ᠱᠢ ᠲᠠᠢ ᠹᠧᠩ ᠳᠤᠮᠳᠠᠳᠤ ᠤᠯᠤᠰ ᠤᠨ ᠴᠥᠮ᠎ᠡ ᠶᠢᠨ ᠠᠵᠥ ᠦᠢᠯᠡᠳᠪᠦᠷᠢ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠭᠦ᠋ ᠵᠢᠶᠦ᠋ᠨ ᠲᠠᠢ ᠠᠭᠤᠯᠵᠠᠵᠠᠢ
ᠨᠡᠶᠢᠲᠡᠯᠡᠭᠰᠡᠨ ᠴᠠᠭ᠄
2020/7/17
     7 ᠰᠠᠷ᠎ᠠ ᠶᠢᠨ 16᠎ ᠤ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠳᠤᠮᠳᠠᠳᠤ ᠤᠯᠤᠰ ᠤᠨ ᠴᠥᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠬᠥ᠋ ᠵᠢᠶᠦ᠋ᠨ ᠨᠡᠷ ᠲᠠᠢ ᠠᠭᠤᠯᠵᠠᠪᠠ᠃      ᠱᠢ ᠲᠠᠢ ᠹᠧᠩ ᠬᠦ᠋ ᠵᠢᠶᠦ᠋ᠨ ᠨᠡᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠪᠠᠶᠢᠳᠠᠯ ᠢᠶᠠᠨ ᠲᠠᠨᠢᠯᠴᠠᠭᠤᠯᠤᠬᠰᠠᠨ ᠪᠦᠬᠡᠳ ᠬᠤᠯᠪᠣᠭᠳᠠᠯ ᠪᠦᠬᠦᠢ ᠠᠰᠠᠭᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠶ ᠰᠣᠯᠢᠯᠴᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶᠠᠨ ᠤ ᠪᠠᠶᠢᠷᠢ ᠲᠣᠭᠲᠠᠭᠠᠯᠲᠠ ᠪᠣᠯᠤᠨ ᠱᠠᠭᠠᠷᠳᠠᠯᠭ᠎ᠠ ᠶᠣᠰᠣᠭᠠᠷ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠠᠭᠤᠰᠤᠯᠴᠠᠯ ᠴᠡᠭ ᠢ ᠣᠨᠣᠪᠴᠢᠲᠠᠢ ᠣᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠠᠪᠤᠴᠠ ᠳᠤ ᠥᠪᠥᠷ ᠮᠣᠩᠭᠤᠯ ᠤᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠰᠠᠶᠢᠲᠤᠷ ᠵᠠᠮᠨᠠᠬᠤ ᠶᠢ ᠠᠬᠢᠭᠤᠯᠤᠨ᠎ᠠ ᠭᠡᠵᠦ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠦᠬᠦᠳ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号