ᠵᠤᠰᠠᠯᠠᠩ ᠳᠤ ᠪᠠᠨ ᠨᠡᠭᠦᠵᠦ ᠨᠤᠲᠤᠭ ᠪᠡᠯᠴᠢᠭᠡᠷ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2020/7/2
     6 ᠳ᠋ᠤᠭᠠᠷ ᠰᠠᠷ᠎ᠠ ᠶᠢᠨ ᠳᠤᠮᠳᠠᠴᠢ ᠪᠠᠷ᠂ ᠪᠠᠷᠠᠭᠤᠨ ᠦᠵᠦᠮᠦᠴᠢᠨ ᠬᠤᠰᠢᠭᠤᠨ ᠤ ᠬᠤᠭᠤᠯᠠᠳᠤ ᠭᠤᠤᠯ ᠪᠠᠯᠭᠠᠰᠤᠨ ᠤ ᠨᠣᠭᠤᠭᠠᠨ ᠪᠤᠯᠠᠭ ᠭᠠᠴᠠᠭᠠᠨ ᠤ 7 ᠡᠷᠦᠬᠡ ᠮᠠᠯᠴᠢᠨ ᠬᠠᠮᠲᠤ ᠪᠠᠷ ᠬᠥᠳᠡᠯᠦᠯᠴᠡᠨ᠂ ᠴᠡᠩᠬᠡᠷᠲᠦ ᠶᠢᠨ ᠵᠤᠰᠠᠯᠠᠩ ᠳᠤ ᠪᠠᠨ ᠨᠡᠭᠦᠪᠡ᠃ ᠡᠨᠡ ᠪᠣᠯ ᠮᠣᠩᠭᠤᠯ ᠲᠦᠮᠡᠨ ᠤ ᠡᠷᠲᠡ ᠳᠡᠭᠡᠳᠦ ᠠᠴᠠ ᠪᠠᠨ ᠤᠯᠠᠮᠵᠢᠯᠠᠭᠰᠠᠭᠠᠷ ᠢᠷᠡᠭᠰᠡᠨ ᠤᠰᠤ ᠪᠡᠯᠴᠢᠭᠡᠷ ᠢ ᠳᠠᠭᠠᠵᠤ ᠨᠡᠭᠦᠳᠡᠯᠯᠡᠨ ᠨᠤᠲᠤᠭᠰᠢᠬᠤ ᠤᠯᠠᠮᠵᠢᠯᠠᠯ ᠪᠣᠯᠣᠨ᠎ᠠ᠃      ᠤᠰᠤ ᠪᠡᠯᠴᠢᠭᠡᠷ ᠢᠶᠠᠷ ᠪᠠᠶᠠᠨ ᠲᠠᠩᠰᠤᠭ ᠴᠡᠩᠬᠡᠷᠲᠦ ᠶᠢᠨ ᠵᠤᠰᠠᠯᠠᠩ ᠨᠢ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ ᠲᠣᠰᠬᠤᠨ︾ ︽ᠳᠤᠮᠳᠠᠳᠤ ᠤᠯᠤᠰ ᠤᠨ ᠠᠷᠪᠠᠨ ᠶᠡᠭᠡ ᠬᠠᠮᠤᠭ ᠤᠨ ᠭᠤᠶᠣ ᠬᠥᠳᠡᠭᠡ ᠲᠣᠰᠬᠤᠨ︾ ᠪᠣᠯᠬᠤ ᠨᠣᠭᠤᠭᠠᠨ ᠪᠤᠯᠠᠭ ᠭᠠᠴᠠᠭ᠎ᠠ ᠳᠤ ᠪᠠᠶᠢᠷᠢᠯᠠᠵᠤ ᠪᠠᠶᠢᠨ᠎ᠠ᠃ ᠵᠤᠰᠠᠯᠠᠩ ᠤᠨ ᠡᠮᠦᠨ᠎ᠡ ᠲᠠᠯ᠎ᠠ ᠶᠢᠨ ᠠᠭᠤᠯᠠᠨ ᠳᠡᠭᠡᠷ᠎ᠡ ᠨᠢᠭᠡ ᠬᠡᠰᠡᠭ ᠢᠭᠴᠤ ᠰᠠᠬᠤᠯᠢᠭ ᠣᠢ ᠲᠠᠢ᠂ ᠠᠭᠤᠯᠠᠨ ᠬᠤᠷᠮᠣᠶ ᠳᠤ ᠰᠣᠷᠭᠤᠭ ᠴᠡᠴᠡᠭ ᠮᠢᠷᠠᠯᠵᠠᠨ ᠳᠡᠯᠭᠡᠷᠡᠵᠦ᠂ ᠰᠦᠷᠦᠭ ᠰᠦᠷᠦᠭ ᠦᠬᠡᠷ ᠬᠤᠨᠢ ᠲᠠᠪᠠᠲᠠᠢ ᠪᠡᠯᠴᠢᠨ᠂ ᠮᠦᠬᠡᠷᠡᠵᠦ ᠮᠠᠶᠢᠯᠠᠬᠤ ᠳᠠᠭᠤᠨ ᠠᠳᠡ ᠲᠡᠨᠳᠡ ᠦᠭᠡᠢ ᠰᠣᠨᠣᠰᠳᠠᠨ᠎ᠠ᠃ ᠮᠠᠯᠴᠢᠳ ᠵᠢᠯ ᠪᠦᠷᠢ ᠶᠢᠨ 6 ᠳ᠋ᠤᠭᠠᠷ ᠰᠠᠷ᠎ᠠ ᠳᠤ ᠠᠳᠡ ᠢᠷᠡᠵᠦ ᠵᠤᠰᠠᠳᠠᠭ᠂ 8 ᠳ᠋ᠤᠭᠠᠷ ᠰᠠᠷ᠎ᠠ ᠶᠢᠨ ᠳᠤᠮᠳᠠᠴᠢ ᠪᠣᠯᠬᠤ ᠳᠤ ᠡᠪᠦᠯᠵᠢᠶ᠎ᠡ ᠳᠤ ᠪᠠᠨ ᠪᠤᠴᠠᠳᠠᠭ᠂ ᠮᠠᠯᠴᠢᠨ ᠪᠠᠶᠠᠨᠬᠦᠦ᠄ ︽ᠵᠤᠰᠠᠯᠠᠩ ᠤᠨ ᠭᠠᠵᠠᠷ ᠲᠤ ᠭᠤᠷᠪᠠᠨ ᠰᠠᠷ᠎ᠠ ᠰᠢᠬᠠᠮ ᠪᠣᠯᠳᠠᠭ᠂ ᠡᠨᠡ ᠨᠢ ᠡᠪᠦᠯᠵᠢᠶ᠎ᠡ ᠶᠢᠨ ᠪᠡᠯᠴᠢᠭᠡᠷ ᠢ ᠠᠮᠤᠷᠵᠢᠨ ᠲᠡᠩᠬᠡᠷᠡᠭᠦᠯᠵᠦ᠂ ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠳᠤ ᠠᠰᠢᠭᠲᠠᠶ ᠶᠤᠮ︾ ᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号