ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠤᠪᠢᠷᠠᠯᠲᠠ
ᠨᠡᠶᠢᠲᠡᠯᠡᠭᠰᠡᠨ ᠴᠠᠭ᠄
2020/7/17
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠠ᠃      ᠨᠢᠭᠡ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠨ᠎ᠡ᠃      1. ᠠᠵᠢᠯᠲᠠᠨ ᠠᠵᠢᠯᠴᠢᠨ ᠤ ᠬᠤᠪᠢ ᠬᠥᠮᠦᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢ ᠡᠩ ᠤᠨ ᠪᠦᠭᠡᠳ ᠦᠪᠡᠷᠲᠡᠭᠡᠨ ᠰᠠᠭᠤᠬᠤ ᠣᠷᠣᠨ ᠰᠠᠭᠤᠴᠠ ᠬᠤᠳᠠᠯᠳᠤᠨ ᠠᠪᠬᠤ᠂ ᠪᠠᠶᠢᠭᠤᠯᠬᠤ᠂ ᠳᠠᠬᠢᠨ ᠪᠠᠶᠢᠭᠤᠯᠬᠤ᠂ ᠶᠡᠬᠡᠪᠡᠷ ᠵᠠᠰᠠᠨ ᠰᠡᠯᠪᠢᠬᠦ ᠳᠤ ᠬᠡᠷᠡᠭᠯᠡᠬᠦ ᠲᠤᠬᠲᠠᠭᠠᠯ ᠢ ᠴᠢᠩᠭ᠎ᠠ ᠬᠡᠷᠡᠭᠵᠢᠭᠦᠯᠦᠨ᠎ᠡ᠃ ᠵᠣᠭᠤᠰ ᠵᠢᠭᠡᠯᠡᠭᠴᠢ ᠶᠢᠨ ︽ᠬᠠᠮᠲᠤ ᠶᠢᠨ ᠡᠷᠦᠬᠡ ᠠᠮᠠ ᠶᠢᠨ ᠳᠠᠩᠰᠠ ᠲᠠᠢ︾ ᠭᠡᠷ ᠪᠦᠯᠢ ᠶᠢᠨ ᠭᠡᠰᠢᠭᠦᠨ ᠭᠡᠷ ᠪᠠᠶᠢᠰᠢᠩ ᠬᠤᠳᠠᠯᠳᠤᠨ ᠠᠪᠬᠤ ᠳᠠᠭᠠᠨ ᠤᠯᠠᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠵᠢᠭᠡᠯᠡᠯᠭᠡ ᠶᠢ ᠬᠡᠷᠡᠭᠯᠡᠵᠦ ᠪᠤᠯᠬᠤ ᠲᠦᠷᠦ ᠶᠢᠨ ᠪᠤᠳᠤᠯᠭ᠎ᠠ ᠶᠢ ᠬᠦᠴᠦᠨ ᠦᠭᠡᠢ ᠪᠣᠯᠭᠠᠨ᠎ᠠ᠃      2. ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠲᠥᠪ ᠠᠴᠠ ᠭᠤᠷᠪᠠᠳᠤᠭᠠᠷ ᠵᠢᠴᠢ ᠭᠤᠷᠪᠠ ᠠᠴᠠ ᠢᠯᠡᠭᠦᠦ ᠣᠷᠣᠨ ᠰᠠᠭᠤᠴᠠ ᠶᠢ ᠬᠤᠳᠠᠯᠳᠤᠨ ᠠᠪᠬᠤ ᠬᠡᠷ ᠪᠦᠯᠢ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠲᠠᠯᠪᠢᠵᠤ ᠪᠣᠯᠬᠤ ᠥᠬᠡᠶ ᠭᠡᠬᠦ ᠲᠣᠭᠲᠠᠭᠠᠯ ᠢ ᠴᠢᠩᠭ᠎ᠠ ᠭᠡᠷᠡᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠭᠤᠶᠤᠴᠢᠯᠠᠭᠴᠢ ᠶᠢᠨ ᠬᠡᠷ ᠪᠦᠯᠢ ᠶᠢᠨ ᠬᠡᠷ ᠪᠠᠶᠢᠰᠢᠩ ᠤᠨ ᠠᠷᠠᠯᠵᠢᠶᠠᠨ ᠤ ᠳᠡᠩᠰᠠ᠂ ᠥᠮᠴᠢᠯᠡᠬᠦ ᠡᠷᠬᠡ ᠶᠢᠨ ᠳᠡᠩᠰᠠ ᠵᠡᠷᠭᠡ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠪᠠᠷ ᠳᠠᠮᠵᠢᠭᠤᠯᠤᠨ᠂ ᠭᠤᠷᠪᠠᠳᠤᠭᠠᠷ ᠵᠢᠴᠢ ᠭᠤᠷᠪᠠ ᠠᠴᠠ ᠢᠯᠡᠬᠦᠦ ᠣᠷᠣᠨ ᠰᠠᠭᠤᠴᠠ ᠶᠢ ᠬᠤᠳᠠᠯᠳᠤᠨ ᠠᠪᠬᠤ ᠠᠵᠢᠯᠲᠠᠨ ᠠᠵᠢᠯᠴᠢᠨ ᠤ ᠬᠡᠷ ᠪᠦᠯᠢ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠲᠠᠯᠪᠢᠬᠤ ᠪᠠᠨ ᠵᠣᠭᠰᠣᠭᠠᠨ᠎ᠠ᠃      ᠬᠤᠶᠠᠷ᠂ ᠵᠢᠭᠡᠯᠡᠯᠭᠡ ᠶᠢᠨ ᠳᠠᠷᠠᠭᠠᠯᠠᠯ ᠪᠣᠯᠤᠨ ᠮᠠᠲ᠋ᠧᠷᠢᠶᠠᠯ ᠢ ᠴᠣᠮᠬᠠᠳᠬᠠᠨ᠎ᠡ᠃ ᠬᠠᠮᠲᠤ ᠵᠣᠭᠤᠰ ᠵᠢᠭᠡᠯᠡᠭᠴᠢ ᠶᠢᠨ ᠣᠷᠣᠯᠭ᠎ᠠ ᠶᠢ ᠮᠠᠭᠠᠳᠯᠠᠨ ᠲᠣᠭᠲᠠᠭᠠᠬᠤ ᠲᠤᠬᠠᠶ᠄ ᠬᠠᠮᠲᠤ ᠵᠣᠭᠤᠰ ᠵᠢᠭᠡᠯᠡᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠬᠰᠠᠨ ᠪᠤᠯ ᠲᠡᠭᠦᠨ ᠤ ᠰᠠᠭᠤᠷᠢ ᠲᠤᠭ᠎ᠠ ᠪᠠᠷ ᠣᠷᠣᠯᠭ᠎ᠠ ᠶᠢ ᠨᠢ ᠨᠤᠲᠠᠯᠠᠨ ᠲᠣᠭᠲᠠᠭᠠᠨ᠎ᠠ᠃ ᠬᠠᠮᠲᠤ ᠵᠣᠭᠤᠰ ᠵᠢᠭᠡᠯᠡᠭᠴᠢ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠤᠰᠢᠶᠠᠭᠰᠠᠨ ᠥᠬᠡᠶ ᠪᠣᠯ ᠬᠠᠮᠲᠤ ᠵᠣᠭᠤᠰ ᠵᠢᠭᠡᠯᠡᠭᠴᠢ ᠶᠢᠨ ᠨᠡᠶᠢᠭᠡᠮ ᠤᠨ ᠳᠠᠭᠠᠳᠬᠠᠯ ᠤᠨ ᠲᠤᠰᠢᠶᠠᠬᠰᠠᠨ ᠰᠠᠭᠤᠷᠢ ᠲᠤᠭ᠎ᠠ ᠪᠠᠷ ᠣᠷᠣᠯᠭ᠎ᠠ ᠶᠢ ᠨᠢ ᠨᠤᠲᠠᠯᠠᠨ ᠲᠣᠭᠲᠠᠭᠠᠨ᠎ᠠ᠂ ᠠᠵᠢᠯᠲᠠᠨ ᠠᠵᠢᠯᠴᠢᠨ ᠠᠰᠳᠠᠭᠠᠨ ᠴᠠᠯᠢᠩ ᠤᠨ ᠨᠠᠷᠢᠨ ᠳᠠᠩᠰᠠ᠂ ᠴᠠᠯᠢᠩ ᠤᠨ ᠬᠦᠰᠦᠨᠦᠭᠲᠦ᠂ ᠴᠠᠯᠢᠩ ᠤᠨ ᠭᠡᠷᠡᠴᠢ ᠵᠡᠷᠭᠡ ᠮᠠᠲ᠋ᠧᠷᠢᠶᠠᠯ ᠬᠠᠩᠭᠠᠬᠤ ᠴᠢᠬᠤᠯᠠ ᠦᠭᠡᠢ᠃      ᠳᠡᠭᠡᠷᠡᠬᠢ ᠲᠥᠷᠥ ᠶᠢᠨ ᠪᠣᠳᠣᠯᠭ᠎ᠠ ᠶᠢ 2020 ᠣᠨ ᠤ 8 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号