7 ᠳ᠋ᠤᠭᠠᠷ ᠰᠠᠷ᠎ᠠ ᠶᠢᠨ 14 ᠤ ᠡᠳᠦᠷ ᠶᠠᠪᠤᠭᠳᠠᠭᠰᠠᠨ 2020 ᠣᠨ ᠤ ᠳᠡᠭᠡᠷ᠎ᠡ ᠬᠠᠭᠠᠰ ᠵᠢᠯ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠠᠬᠢᠯᠲᠠ ᠶᠢᠨ ᠪᠠᠶᠢᠳᠠᠯ ᠤᠨ | ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ | ᠪᠦᠬᠦ ᠣᠷᠣᠨ ᠤ ᠬᠤᠲᠠ ᠪᠠᠯᠭᠠᠰᠤᠨ ᠤ 10.98 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ | ᠡᠭᠦᠷᠭᠡ ᠪᠠᠨ 49.9% ᠪᠠᠷ ᠪᠡᠶᠡᠯᠡᠭᠦᠯᠵᠦ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ | ᠨᠣᠷᠮ᠎ᠠ 3.82% ᠪᠣᠯᠵᠤ᠂ ᠣᠨ ᠤ ᠬᠠᠷᠠᠯᠲᠠ ᠠᠴᠠ 0.68 ᠵᠠᠭᠤᠨ ᠤ ᠴᠡᠭ ᠳᠣᠤᠷ᠎ᠠ ᠪᠣᠯᠵᠤ᠂ ᠪᠦᠬᠦ | ᠣᠷᠣᠨ ᠤ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠬᠤ ᠶᠢ ᠪᠠᠲᠤᠯᠠᠪᠠ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢ ᠦᠨᠳᠦᠰᠦᠯᠡᠪᠡᠯ᠂ ᠡᠨᠡ ᠵᠢᠯ ᠤᠨ | ᠮᠠᠨ ᠤ ᠣᠷᠣᠨ ᠤ ᠠᠵᠢᠯ ᠣᠯᠭᠤᠯᠲᠠ ᠶᠢᠨ ᠪᠠᠶᠢᠳᠠᠯ ᠪᠣᠯ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠨᠠᠷᠢᠨ | ᠪᠤᠳᠤᠯᠢᠶᠠᠨᠲᠠᠶ᠂ ᠬᠠᠮᠤᠭ ᠤᠨ ᠬᠦᠨᠳᠦ ᠬᠡᠴᠡᠭᠦᠤ ᠨᠢᠭᠡ ᠵᠢᠯ ᠪᠣᠯᠤᠨ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ ᠶᠢ ᠴᠢᠬᠤᠯᠠ ᠶᠡᠭᠡ ᠤᠯᠤᠰ | ᠲᠥᠷᠥ ᠶᠢᠨ ᠬᠠᠷᠢᠭᠤᠴᠠᠯᠭ᠎ᠠ ᠪᠠᠨ ᠪᠣᠯᠭᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ | ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠳᠠᠷᠤᠭᠠᠰᠤ ᠶᠢ ᠬᠥᠩᠭᠡᠷᠡᠭᠦᠯᠬᠦ᠂ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠥᠷᠭᠡᠳᠬᠡᠬᠦ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠵᠠᠯᠭᠠᠪᠠᠷ ᠨᠡᠶᠢᠲᠡᠯᠡᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠪᠠ ᠦᠢᠯᠡᠴᠢᠯᠡᠭᠡᠨ ᠤ | ᠪᠣᠳᠠᠲᠠᠶᠢᠵᠢᠭᠤᠯᠤᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠠᠴᠠ ᠠᠵᠢᠯ ᠣᠯᠭᠤᠯᠲᠠ ᠳᠤ ᠦᠵᠡᠭᠦᠯᠬᠦ | ᠨᠥᠯᠥᠭᠡ ᠶᠢ ᠬᠠᠮᠤᠭ ᠤᠨ ᠳᠣᠣᠷ᠎ᠠ ᠪᠣᠯᠲᠠᠯ᠎ᠠ ᠪᠠᠭᠤᠷᠠᠭᠤᠯᠬᠤ ᠪᠠᠷ ᠴᠢᠷᠮᠠᠶᠢᠵᠠᠢ᠃ | ᠨᠢᠭᠡ ᠳᠤ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠤᠨ ᠪᠠᠲᠤᠯᠠᠭ᠎ᠠ ᠶᠢ ᠴᠢᠩᠭᠠᠳᠬᠠᠪᠠ᠃ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | 20 ᠵᠤᠷᠪᠤᠰ᠂ ᠬᠢᠵᠢᠭ ᠤᠨ ᠪᠠᠶᠢᠳᠠᠯ ᠤᠨ ᠨᠥᠯᠥᠭᠡ ᠶᠢ ᠠᠷᠭᠠᠴᠠᠭᠠᠵᠤ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ 28 ᠵᠤᠷᠪᠤᠰ ᠢᠶᠠᠷ ᠶᠡᠷᠦᠩᠬᠡᠶᠢᠯᠡᠨ ᠵᠠᠬᠢᠷᠤᠭᠤᠯᠵᠤ᠂ ᠠᠵᠢᠯ ᠣᠯᠭᠤᠯᠲᠠ ᠶᠢᠨ | ᠦᠢᠯᠡᠴᠢᠯᠡᠭᠡ ᠶᠢ ᠴᠢᠩᠭᠠᠳᠬᠠᠬᠤ᠂ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ ᠪᠠ ᠪᠤᠴᠠᠭᠠᠨ ᠲᠥᠯᠥᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠬᠢᠶᠠᠨ | ᠪᠠᠶᠢᠭᠤᠯᠵᠤ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠢᠶᠠᠨ ᠰᠡᠷᠭᠦᠭᠡᠬᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠣᠴᠢᠵᠤ ᠠᠵᠢᠯ ᠤᠯᠬᠤ ᠶᠢ ᠨᠢ | ᠵᠣᠷᠢᠭᠵᠢᠭᠤᠯᠬᠤ ᠵᠡᠷᠭᠡ ᠪᠠᠷ ᠭᠠᠷᠳᠠᠴᠠ ᠪᠣᠯᠭᠠᠭᠰᠠᠨ ︽2 + 16︾ ᠰᠢᠷᠢᠰ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ᠂ 80 ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠠᠢ᠃ ᠡᠭᠦᠨ ᠤ | ᠬᠠᠮᠲᠤ᠂ ᠠᠵᠤ ᠠᠬᠤᠶᠢᠯᠠᠯ ᠤᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠠᠵᠢᠯ | ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ᠂ ᠠᠵᠢᠯ ᠣᠯᠭᠤᠯᠲᠠ ᠶᠢᠨ ᠨᠥᠬᠦᠪᠥᠷᠢ ᠣᠯᠭᠤᠬᠤ᠂ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠲᠣᠬᠢᠷᠠᠭᠤᠯᠤᠯᠲᠠ ᠶᠢ ᠥᠷᠨᠢᠭᠦᠯᠬᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠪᠠᠲᠤᠯᠠᠨ ᠲᠠᠭᠠᠭᠠᠬᠤ ᠵᠡᠷᠭᠡ ᠭᠤᠤᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠵᠡᠷᠭᠡ ᠲᠠᠯ᠎ᠠ ᠪᠠᠷ | ᠢᠳᠡᠪᠬᠢᠲᠡᠢ ᠠᠷᠭ᠎ᠠ ᠬᠡᠮᠵᠢᠶ᠎ᠡ ᠳᠤᠷᠠᠳᠪᠠ᠃ | ᠬᠤᠶᠠᠷ ᠲᠤ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠡᠷᠴᠢᠮ ᠢ | ᠴᠢᠩᠭᠠᠷᠠᠭᠤᠯᠪᠠ᠃ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠠᠰᠤᠵᠤ ᠬᠡᠯᠲᠦᠷᠢᠭᠦᠯᠬᠦ᠂ ᠠᠵᠢᠯ | ᠠᠯᠳᠠᠭᠰᠠᠳ ᠤᠨ ᠳᠠᠭᠠᠳᠬᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠪᠤᠴᠠᠭᠤᠯᠬᠤ᠂ ᠠᠵᠢᠯ | ᠠᠯᠳᠠᠭᠰᠠᠳ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ | ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢ ᠪᠦᠬᠦ ᠬᠦᠴᠦᠨ ᠢᠶᠠᠷ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ | ᠣᠯᠭᠤᠯᠲᠠ ᠶᠢ ᠲᠣᠭᠲᠠᠪᠤᠷᠢᠵᠢᠭᠤᠯᠵᠤ᠂ ᠨᠢᠭᠡᠴᠢ ᠶᠢᠨ ᠲᠤᠰᠢᠶᠠᠬᠤ ᠵᠠᠷᠤᠳᠠᠯ ᠢ ᠨᠡᠶᠢᠳᠡ 52.8 ᠳ᠋ᠦᠩᠰᠢᠭᠤᠷ | ᠲᠥᠭᠦᠷᠢᠭ ᠬᠠᠰᠤᠵᠤ ᠬᠡᠯᠲᠦᠷᠢᠭᠦᠯᠪᠡ᠃ ᠠᠵᠢᠯ ᠠᠯᠳᠠᠯᠲᠠ ᠶᠢᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠥᠷᠥ ᠶᠢᠨ | ᠪᠣᠳᠣᠯᠭ᠎ᠠ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠰᠢᠭ ᠭᠥᠷᠳᠡᠬᠦ | ᠬᠡᠪᠴᠢᠶ᠎ᠡ ᠶᠢ ᠥᠷᠭᠡᠳᠬᠡᠪᠡ᠂ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠣᠷᠣᠨ ᠤ 7008 ᠡᠷᠦᠬᠡ | ᠠᠵᠤ ᠠᠬᠤᠶᠢᠯᠠᠯ ᠳᠤ 5.8 ᠳ᠋ᠦᠩᠰᠢᠭᠤᠷ ᠲᠥᠭᠦᠷᠢᠭ ᠪᠤᠴᠠᠭᠠᠨ ᠲᠥᠯᠥᠵᠦ᠂ 91.7 ᠲᠦᠮᠡᠨ ᠠᠵᠢᠯᠲᠠᠨ | ᠠᠵᠢᠯᠴᠢᠨ ᠳᠤ ᠠᠰᠢᠭ ᠬᠦᠷᠲᠡᠭᠡᠪᠡ᠃ | ᠭᠤᠷᠪᠠ ᠳᠤ ᠭᠤᠤᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠲᠤᠪᠤᠶᠢᠮ᠎ᠠ ᠰᠠᠶᠢᠲᠤᠷ ᠠᠳᠬᠤᠪᠠ᠃ | ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ | ᠦᠨᠳᠦᠰᠦᠨ ᠱᠠᠲᠤᠨ ᠳᠤ ᠦᠰᠦᠨ ᠪᠣᠶᠢᠵᠢᠭᠤᠯᠬᠤ ᠪᠠ ᠠᠵᠢᠯ ᠣᠯᠭᠤᠯᠲᠠ ᠶᠢᠨ ᠳᠠᠳᠤᠯᠭ᠎ᠠ ᠬᠢᠯᠭᠡᠬᠦ ︽ᠭᠤᠷᠪᠠᠨ | ᠲᠥᠯᠥᠪᠯᠡᠭᠡ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠣᠯᠭᠤᠯᠲᠠ ᠶᠢᠨ ᠦᠢᠯᠡᠴᠢᠯᠡᠭᠡ ᠣᠯᠭᠤᠬᠤ | ᠪᠠ ᠰᠤᠷᠭᠠᠭᠤᠯᠢ ᠠᠴᠠ ᠪᠠᠨ ᠰᠠᠯᠵᠤ ᠠᠵᠢᠯ ᠣᠯᠤᠭᠠᠳᠤᠢ ᠪᠠᠶᠢᠭᠰᠠᠳ ᠲᠤ ᠠᠵᠢᠯ ᠣᠯᠭᠤᠬᠤ ᠵᠠᠭᠤᠨ ᠡᠳᠦᠷ ᠤᠨ | ᠪᠣᠭᠤᠮᠲᠠ ᠰᠢᠪᠲᠤᠯᠬᠤ ︽ᠬᠤᠶᠠᠷ ᠶᠡᠭᠡ ᠠᠵᠢᠯᠯᠠᠭ᠎ᠠ︾ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠭᠰᠠᠨ ᠪᠤᠶᠤ ᠠᠵᠢᠯ ᠣᠯᠭᠤᠬᠤ ᠰᠠᠨᠠᠮᠵᠢ ᠲᠠᠢ 5.8 ᠲᠦᠮᠡᠨ ᠬᠥᠮᠥᠨ ᠢ | ᠨᠠᠶᠢᠳᠠᠪᠤᠷᠢᠵᠢᠭᠤᠯᠵᠤ᠂ ᠣᠨ ᠤ ᠲᠥᠯᠥᠪᠯᠡᠭᠡ ᠶᠢᠨ 44.6% ᠶᠢ ᠪᠡᠶᠡᠯᠡᠭᠦᠯᠪᠡ᠃ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠬᠤ ᠶᠢ ᠠᠬᠢᠭᠤᠯᠵᠤ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ 181.1 | ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠪᠠ᠂ ᠡᠭᠦᠨ ᠳᠤ 6 ᠰᠠᠷ᠎ᠠ ᠠᠴᠠ ᠳᠡᠭᠡᠭᠰᠢ ᠰᠢᠯᠵᠢᠭᠦᠯᠦᠭᠰᠡᠨ ᠨᠢ | 135.8 ᠲᠦᠮᠡᠨ ᠬᠥᠮᠦᠨ ᠳᠤ ᠬᠦᠷᠴᠦ᠂ ᠲᠤᠰ ᠲᠤᠰ ᠣᠨ ᠤ ᠲᠥᠯᠥᠪᠯᠡᠭᠡ ᠶᠢᠨ 73.9% ᠪᠠ 67.9% ᠶᠢ | ᠪᠡᠶᠡᠯᠡᠭᠦᠯᠪᠡ᠃ ᠠᠵᠢᠯ ᠣᠯᠬᠤ ᠳᠤ ᠬᠦᠴᠢᠷᠲᠡᠶ ᠬᠥᠮᠦᠰ ᠤᠨ ᠦᠨᠳᠦᠰᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠬᠦ ᠡᠷᠴᠢᠮ ᠢ ᠴᠢᠩᠭᠠᠷᠠᠭᠤᠯᠵᠤ᠂ ᠠᠵᠢᠯ | ᠣᠯᠬᠤ ᠳᠤ ᠬᠦᠴᠢᠷᠲᠡᠶ 1.7 ᠲᠦᠮᠡᠨ ᠬᠥᠮᠦᠨ ᠳᠤ ᠠᠵᠢᠯ ᠣᠯᠭᠤᠵᠤ᠂ ᠠᠵᠢᠯ ᠠᠯᠳᠠᠭᠰᠠᠨ 3.5 ᠲᠦᠮᠡᠨ | ᠬᠥᠮᠦᠨ ᠳᠤ ᠳᠠᠬᠢᠨ ᠠᠵᠢᠯ ᠣᠯᠭᠤᠵᠤ᠂ ᠵᠢᠯ ᠤᠨ ᠲᠥᠯᠥᠪᠯᠡᠭᠡ ᠶᠢ ᠲᠣᠰ ᠲᠣᠰ 42.8%᠂ 70. | 2% ᠪᠡᠶᠡᠯᠡᠭᠦᠯᠪᠡ᠃ | ᠲᠦᠷᠪᠡ ᠳᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶᠢᠷᠡᠭᠦᠯᠪᠡ᠃ | ︽ᠢᠨᠲ᠋ᠧᠷ ᠰᠦᠯᠵᠢᠶ᠎ᠡ + ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ︾ ᠢ ᠪᠦᠬᠦ | ᠬᠦᠴᠦᠨ ᠢᠶᠠᠷ ᠠᠬᠢᠭᠤᠯᠵᠤ᠂ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠬᠢᠴᠢᠶᠡᠯ ᠤᠨ ᠴᠠᠭ ᠤᠨ ᠬᠠᠷᠢᠴᠠᠯ ᠢ | ᠳᠡᠭᠡᠭᠰᠢᠯᠡᠭᠦᠯᠵᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭᠠᠨ ᠤ ᠡᠷᠴᠢᠮ ᠢ ᠴᠢᠩᠭᠠᠷᠠᠭᠤᠯᠵᠤ᠂ | ᠠᠵᠢᠯ ᠢᠶᠠᠷ ᠪᠣᠯᠪᠠᠰᠤᠷᠠᠭᠤᠯᠤᠯ ᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ | ᠰᠤᠷᠭᠠᠭᠤᠯᠢᠯᠠᠯ ᠢᠶᠠᠷ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ᠂ ᠰᠤᠷᠭᠠᠭᠤᠯᠢᠯᠠᠯ ᠢᠶᠠᠷ ᠠᠵᠢᠯ ᠤᠨ ᠪᠠᠶᠢᠷᠢ | ᠬᠦᠯᠢᠶᠡᠬᠦ ᠳᠤ ᠳᠡᠮᠵᠢᠯᠭᠡ ᠦᠵᠡᠭᠦᠯᠪᠡ᠃ ᠲᠠᠷᠢᠶᠠᠴᠢᠨ ᠮᠠᠯᠴᠢᠨ ᠬᠦᠴᠦ ᠶᠠᠪᠤᠭᠰᠠᠳ ᠲᠤ ᠠᠵᠢᠯ ᠣᠯᠭᠤᠬᠤ ᠠᠵᠢᠯ | ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠬᠦᠷᠲᠡᠭᠡᠬᠦ ᠵᠡᠷᠭᠡ ᠲᠤᠰᠬᠠᠶ ᠲᠥᠯᠥᠪᠯᠡᠭᠡ ᠶᠢ ᠬᠡᠷᠡᠭᠵᠢᠭᠦᠯᠵᠦ᠂ | ᠠᠵᠢᠯ ᠣᠯᠭᠤᠯᠲᠠ ᠶᠢᠨ ᠭᠤᠤᠯᠳᠠᠯᠭ᠎ᠠ ᠲᠠᠢ ᠬᠥᠮᠥᠰ᠂ ᠠᠵᠤ ᠠᠬᠤᠶᠢᠯᠠᠯ ᠤᠨ ᠠᠵᠢᠯᠲᠠᠨ ᠳᠤ ᠰᠦᠢᠳᠬᠡᠯ | ᠬᠤᠷᠢᠶᠠᠬᠤ ᠥᠬᠡᠶ ᠪᠠᠷ ᠰᠦᠯᠵᠢᠶᠡᠨ ᠳᠡᠭᠡᠷᠡᠬᠢ ᠤᠷ᠎ᠠ ᠮᠡᠷᠭᠡᠰᠢᠯ ᠤᠨ ᠪᠣᠯᠪᠠᠰᠤᠷᠠᠭᠤᠯᠤᠯ ᠬᠦᠷᠲᠡᠭᠡᠪᠡ᠃ ᠠᠵᠤ | ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠮᠡᠷᠭᠡᠵᠢᠯ ᠤᠨ | ᠠᠵᠢᠯᠴᠢᠨ ᠤ ᠳᠡᠭᠡᠳᠦ ᠰᠤᠷᠭᠠᠭᠤᠯᠢ᠂ ᠨᠡᠶᠢᠭᠡᠮ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠥᠲᠥᠯᠦᠨ | ᠵᠢᠯᠣᠭᠤᠳᠴᠤ ᠪᠠᠶᠢᠭᠠᠳ ᠰᠦᠯᠵᠢᠶᠡᠨ ᠳᠡᠭᠡᠷ᠎ᠡ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠭᠤᠯᠤᠯ | ᠬᠦᠷᠲᠡᠭᠡᠬᠦ ᠡᠬᠢ ᠪᠠᠶᠠᠯᠢᠭ ᠢ ᠨᠡᠭᠡᠭᠡᠪᠡ᠃ | ᠲᠠᠪᠤ ᠳᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠴᠢᠩᠭᠠᠳᠬᠠᠪᠠ᠃ ᠰᠦᠯᠵᠢᠶᠡᠨ | ᠳᠡᠭᠡᠷ᠎ᠡ ᠠᠵᠢᠯᠲᠠᠨ ᠡᠯᠰᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠵᠢᠯ ᠣᠯᠭᠤᠬᠤ | ᠦᠢᠯᠡᠴᠢᠯᠡᠭᠡ ᠨᠢ ᠡᠭᠦᠳᠡ ᠪᠠᠨ ᠬᠠᠭᠠᠬᠤ ᠥᠬᠡᠶ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠶᠢ ᠵᠣᠭᠰᠤᠭᠠᠬᠤ | ᠥᠬᠡᠶ︾ ᠪᠠᠶᠢᠬᠤ ᠶᠢ ᠪᠡᠶᠡᠯᠡᠭᠦᠯᠪᠡ᠃ 1 — 6 ᠳ᠋ᠤᠭᠠᠷ ᠰᠠᠷ᠎ᠠ ᠳᠤ᠂ ᠪᠥᠬᠦ ᠣᠷᠣᠨ ᠳᠤ ︽ᠤᠷᠢᠬᠠᠨ | ᠰᠠᠯᠬᠢᠨ ᠤ ᠠᠵᠢᠯᠯᠠᠭ᠎ᠠ ᠵᠢᠴᠢ ᠠᠵᠢᠯ ᠣᠯᠭᠤᠯᠲᠠ ᠶᠢᠨ ᠲᠤᠰᠠᠯᠠᠮᠵᠢ︾᠂ ︽ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠰᠦᠯᠵᠢᠶ᠎ᠡ ᠪᠠᠷ ᠡᠯᠰᠡᠬᠦ︾᠂ ︽ᠮᠠᠯᠴᠢᠨ ᠲᠠᠷᠢᠶᠠᠴᠢᠨ ᠢ ᠰᠦᠯᠵᠢᠶᠡᠨ ᠳᠡᠭᠡᠷ᠎ᠡ ᠸᠢᠳᠢᠤ᠋ ᠡᠯᠰᠡᠯᠲᠡ︾ | ᠵᠡᠷᠭᠡ 272 ᠲᠠᠯᠠᠪᠤᠷ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠵᠦ᠂ 2.5 ᠲᠦᠮᠡᠨ | ᠡᠷᠦᠬᠡ ᠬᠤᠷᠠᠯ ᠳᠤ ᠣᠷᠣᠯᠴᠠᠵᠤ᠂ 65.9 ᠲᠦᠮᠡᠨ ᠠᠵᠢᠯ ᠤᠨ ᠪᠠᠶᠢᠷᠢ ᠬᠠᠩᠭᠠᠪᠠ᠃ | |