7 ᠰᠠᠷ᠎ᠠ ᠶᠢᠨ 1 ᠤ 8 ᠴᠠᠭ 42 ᠮᠢᠨᠦ᠋ᠲ ᠲᠤ᠂ G8118 ᠡᠭᠡᠯᠵᠢ ᠶᠢᠨ ︽ᠡᠶ᠎ᠡ ᠵᠤᠬᠢᠴᠠᠩᠭᠤᠢ | ᠨᠡᠷᠡᠮᠵᠢᠳᠦ︾ ᠬᠦᠳᠡᠯᠭᠡᠬᠦ ᠬᠦᠴᠦᠨᠳᠦ ᠭᠠᠯᠲᠦ ᠳᠡᠷᠭᠡ ᠠᠩᠬᠠᠳᠤᠭᠠᠷ ᠪᠦᠯᠦᠭ ᠤᠨ ᠠᠶᠠᠨᠴᠢᠳ ᠢ ᠰᠠᠭᠤᠯᠭᠠᠨ | ᠤᠯᠠᠭᠠᠨᠬᠠᠳᠠ ᠦᠷᠳᠡᠭᠡ ᠠᠴᠠ ᠮᠤᠷᠳᠠᠵᠦ᠂ ᠯᠢᠶᠤᠤᠨᠢᠩ ᠮᠤᠵᠢ ᠶᠢᠨ ᠮᠦᠭᠳᠡᠨ ᠤ ᠬᠤᠶᠢᠳᠦ ᠦᠷᠳᠡᠭᠡ ᠲᠡᠶᠢᠰᠢ | ᠠᠶᠠᠯᠠᠵᠦ᠂ ᠤᠯᠠᠭᠠᠨᠬᠠᠳᠠ ᠠᠴᠠ ᠪᠡᠭᠡᠵᠢᠩ ᠮᠦᠭᠳᠡᠨ ᠤ ᠲᠦᠷᠭᠡᠨ ᠤ ᠲᠡᠮᠦᠷ ᠵᠠᠮ ᠤᠨ ᠬᠠᠷᠠᠴᠢᠨ ᠵᠡᠭᠦᠨ ᠭᠠᠷᠤᠨ | ᠰᠢᠶᠠᠨ ᠦᠷᠳᠡᠭᠡ ᠬᠦᠷᠬᠦ ᠲᠡᠮᠦᠷ ᠵᠠᠮ ᠨᠡᠪᠳᠡᠷᠡᠨ ᠡᠵᠡᠩᠨᠡᠯᠳᠠ ᠪᠠᠨ ᠡᠬᠢᠯᠡᠬᠦᠯᠦᠭᠰᠡᠨ ᠪᠠᠶᠢᠨ᠎ᠠ᠃ | | | | | | | | | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠰᠢᠶᠠᠨ ᠬᠦᠷᠬᠦ ᠲᠦᠷᠭᠡᠨ ᠤ ᠲᠡᠮᠦᠷ | ᠵᠠᠮ ᠨᠡᠪᠳᠡᠷᠡᠭᠰᠡᠨ ᠢ ᠵᠠᠷᠯᠠᠬᠤ ᠶᠢᠨ ᠬᠠᠮᠳᠦ ᠦᠪᠡᠷᠲᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠠᠢ ᠯᠢ ᠬᠤᠸᠠ᠂ | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠪᠤᠤ ᠵᠧᠨ ᠢᠤᠢ ᠵᠢᠴᠢ | ᠳᠤᠮᠳᠠᠳᠤ ᠤᠯᠤᠰ ᠤᠨ ᠲᠡᠮᠦᠷ ᠵᠠᠮ ᠤᠨ ᠮᠦᠭᠳᠡᠨ ᠤ ᠲᠤᠪᠴᠢᠶᠠᠨ ᠤ ᠪᠦᠯᠦᠭᠯᠡᠯ ᠤᠨ ᠬᠢᠵᠠᠭᠠᠷᠳᠦ ᠺᠤᠮᠫᠠᠨᠢ᠂ | ᠥᠪᠦᠷ ᠮᠤᠩᠭᠤᠯ ᠯᠢᠶᠤᠤᠨᠢᠩ ᠤᠨ ᠲᠡᠮᠦᠷ ᠵᠠᠮ ᠤᠨ ᠠᠶᠠᠨᠴᠢᠳ ᠤᠨ ᠲᠤᠰᠬᠠᠢ ᠱᠤᠭᠤᠮ ᠤᠨ ᠬᠢᠵᠠᠭᠠᠷᠳᠦ ᠺᠤᠮᠫᠠᠨᠢ᠂ | ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠳᠠᠨ ᠨᠦᠬᠦᠳ ᠲᠠᠢ ᠬᠠᠮᠳᠤ ᠪᠠᠷ ᠭᠠᠯᠳᠦ | ᠳᠡᠷᠭᠡᠨ ᠤ ᠠᠵᠢᠯᠳᠠᠳ ᠲᠤ ᠬᠠᠳᠠᠭ ᠪᠠᠷᠢᠪᠠ᠃ | ᠠᠢ ᠯᠢ ᠬᠤᠸᠠ ᠪᠠᠶᠠᠷ ᠤᠨ ᠦᠭᠡ ᠳᠡᠭᠡᠨ᠂ ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠰᠢᠶᠠᠨ ᠬᠦᠷᠬᠦ | ᠲᠦᠷᠭᠡᠨ ᠤ ᠲᠡᠮᠦᠷ ᠵᠠᠮ ᠨᠡᠪᠳᠡᠷᠡᠵᠤ ᠡᠵᠡᠩᠨᠡᠯᠲᠡ ᠪᠠᠨ ᠡᠬᠢᠯᠡᠭᠰᠡᠡ ᠨᠢ ᠤᠯᠠᠭᠠᠠᠨᠬᠳᠠ ᠬᠤᠳᠠ ᠵᠢᠩᠬᠢᠨᠢ ᠪᠠᠷ | ᠲᠦᠷᠭᠡᠨ ᠤ ᠲᠡᠮᠦᠷ ᠵᠠᠮ ᠤᠨ ᠴᠠᠭ ᠡᠷᠢᠨ ᠳᠤ ᠤᠷᠤᠬᠰᠠᠨ ᠤ ᠪᠡᠯᠭᠡ ᠳᠡᠮᠳᠡᠭ ᠪᠤᠯᠤᠨ᠎ᠠ᠂ ᠡᠨᠡ ᠨᠢ ᠪᠦᠬᠦ ᠤᠷᠤᠨ ᠤ | ᠤᠳᠤ ᠦᠶ᠎ᠠ ᠶᠢᠨ ᠶᠡᠷᠦᠩᠭᠡᠶᠢᠯᠡᠭᠰᠡᠨ ᠵᠠᠮ ᠬᠠᠷᠢᠯᠴᠠᠭ᠎ᠠ ᠳᠡᠭᠡᠭᠡᠪᠦᠷᠢ ᠶᠢᠨ ᠰᠢᠰᠲ᠋ᠧᠮ ᠢ ᠪᠦᠳᠦᠭᠡᠨ ᠪᠠᠶᠢᠭᠤᠯᠵᠦ᠂ | ᠤᠯᠠᠭᠠᠨᠬᠠᠳᠠ ᠴᠢᠨᠠᠬᠰᠢᠯᠠᠨ ᠥᠪᠦᠷ ᠮᠤᠩᠭᠤᠯ ᠤᠨ ᠵᠡᠬᠦᠨ ᠪᠡᠶ᠎ᠠ ᠶᠢᠨ ᠬᠢᠨ ︽ᠨᠢᠭᠡ ᠪᠦᠰᠡ ᠨᠢᠭᠡ ᠵᠠᠮ︾ ᠤᠨ | ᠪᠠᠶᠢᠯᠳᠤᠬᠤ ᠪᠤᠳᠤᠯᠭ᠎ᠠ ᠪᠠ ᠲᠠᠯ᠎ᠠ ᠨᠤᠳᠤᠭ ᠤᠨ ᠲᠤᠷᠭᠠᠨ ᠵᠠᠮ ᠳᠤ ᠠᠭᠤᠰᠤᠯᠴᠠᠨ ᠤᠷᠤᠬᠤ ᠴᠢᠬᠤᠯᠠ ᠵᠠᠩᠬᠢᠯᠠᠭ᠎ᠠ | ᠭᠠᠵᠠᠷ ᠤᠷᠤᠨ ᠤ ᠪᠠᠶᠢᠷᠢ ᠰᠠᠭᠤᠷᠢ ᠪᠠ ᠨᠦᠯᠦᠭᠡᠯᠡᠬᠦ ᠬᠦᠴᠦᠨ ᠢ ᠳᠡᠭᠡᠭᠰᠢᠯᠡᠬᠦᠯᠬᠦ ᠳᠤ ᠮᠠᠰᠢ ᠴᠢᠬᠤᠯᠠ ᠠᠴᠢ | ᠬᠤᠯᠪᠤᠭᠳᠠᠯ ᠲᠠᠢ ᠶᠤᠮ᠃ ᠵᠠᠮ ᠲᠠᠭᠠᠤ ᠶᠢᠨ ᠡᠯ᠎ᠡ ᠬᠠᠮᠢᠶ᠎ᠠ ᠪᠦᠬᠦᠢ ᠭᠠᠵᠠᠷ ᠤᠷᠤᠨ ᠤ ᠬᠢᠨ ᠲᠦᠷᠬᠡᠨ ᠤ ᠲᠡᠮᠤᠷ | ᠵᠠᠮ ᠤᠨ ᠠᠵᠥ ᠠᠬᠤᠢ ᠶᠢᠨ ᠠᠪᠴᠢᠷᠠᠬᠰᠠᠠ ᠴᠢᠬᠤᠯᠠ ᠶᠡᠭᠡ ᠠᠵᠠ ᠲᠤᠬᠢᠶᠠᠯ ᠢ ᠠᠮᠵᠢᠵᠥ᠂ ᠬᠤᠳᠠ ᠶᠢᠨ | ᠪᠦᠳᠦᠬᠡᠨ ᠪᠠᠶᠢᠭᠤᠯᠤᠯᠳᠠ ᠪᠤᠯᠤᠨ ᠠᠵᠥ ᠦᠢᠯᠡᠰ ᠤᠨ ᠪᠠᠶᠢᠷᠢᠰᠢᠯ ᠢᠶᠠᠨ ᠰᠢᠯᠢᠳᠡᠭᠵᠢᠬᠦᠯᠵᠥ᠂ ᠲᠦᠷᠬᠡᠨ ᠤ ᠲᠡᠮᠤᠷ | ᠵᠠᠮ ᠤᠨ ᠨᠦᠯᠥᠬᠡᠯᠡᠨ ᠲᠠᠶᠢᠴᠢᠯᠠᠬᠤ ᠪᠠ ᠴᠢᠬᠤᠯᠠ ᠡᠯᠧᠮᠧᠨ᠋ᠲ ᠢ ᠲᠦᠪᠯᠡᠷᠡᠬᠦᠯᠬᠦ ᠴᠢᠳᠠᠪᠬᠢ ᠶᠢ ᠦᠨᠡᠨ ᠬᠦ | ᠪᠠᠳᠠᠷᠠᠭᠤᠯᠵᠥ᠂ ᠤᠷᠤᠨ ᠪᠦᠰᠡ ᠶᠢᠨ ᠠᠵᠥ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ | ᠬᠡᠷᠡᠭᠳᠡᠢ᠃ ᠲᠦᠷᠬᠡᠨ ᠤ ᠲᠡᠮᠤᠷ ᠵᠠᠮ ᠤᠨ ᠡᠵᠡᠩᠨᠡᠯᠳᠡ ᠶᠢᠨ ᠨᠢᠬᠡᠴᠢ ᠶᠢᠨ ᠬᠢᠨ ᠲᠤᠳᠤᠭᠠᠳᠤᠬᠢ ᠴᠢᠳᠡᠪᠬᠢ ᠪᠠᠨ | ᠴᠢᠩᠭᠠᠳᠬᠠᠵᠤ᠂ ᠵᠠᠮ ᠲᠠᠭᠠᠤ ᠶᠢᠨ ᠭᠠᠵᠠᠷ ᠤᠷᠤᠨ ᠳᠤ ᠠᠮᠤᠷ ᠲᠦᠪᠰᠢᠨ ᠨᠠᠶᠢᠳᠠᠪᠤᠷᠢᠳᠡᠢ ᠵᠦᠬᠡᠬᠡᠪᠤᠷᠢ ᠶᠢᠨ | ᠦᠢᠯᠡᠴᠢᠯᠡᠭᠡ ᠬᠠᠩᠭᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠰᠢᠶᠠᠨ ᠬᠦᠷᠬᠦ ᠲᠦᠷᠬᠡᠨ ᠤ ᠲᠡᠮᠤᠷ ᠵᠠᠮ ᠢ 2016 ᠣᠨ | ᠤ 7 ᠰᠠᠷ᠎ᠠ ᠠᠴᠠ ᠡᠬᠢᠯᠡᠨ ᠪᠦᠳᠦᠬᠡᠨ ᠪᠠᠶᠢᠭᠤᠯᠵᠥ᠂ ᠵᠠᠮ ᠱᠤᠭᠤᠮ ᠨᠢ ᠦᠪᠤᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠤᠯᠠᠭᠠᠨᠬᠠᠳᠠ ᠬᠤᠳᠠ ᠠᠴᠠ ᠡᠬᠢᠯᠡᠵᠥ᠂ ᠤᠯᠠᠭᠠᠠᠨᠬᠳᠠ ᠬᠤᠳᠠ ᠶᠢᠨ ᠶᠤᠸᠠᠨ ᠪᠤᠤ ᠱᠠᠨ | ᠲᠤᠭᠤᠷᠢᠭ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠯᠢᠶᠤᠤᠨᠢᠩ ᠮᠤᠵᠢ ᠶᠢᠨ ᠴᠤᠤᠶᠠᠩ ᠬᠤᠳᠠ ᠶᠢᠨ | ᠵᠢᠶᠠᠨᠫᠢᠩ ᠰᠢᠶᠠᠨ ᠢᠶᠠᠷ ᠦᠩᠬᠡᠷᠡᠵᠥ᠂ ᠯᠢᠶᠤᠤᠨᠢᠩ ᠮᠤᠵᠢ ᠶᠢᠨ ᠴᠤᠤᠶᠠᠩ ᠬᠤᠳᠠ ᠶᠢᠨ ᠬᠠᠷᠠᠴᠢᠨ ᠵᠡᠭᠦᠨ ᠭᠠᠷᠤᠨ | ᠮᠤᠩᠭᠤᠯ ᠦᠨᠳᠦᠰᠦᠲᠡᠨ ᠤ ᠦᠪᠡᠷᠲᠡᠭᠡᠨ ᠵᠠᠰᠠᠬᠤ ᠰᠢᠶᠠᠨ ᠳᠤ ᠬᠦᠷᠴᠦ᠂ ᠠᠶᠠᠯᠠᠯ ᠤᠨ ᠵᠠᠮ ᠨᠢ 157 ᠺᠢᠯᠥᠮᠧᠲᠷ᠂ | ᠵᠢᠷᠤᠵᠥ ᠲᠦᠯᠥᠪᠯᠡᠭᠰᠡᠡ ᠴᠠᠭ ᠤᠨ ᠬᠤᠷᠳᠤᠴᠠ ᠨᠢ 250 ᠺᠢᠯᠣᠮᠧᠲᠷ ᠪᠠᠶᠢᠵᠥ᠂ ᠪᠦᠬᠦ ᠱᠤᠭᠤᠮ ᠳᠤ | ᠤᠯᠠᠭᠠᠨᠬᠠᠳᠠ᠂ ᠫᠢᠩᠵᠤᠸᠠᠩ᠂ ᠨᠢᠩᠴᠧᠩ᠂ ᠵᠢᠶᠠᠨᠫᠢᠩ᠂ ᠬᠠᠷᠠᠴᠢᠨ ᠵᠡᠭᠦᠨ ᠭᠠᠷᠤᠨ ᠰᠢᠶᠠᠨ 5 ᠲᠡᠷᠬᠡᠨ ᠦᠷᠳᠡᠭᠡ | ᠭᠠᠷᠭᠠᠵᠠᠢ᠃ 7 ᠰᠠᠷ᠎ᠠ ᠶᠢᠨ 1 ᠤ ᠡᠳᠤᠷ ᠠᠴᠠ ᠡᠬᠢᠯᠡᠨ᠂ ᠤᠯᠠᠭᠠᠨᠬᠠᠳᠠ ᠠᠴᠠ ᠬᠠᠷᠠᠴᠢᠨ ᠵᠡᠭᠦᠨ ᠭᠠᠷᠤᠨ ᠰᠢᠶᠠᠨ | ᠬᠦᠷᠬᠦ ᠲᠦᠷᠬᠡᠨ ᠤ ᠲᠡᠮᠤᠷ ᠵᠠᠮ ᠨᠢ ᠡᠳᠤᠷ ᠲᠤᠳᠤᠮ ᠤᠨ ᠱᠤᠭᠤᠮ᠂ ᠤᠷᠬᠢᠯ ᠤᠨ ᠦᠶ᠎ᠡ ᠶᠢᠨ ᠱᠤᠭᠤᠮ ᠢᠶᠠᠷ | ᠭᠠᠯᠳᠤ ᠲᠡᠷᠬᠡ ᠶᠢ ᠲᠤᠬᠢᠷᠠᠭᠤᠯᠤᠨ ᠶᠠᠪᠤᠭᠤᠯᠵᠥ᠂ ᠡᠳᠤᠷ ᠪᠤᠯᠭᠠᠨ ᠬᠠᠮᠤᠭ ᠤᠯᠠᠨ ᠳᠠᠭᠠᠨ 8 ᠬᠤᠤᠰ ᠬᠦᠳᠡᠯᠭᠡᠬᠦ | ᠬᠦᠴᠦᠨᠳᠦ ᠭᠠᠯᠳᠤ ᠲᠡᠷᠭᠡ ᠶᠢ ᠶᠠᠪᠤᠭᠤᠯᠤᠨ᠎ᠠ᠃ ᠤᠯᠠᠭᠠᠨᠬᠠᠳᠠ ᠠᠴᠠ ᠪᠡᠭᠡᠵᠢᠩ ᠮᠦᠭᠳᠡᠨ ᠤ ᠲᠦᠷᠬᠡᠨ ᠤ ᠲᠡᠮᠤᠷ | ᠵᠠᠮ ᠤᠨ ᠬᠠᠷᠠᠴᠢᠨ ᠵᠡᠭᠦᠨ ᠭᠠᠷᠤᠨ ᠰᠢᠶᠠᠨ ᠦᠷᠲᠡᠭᠡ ᠬᠦᠷᠬᠦ ᠲᠡᠮᠤᠷ ᠵᠠᠮ ᠨᠡᠪᠳᠡᠷᠡᠵᠤ ᠡᠵᠡᠩᠨᠡᠯᠲᠡ ᠪᠠᠨ | ᠡᠬᠢᠯᠡᠭᠰᠡᠡ ᠨᠢ ᠤᠷᠤᠨ ᠪᠦᠰᠡ ᠶᠢᠨ ᠠᠵᠥ ᠠᠬᠤᠢ ᠶᠢᠨ ᠬᠦᠭᠵᠢᠯᠳᠡ ᠶᠢ ᠠᠬᠢᠭᠤᠯᠬᠤ᠂ ᠠᠷᠠᠳ ᠤᠯᠠᠨ ᠤ ᠶᠠᠪᠤᠵᠥ | ᠰᠠᠭᠤᠬᠤ ᠳᠤ ᠲᠦᠬᠦᠮ ᠦᠵᠡᠬᠦᠯᠬᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠢᠯᠠᠯᠳᠠ ᠶᠢ ᠤᠯᠬᠤ ᠳᠤ ᠪᠦᠷ ᠴᠢᠬᠤᠯᠠ ᠦᠢᠯᠡᠳᠦᠯ ᠦᠵᠡᠬᠦᠯᠬᠦ ᠪᠤᠯᠤᠨ᠎ᠠ᠃ |