠᠬᠢᠭᠤᠯᠬᠤ᠂ ᠣᠷᠣᠯᠭ᠎ᠠ ᠶᠢᠨ ᠬᠤᠪᠢᠶᠠᠷᠢᠯᠠᠯᠲᠠ ᠶᠢ | ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠶ ᠬᠥᠭᠵᠢᠯᠲᠡ ᠶᠢ | ᠪᠦᠷᠢᠨᠰᠢᠭᠦᠯᠬᠦ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠦᠷᠢᠮ ᠤᠨ ᠥᠭᠡᠷᠡᠴᠢᠯᠡᠯᠲᠡ ᠵᠢᠴᠢ ᠬᠠᠮᠢᠶ᠎ᠠ ᠪᠦᠬᠦᠢ ᠪᠠᠶᠢᠭᠤᠯᠤᠯ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠬᠡᠷᠡᠭᠯᠡᠭᠡ ᠶᠢ ᠠᠬᠢᠭᠤᠯᠬᠤ ᠪᠠᠶᠢᠭᠤᠯᠤᠯ ᠲᠣᠭᠲᠠᠴᠠ ᠵᠢᠴᠢ ᠰᠠᠭᠤᠭᠠᠯᠢ | ᠠᠷᠠᠳ ᠤᠨ ᠬᠡᠷᠡᠭᠯᠡᠭᠡ ᠶᠢ ᠥᠷᠭᠡᠳᠬᠡᠬᠦ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ | ᠳᠤᠷᠠᠳᠬᠤ ᠶᠢᠨ ᠬᠠᠮᠲᠤ ᠵᠣᠬᠢᠴᠠᠭᠤᠯᠤᠨ ᠬᠡᠷᠡᠭᠵᠢᠭᠦᠯᠦᠨ᠎ᠡ᠃ | ︵ᠠᠷᠪᠠᠨ ᠳᠣᠯᠤᠭ᠎ᠠ︶ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢᠨ ᠭᠠᠵᠠᠷ ︵ᠠᠵᠤ | ᠠᠬᠤᠶ ᠠᠷᠠᠯᠵᠢᠶᠠᠨ ᠤ ᠭᠠᠵᠠᠷ︶᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ | ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠥᠪᠵᠢᠭᠦᠯᠭᠡ ᠪᠣᠯᠤᠨ | ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠵᠣᠯᠭᠠᠭᠤᠯᠤᠨ᠎ᠠ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ ᠠᠷᠠᠳ ᠤᠨ ᠪᠡᠯᠡ | ᠣᠷᠣᠭᠤᠯᠤᠯᠲᠠ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ | ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠦ ᠶᠢᠨ ᠪᠤᠳᠤᠯᠭ᠎ᠠ ᠶᠢᠨ ᠠᠷᠭ᠎ᠠ | ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠵᠢᠴᠢ | ᠭᠠᠳᠠᠭᠠᠳᠤ ᠠᠷᠠᠯᠵᠢᠶᠠᠨ ᠤ ᠪᠠᠶᠢᠳᠠᠯ ᠢ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠶᠢᠨ ᠬᠠᠮᠲᠤ ᠲᠥᠷᠥ ᠶᠢᠨ | ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠶ ᠬᠡᠮᠵᠢᠶ᠎ᠡ ᠶᠢ ᠲᠡᠩᠴᠡᠭᠦᠷᠢᠲᠡᠶ | ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃ ᠠᠮᠤ ᠪᠤᠳᠠᠭ᠎ᠠ᠂ | ᠬᠥᠪᠥᠩ᠂ ᠰᠢᠬᠢᠷ᠂ ᠬᠢᠮᠢ ᠶᠢᠨ ᠪᠤᠷᠳᠤᠭᠤᠷ ᠵᠡᠷᠭᠡ ᠶᠢ ᠨᠥᠭᠡᠴᠡᠯᠡᠬᠦ ᠲᠥᠯᠥᠪᠵᠢᠭᠦᠯᠭᠡ ᠪᠠ ᠶᠡᠷᠦᠩᠬᠡᠢ ᠬᠡᠮᠵᠢᠶᠡᠨ ᠤ | ᠲᠥᠯᠥᠪᠯᠡᠭᠡ ᠶᠢ ᠲᠣᠭᠲᠠᠭᠠᠨ᠎ᠠ᠃ ᠣᠳᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠭᠦᠢᠯᠭᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ | ︵ᠠᠷᠪᠠᠨ ᠨᠠᠢᠮᠠ︶ ᠡᠳ᠋ ᠤᠨ ᠵᠠᠰᠠᠭ ᠮᠥᠩᠭᠦᠨ ᠭᠦᠢᠯᠭᠡᠭᠡᠨ ᠪᠠ ᠢᠲᠡᠭᠡᠮᠵᠢ ᠶᠢᠨ ᠪᠠᠶᠢᠭᠤᠯᠤᠯᠲᠠ ᠶᠢᠨ | ᠭᠠᠵᠠᠷ᠃ ᠪᠦᠬᠦ ᠨᠡᠶᠢᠭᠡᠮ ᠤᠨ ᠪᠡᠯᠡ ᠮᠥᠩᠭᠦ ᠶᠢ ᠲᠡᠩᠴᠡᠭᠦᠷᠢᠲᠡᠶ ᠪᠠᠶᠢᠯᠭᠠᠬᠤ ᠪᠠ ᠡᠳ᠋ ᠤᠨ ᠵᠠᠰᠠᠭ᠂ ᠮᠥᠩᠭᠦᠨ | ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠠᠰᠠᠭᠤᠳᠠᠯ ᠢ ᠰᠤᠳᠤᠯᠤᠨ ᠵᠠᠳᠠᠯᠤᠨ᠎ᠠ᠃ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ᠂ ᠠᠵᠤ ᠦᠢᠯᠡᠰ ᠪᠠ ᠣᠷᠣᠨ | ᠪᠦᠰᠡ ᠶᠢᠨ ᠲᠦᠷᠦ ᠶᠢᠨ ᠪᠤᠳᠤᠯᠭ᠎ᠠ ᠶᠢ ᠵᠣᠬᠢᠴᠠᠭᠤᠯᠤᠨ ᠬᠥᠭᠵᠢᠭᠦᠯᠬᠦ ᠶᠢ ᠰᠤᠳᠤᠯᠬᠤ ᠶᠢᠨ ᠬᠠᠮᠲᠤ ᠬᠠᠮᠢᠶ᠎ᠠ ᠪᠦᠬᠦᠢ | ᠰᠠᠨᠠᠭᠤᠯᠭ᠎ᠠ ᠳᠤᠷᠠᠳᠤᠨ᠎ᠠ᠃ ᠰᠢᠭᠤᠳ ᠪᠡᠯᠡ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠵᠠᠬ᠎ᠠ ᠳᠡᠯᠭᠡᠭᠦᠷ ᠲᠤ ᠥᠯᠥ ᠭᠠᠷᠤᠭᠰᠠᠨ ᠺᠣᠮᠫᠠᠨᠢ ᠶᠢᠨ ᠠᠵᠤ ᠠᠬᠤᠶᠢᠯᠠᠯ ︵ᠺᠣᠮᠫᠠᠨᠢ︶ ᠤᠨ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠠᠵᠢᠯ ᠢ ᠠᠬᠢᠭᠤᠯᠤᠨ᠎ᠠ᠃ ᠬᠤᠪᠢ ᠪᠠᠷ ᠢᠶᠠᠨ ᠴᠤᠭᠯᠠᠭᠤᠯᠤᠭᠰᠠᠨ ᠰᠲ᠋ᠣᠺ ᠤᠨ ᠡᠷᠬᠡ ᠶᠢᠨ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠪᠠ ᠠᠵᠤ ᠦᠢᠯᠡᠰ ᠤᠨ | ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠭᠵᠢᠯᠲᠡ ᠪᠠ ᠲᠦᠷᠢᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠪᠠᠶᠢᠭᠤᠯᠬᠤ ᠪᠠ | ᠬᠠᠮᠢᠶᠠᠷᠬᠤ ᠠᠵᠢᠯ ᠢ ᠨᠢᠭᠡᠳᠦᠯᠲᠡᠢ ᠲᠥᠯᠥᠪᠯᠡᠨ᠂ ᠵᠢᠯᠣᠭᠤᠳᠴᠤ᠂ ᠵᠣᠬᠢᠴᠠᠭᠤᠯᠤᠨ᠎ᠠ᠃ ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠ ᠶᠢᠰᠦ︶ ᠦᠨ᠎ᠡ ᠬᠠᠩᠰᠢ ᠰᠦᠢᠳᠬᠡᠯ ᠬᠤᠷᠢᠶᠠᠬᠤ ᠶᠢ ᠬᠠᠮᠢᠶᠠᠷᠬᠤ ᠭᠠᠵᠠᠷ᠃ ᠦᠨ᠎ᠡ ᠬᠠᠩᠰᠢ ᠶᠢᠨ | ᠬᠤᠪᠢᠷᠠᠯᠲᠠ ᠶᠢ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠵᠦ᠂ ᠦᠨ᠎ᠡ ᠬᠠᠩᠰᠢ ᠶᠢᠨ | ᠲᠣᠬᠢᠷᠠᠭᠤᠯᠤᠯ ᠡᠵᠡᠮᠳᠡᠯ ᠤᠨ ᠬᠠᠷᠠᠯᠲᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠴᠢᠬᠤᠯᠠ | ᠲᠠᠸᠠᠷ᠂ ᠦᠢᠯᠡᠴᠢᠯᠡᠭᠡ ᠪᠠ ᠴᠢᠬᠤᠯᠠ ᠡᠯᠧᠮᠧᠨ᠋ᠲ ᠤᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠤᠨ᠎ᠠ᠃ ᠬᠤᠯᠪᠣᠭᠳᠠᠯ ᠪᠦᠬᠦᠢ ᠦᠨ᠎ᠡ ᠬᠠᠩᠰᠢ ᠪᠣᠯᠤᠨ ᠰᠦᠢᠳᠬᠡᠯ ᠬᠤᠷᠢᠶᠠᠬᠤ ᠬᠠᠤᠯᠢ ᠲᠣᠭᠲᠠᠭᠠᠯ ᠤᠨ | ᠲᠥᠰᠦᠯ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠤᠷᠪᠢᠨ ᠲᠣᠭᠲᠠᠭᠠᠨ᠎ᠠ᠃ ᠴᠢᠬᠤᠯᠠ | ᠲᠠᠸᠠᠷ ᠪᠣᠯᠤᠨ ᠦᠢᠯᠡᠴᠢᠯᠡᠭᠡᠨ ᠤ ᠦᠨ᠎ᠡ ᠬᠠᠩᠰᠢ᠂ ᠴᠢᠬᠤᠯᠠ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠶᠢ | ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠬᠠᠮᠢᠶᠠᠷᠴᠤ ᠪᠠᠶᠢᠭ᠎ᠠ ᠲᠠᠸᠠᠷ ᠪᠣᠯᠤᠨ ᠦᠢᠯᠡᠴᠢᠯᠡᠭᠡᠨ ᠤ ᠦᠨ᠎ᠡ ᠬᠠᠩᠰᠢ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ | ᠲᠣᠬᠢᠷᠠᠭᠤᠯᠤᠨ᠎ᠠ᠃ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ | ᠪᠠᠶᠢᠭᠤᠯᠬᠤ ᠳᠤ ᠣᠷᠤᠯᠴᠠᠨ᠎ᠠ᠃ ᠦᠨ᠎ᠡ ᠬᠠᠩᠰᠢ ᠶᠢ ᠦᠨᠡᠮᠰᠢᠬᠦ ᠵᠢᠴᠢ ᠳᠠᠬᠢᠨ ᠬᠢᠨᠠᠬᠤ ᠠᠵᠢᠯ ᠢ | ᠵᠢᠯᠣᠭᠤᠳᠤᠨ᠎ᠠ᠃ | ︵ᠬᠤᠷᠢ︶ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠭᠠᠵᠠᠷ᠃ ᠪᠦᠬᠦ ᠣᠷᠣᠨ ᠤ | ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠨ ᠬᠢᠨᠠᠬᠤ ᠠᠵᠢᠯ ᠤᠨ ᠲᠥᠯᠥᠪᠵᠢᠭᠦᠯᠭᠡ᠂ ᠲᠥᠷᠥ ᠶᠢᠨ | ᠪᠣᠳᠣᠯᠭ᠎ᠠ ᠪᠣᠯᠤᠨ ᠳᠦᠷᠢᠮ ᠢ ᠰᠤᠳᠤᠯᠤᠨ ᠲᠣᠭᠲᠠᠭᠠᠨ᠎ᠠ᠃ ᠪᠦᠬᠦ ᠣᠷᠣᠨ ᠤ ᠭᠤᠣᠯ ᠪᠣᠯᠬᠤ ᠲᠠᠷᠢᠶᠠᠯᠠᠩ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠥᠪᠡᠷ ᠤᠨ ᠥᠷᠲᠡᠭ ᠪᠠ ᠠᠰᠢᠭ | ᠣᠷᠣᠯᠭ᠎ᠠ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠤᠰ ᠪᠠ ᠥᠪᠡᠷᠲᠡᠭᠡᠨ ᠵᠠᠰᠠᠬᠤ | ᠣᠷᠣᠨ ᠤ ᠦᠨ᠎ᠡ ᠬᠠᠩᠰᠢ ᠶᠢᠨ ᠥᠪᠡᠷ ᠤᠨ ᠥᠷᠲᠡᠭ ᠢ ᠪᠠᠶᠢᠴᠠᠭᠠᠬᠤ ᠡᠭᠦᠷᠭᠡ ᠶᠢ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠦᠨ᠎ᠡ ᠲᠣᠭᠲᠠᠭᠠᠭᠰᠠᠨ ᠲᠥᠷᠥᠯ ᠵᠦᠢᠯ ᠤᠨ ᠥᠪᠡᠷ ᠤᠨ | ᠥᠷᠲᠡᠭ ᠢ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠢᠨᠠᠨ ᠪᠠᠶᠢᠴᠠᠭᠠᠨ᠎ᠠ᠃ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠢ ᠵᠢᠯᠣᠭᠤᠳᠴᠤ ᠪᠠᠶᠢᠭᠠᠳ ᠦᠨ᠎ᠡ ᠬᠠᠩᠰᠢ ᠶᠢᠨ ᠥᠪᠡᠷ ᠤᠨ | ᠥᠷᠲᠡᠭ ᠢ ᠪᠠᠶᠢᠴᠠᠭᠠᠨ ᠬᠢᠨᠠᠬᠤ ᠠᠵᠢᠯ ᠥᠷᠨᠢᠭᠦᠯᠦᠨ᠎ᠡ᠃ | ︵ᠬᠤᠷᠢᠨ ᠨᠢᠭᠡ︶ ᠠᠵᠤ ᠠᠬᠤᠶ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢ ᠵᠣᠬᠢᠴᠠᠭᠤᠯᠤᠨ | ᠬᠥᠭᠵᠢᠭᠦᠯᠬᠦ ᠭᠠᠵᠠᠷ᠃ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠵᠣᠬᠢᠴᠠᠭᠤᠯᠤᠨ ᠬᠥᠭᠵᠢᠭᠦᠯᠬᠦ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ | ᠠᠰᠠᠭᠤᠳᠠᠯ ᠢ ᠵᠣᠬᠢᠴᠠᠭᠤᠯᠤᠨ᠎ᠠ᠃ ᠤᠯᠤᠰ ᠠᠷᠠᠳ ᠤᠨ ᠠᠵᠤ ᠠᠬᠤᠶ ᠶᠢᠨ ᠳᠠᠶᠢᠴᠢᠯᠠᠯᠲᠠ ᠶᠢᠨ ᠬᠤᠯᠪᠣᠭᠳᠠᠯ | ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠠᠶᠢᠭᠤᠯᠭ᠎ᠠ ᠶᠢᠨ ᠨᠠᠮ ᠤᠨ ᠬᠤᠷᠢᠶ᠎ᠠ᠃ | ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠤᠯᠡᠠ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ | ᠠᠵᠢᠯ ᠢ ᠬᠠᠷᠢᠭᠤᠴᠠᠨ᠎ᠠ᠃ | ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠠᠵᠢᠯ ᠤᠨ | ᠭᠠᠵᠠᠷ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ | ᠠᠵᠢᠯ ᠢ ᠬᠠᠷᠢᠭᠤᠴᠠᠨ᠎ᠠ᠃ | ᠠᠵᠢᠯᠯᠠᠬᠤ ᠭᠠᠵᠠᠷ ᠤᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ | ᠵᠡᠭᠡᠯᠢ ᠶᠢᠨ ᠬᠥᠭᠵᠢᠯᠲᠡ ᠶᠢᠨ ᠲᠣᠮᠣ ᠠᠰᠠᠷ | ᠰᠢᠦᠳᠠᠨ ᠳ᠋ᠤᠭᠠᠷ᠄ 010098 | ᠠᠵᠢᠯᠯᠠᠬᠤ ᠴᠠᠭ᠄ 9᠄ 00 — 12᠄ 00᠄ 14᠄ 00 — 17᠄ 00 | ᠬᠠᠷᠢᠯᠴᠠᠬᠤ ᠤᠲᠠᠰᠤ᠄ 0471 — 6659300 | ᠬᠠᠷᠢᠭᠤᠴᠠᠯᠭᠠᠲᠠᠨ᠄ ᠬᠥᠩ ᠮᠢᠩ ᠵᠦ | | |