ᠪᠦ᠋ ᠰᠢᠶᠤᠤ ᠯᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/7/17
     7 ᠰᠠᠷ᠎ᠠ ᠶᠢᠨ 16᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ ᠲᠤ ᠬᠦᠷᠴᠤ ᠪᠠᠶᠢᠴᠠᠭᠠᠨ ᠰᠤᠳᠤᠯᠪᠠ᠃
     ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ ᠪᠣᠯ ᠪᠦᠬᠦ ᠤᠯᠤᠰ ᠤᠨ ᠴᠤᠷ ᠤᠨ ᠭᠠᠭᠴᠠ ᠤᠯᠤᠰ ᠤᠨ ᠲᠠᠰ ᠤᠨ ᠨᠤᠲᠤᠭ ᠪᠡᠯᠴᠢᠭᠡᠷ ᠤᠨ ᠰᠢᠨᠵᠢᠯᠡᠬᠦ ᠤᠬᠠᠭᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠤᠯᠤᠨ᠎ᠠ᠂ ᠤᠯᠤᠰ ᠤᠨ ᠦᠷ᠎ᠡ ᠶᠢᠨ ᠲᠡᠵᠢᠭᠡᠯ ᠡᠪᠡᠰᠦᠨ ᠤ ᠳᠤᠮᠳᠠ ᠬᠤᠭᠤᠴᠠᠭᠠᠨ ᠤ ᠬᠥᠮᠥᠷᠭᠡ ᠵᠡᠷᠭᠡ ᠰᠢᠨ᠎ᠡ ᠡᠭᠦᠳᠦᠯᠳᠡ ᠶᠢᠨ ᠰᠢᠷᠢᠰ ᠲᠠᠪᠴᠠᠩ ᠲᠠᠢ᠃ ᠪᠦ᠋ ᠰᠢᠶᠤᠤ ᠯᠢᠨ ᠨᠤᠲᠤᠭ ᠪᠡᠯᠴᠢᠭᠡᠷ ᠰᠤᠳᠤᠯᠬᠤ ᠭᠠᠵᠠᠷ ᠤᠨ ᠲᠡᠵᠢᠭᠡᠯ ᠡᠪᠡᠰᠦ ᠬᠢᠭᠡᠳ ᠡᠪᠡᠰᠦ ᠪᠡᠯᠴᠢᠬᠡᠷ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠰᠢᠯᠭᠠᠬᠤ ᠲᠥᠪ ᠲᠤ ᠬᠦᠷᠴᠦ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠪᠡᠯᠴᠢᠭᠡᠷ ᠤᠨ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠵᠡᠷᠭᠡ ᠲᠠᠯ᠎ᠠ ᠶᠢᠨ ᠮᠡᠷᠭᠡᠵᠢᠯ ᠤᠨ ᠰᠤᠳᠤᠯᠭᠠᠨ ᠪᠣᠯᠤᠨ ᠦᠷ᠎ᠡ ᠪᠦᠲᠦᠭᠡᠯ ᠤᠨ ᠬᠡᠷᠡᠭᠯᠡᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠳᠠᠭᠠᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠤᠰ ᠭᠠᠵᠠᠷ ᠨᠢ ᠪᠠᠰᠠ ᠪᠦᠬᠦ ᠤᠯᠤᠰ ᠤᠨ ᠨᠡᠷᠡᠳᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠎ ᠤᠨ ᠶᠠᠰᠤ ᠴᠢᠨᠠᠷ ᠢ ᠦᠨᠡᠯᠡᠨ ᠲᠣᠭᠲᠠᠭᠠᠬᠤ ᠪᠠᠶᠢᠭᠤᠯᠤᠮᠵᠢ ᠪᠤᠯᠬᠤ ᠶᠢ ᠮᠡᠳᠡᠭᠰᠡᠨ ᠢᠶᠠᠨ᠂ ᠲᠡᠷᠡ ᠰᠤᠳᠤᠯᠭᠠᠨ ᠤ ᠭᠠᠵᠠᠷ ᠤᠨ ᠬᠢᠨ ᠡᠷᠬᠡ ᠰᠦᠷᠲᠦ ᠰᠢᠨᠵᠢᠯᠡᠬᠦ ᠤᠬᠠᠭᠠᠨ ᠤ ᠰᠤᠳᠤᠯᠭᠠᠨ ᠤ ᠲᠤᠭ᠎ᠠ ᠪᠠᠷᠢᠮᠲᠠ ᠪᠠᠷ ᠳᠠᠮᠵᠢᠭᠤᠯᠤᠨ᠂ ᠨᠡᠶᠢᠭᠡᠮ ᠤᠨ ᠡᠯ᠎ᠡ ᠡᠲᠡᠭᠡᠳ ᠲᠤ ᠥᠪᠥᠷ ᠮᠣᠩᠭᠤᠯ ᠤᠨ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠰᠢᠯᠢᠳᠡᠭ ᠶᠠᠰᠤ ᠴᠢᠨᠠᠷ ᠢ ᠮᠡᠳᠡᠭᠦᠯᠬᠦ ᠶᠢ ᠬᠦᠰᠡᠪᠡ᠃ ᠤᠯᠤᠰ ᠤᠨ ᠦᠷ᠎ᠡ ᠶᠢᠨ ᠲᠡᠵᠢᠭᠡᠯ ᠡᠪᠡᠰᠦᠨ ᠤ ᠳᠤᠮᠳᠠ ᠬᠤᠭᠤᠴᠠᠭᠠᠨ ᠤ ᠬᠥᠮᠥᠷᠭᠡ ᠳᠤ᠂ ᠲᠡᠷᠡ ᠡᠪᠡᠰᠦᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ᠂ ᠬᠢᠨᠠᠨ ᠲᠣᠭᠲᠠᠭᠠᠵᠤ ᠦᠨᠡᠯᠡᠬᠦ᠂ ᠬᠠᠮᠠᠭᠠᠯᠠᠵᠤ ᠠᠰᠢᠬᠯᠠᠬᠤ ᠵᠢᠴᠢ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ᠂ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠵᠡᠷᠭᠡ ᠪᠠᠶᠢᠳᠠᠯ ᠢ ᠨᠠᠷᠢᠨ ᠯᠠᠪᠯᠠᠨ ᠠᠰᠠᠭᠤᠪᠠ᠃      ᠪᠦ᠋ ᠰᠢᠶᠤᠤ ᠯᠢᠨ᠂ ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠮᠠᠨ ᠤ ᠤᠯᠤᠰ ᠎ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠪᠣᠯᠵᠦ ᠪᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠳᠠᠪᠤᠷᠢᠲᠠᠨ ᠪᠣᠯᠤᠨ ᠮᠡᠷᠭᠡᠵᠢᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠪᠠᠷ ᠬᠥᠭᠵᠢᠭᠦᠯᠬᠦ ᠳᠤ ᠠᠩᠬᠠᠷᠤᠯ ᠢᠶᠠᠨ ᠳᠦᠪᠯᠡᠷᠡᠬᠦᠯᠵᠥ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠡᠷᠴᠢᠮ ᠢᠶᠠᠨ ᠤᠯᠠᠮ ᠴᠢᠩᠭᠠᠷᠠᠭᠤᠯᠵᠥ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠢᠭᠡᠳ ᠤᠨᠳᠤᠤᠰᠢᠭᠤᠯᠤᠯᠳᠠ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠨᠤᠲᠤᠭ ᠪᠡᠯᠴᠢᠭᠡᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠲᠣᠭᠲᠠᠭᠠᠬᠤ ᠳᠤ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠲᠡᠶ ᠬᠡᠵᠥ ᠵᠢᠭᠠᠵᠥ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号