ᠱᠢ ᠲᠠᠢ ᠹᠧᠩ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠤᠢ ᠪᠥᠸᠧ ᠲᠠᠢ ᠠᠭᠤᠯᠵᠠᠪᠠ
ᠨᠡᠶᠢᠲᠡᠯᠡᠭᠰᠡᠨ ᠴᠠᠭ᠄
2020/7/17
     7 ᠰᠠᠷ᠎ᠠ ᠶᠢᠨ 16᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠢᠦᠢ ᠰᠢᠤᠢ ᠪᠥᠸᠧ ᠨᠡᠷ ᠲᠠᠢ ᠠᠭᠤᠯᠵᠠᠪᠠ᠃      ᠱᠢ ᠲᠠᠢ ᠹᠧᠩ ᠳᠤᠮᠳᠠᠳᠤ ᠤᠯᠤᠰ ᠤᠨ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠬᠢᠨ ᠤ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠲᠣᠨᠣᠭᠯᠠᠯ ᠦᠢᠯᠡᠳᠬᠦ᠂ ᠡᠮ ᠡᠮᠨᠡᠯᠭᠡ ᠡᠮᠴᠢᠯᠡᠭᠡ᠂ ᠣᠯᠠᠨ ᠤᠯᠤᠰ ᠤᠨ ᠠᠷᠠᠯᠵᠢᠶ᠎ᠠ ᠵᠡᠷᠭᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠬᠦ ᠬᠠᠮᠳᠤᠷᠠᠯᠴᠠᠭ᠎ᠠ ᠪᠠᠨ ᠤᠯᠠᠮ ᠴᠢᠨᠠᠬᠰᠢᠳᠠ ᠭᠦᠨᠵᠡᠭᠡᠶᠢᠷᠡᠭᠦᠯᠬᠦ ᠶᠢᠨ ᠳᠠᠭᠠᠤ᠂ ᠬᠤᠶᠠᠷ ᠲᠠᠯ᠎ᠠ ᠶᠢᠨ ᠳᠠᠪᠠᠭᠤᠯᠢᠭ ᠢᠶᠠᠨ ᠪᠦᠲᠦᠮᠵᠢᠲᠡᠶ ᠵᠣᠯᠭᠠᠭᠤᠯᠵᠤ᠂ ᠭᠦᠨᠵᠡᠭᠡᠶ ᠰᠣᠯᠢᠯᠴᠠᠭ᠎ᠠ ᠬᠢᠬᠦ ᠪᠠᠨ ᠴᠢᠩᠭᠠᠳᠬᠠᠨ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠪᠠᠨ ᠥᠷᠭᠡᠳᠬᠡᠵᠦ᠂ ᠬᠠᠮᠲᠤᠷᠠᠯᠴᠠᠭᠠᠨ ᠤ ᠳᠡᠰ ᠳᠠᠪᠬᠤᠷᠭ᠎ᠠ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠬᠡᠵᠥ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号