ᠯᠢ ᠺᠧ ᠴᠢᠶᠠᠩ ᠸᠠᠩ ᠬᠤ᠋ ᠨᠢᠩ ᠣᠷᠣᠯᠴᠠᠪᠠ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠵᠥᠪᠯᠡᠯ ᠤᠨ ᠡᠷᠬᠢᠯᠡᠭᠴᠢ ᠰᠢ ᠶᠢᠨ ᠫᠢᠩ 6 ᠰᠠᠷ᠎ᠠ ᠶᠢᠨ 30 ᠤ ᠦᠳᠡ ᠶᠢᠨ ᠬᠤᠶᠢᠨ᠎ᠠ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠷᠪᠠᠨ ᠳᠥᠷᠪᠡᠳᠦᠭᠡᠷ ᠤᠳᠠᠭ᠎ᠠ ᠶᠢᠨ | ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ︽ᠠᠷᠪᠠᠨ | ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠣᠯ ᠬᠠᠷᠠᠯᠲᠠ ᠡᠭᠦᠷᠭᠡ ᠶᠢ ᠠᠮᠵᠢᠯᠲᠠ ᠲᠠᠢ | ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠣᠯᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠬᠰᠢᠯᠠᠨ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ | ᠡᠬᠢᠯᠡᠭᠦᠯᠬᠦ ᠳᠤ ᠡᠷᠬᠡᠪᠰᠢ ᠥᠭᠡᠷᠡᠴᠢᠯᠡᠯᠲᠡ ᠶᠢᠨ ᠰᠢᠪᠲᠤᠯᠤᠯᠲᠠ ᠪᠠ ᠵᠠᠮᠴᠢ ᠦᠢᠯᠡᠳᠦᠯ ᠢ ᠰᠠᠶᠢᠲᠤᠷ ᠪᠠᠳᠠᠷᠠᠭᠤᠯᠵᠤ᠂ | ᠥᠭᠡᠷᠡᠴᠢᠯᠡᠯᠲᠡ ᠳᠤ ᠲᠦᠰᠢᠭᠯᠡᠨ ᠬᠤᠪᠢᠷᠠᠯᠲᠠ ᠶᠢ ᠠᠷᠭᠠᠴᠠᠭᠠᠵᠤ᠂ ᠰᠢᠨ᠎ᠡ ᠪᠠᠶᠢᠳᠠᠯ ᠢ ᠨᠡᠭᠡᠭᠡᠵᠦ᠂ ᠬᠠᠷᠠᠯᠲᠠ ᠪᠠᠷ | ᠬᠥᠲᠥᠯᠥᠨ ᠳᠠᠭᠠᠭᠤᠯᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦ | ᠬᠤᠷᠠᠮᠳᠤᠭᠤᠯᠬᠤ ᠬᠦᠴᠦ ᠬᠠᠳᠠᠭᠠᠯᠠᠬᠤ ᠬᠦᠴᠦ ᠲᠦᠯᠦᠪᠵᠢᠬᠦᠯᠬᠦ ᠳᠡᠭᠡᠨ ᠴᠢᠳᠠᠮᠠᠭᠠᠶ ᠪᠠᠶᠢᠬᠤ ᠪᠠᠷ ᠪᠠᠷᠠᠬᠤ ᠦᠬᠡᠢ | ᠪᠠᠰᠠ ᠬᠤᠪᠢᠷᠠᠯᠲᠠ ᠶᠢ ᠲᠠᠨᠢᠵᠤ ᠬᠤᠪᠢᠷᠠᠯᠳᠠ ᠶᠢ ᠡᠷᠢᠯᠬᠢᠯᠡᠵᠤ ᠬᠤᠪᠢᠷᠠᠯᠳᠠ ᠶᠢ ᠠᠷᠭᠠᠴᠠᠭᠠᠬᠤ ᠳᠠᠭᠠᠨ ᠴᠢᠳᠠᠮᠠᠭᠠᠢ | ᠪᠠᠶᠢᠵᠥ᠂ ᠵᠠᠩᠭᠢᠯᠠᠭ᠎ᠠ ᠶᠢ ᠴᠢᠩᠭ᠎ᠠ ᠠᠳᠬᠤᠵᠤ᠂ ᠰᠦᠪᠡᠭᠴᠢᠯᠡᠯᠲᠡ ᠬᠢᠬᠦ ᠶᠢ ᠢᠳᠡᠪᠬᠢᠲᠡᠶ ᠪᠠᠷ ᠵᠣᠷᠢᠭᠵᠢᠭᠤᠯᠤᠨ᠂ | ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠥᠭᠡᠷᠡᠴᠢᠯᠡᠯᠲᠡ ᠶᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠭᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠡᠳ᠋ ᠡᠷᠬᠢᠯᠡᠭᠴᠢ ᠯᠢ ᠺᠧ ᠴᠢᠶᠠᠩ᠂ ᠸᠠᠩ | ᠬᠤ᠋ ᠨᠢᠩ ᠬᠤᠷᠠᠯ ᠳᠤ ᠣᠷᠣᠯᠴᠠᠪᠠ᠃ | ᠬᠤᠷᠠᠯ ᠠᠴᠠ ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ | ᠵᠢᠯ ᠤᠨ ᠠᠵᠢᠯᠯᠠᠭ᠎ᠠ ᠶᠢᠨ ᠲᠥᠰᠦᠯ ︵2020 — 2022 ᠣᠨ︶︾᠂ ︽ᠰᠢᠨ᠎ᠡ ᠨᠢᠭᠡ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠬᠢᠭᠡᠳ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠬᠦ ᠲᠤᠬᠠᠶ | ᠵᠢᠯᠣᠭᠤᠳᠬᠤ ᠰᠠᠨᠠᠯ︾᠂ ︽ᠬᠥᠳᠡᠭᠡ ᠲᠣᠰᠬᠤᠨ ᠤ ᠬᠡᠷ ᠪᠠᠶᠢᠰᠢᠩ ᠤᠨ ᠰᠠᠭᠤᠷᠢ ᠶᠢᠨ ᠲᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠲᠥᠰᠦᠯ︾᠂ ︽ᠵᠠᠭᠤᠴᠢᠯᠠᠭᠤᠷ ᠤᠨ ᠭᠦᠨᠵᠡᠭᠡᠶ | ᠠᠭᠤᠰᠤᠯᠴᠠᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠶ ᠵᠢᠯᠣᠭᠤᠳᠬᠤ ᠰᠠᠨᠠᠯ︾᠂ ︽ᠰᠢᠨ᠎ᠡ ᠴᠠᠭ | ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠡᠷᠦᠩᠬᠡᠶ | ᠲᠥᠰᠦᠯ︾᠂ ︽ᠤᠯᠤᠰ ᠤᠨ ᠥᠮᠴᠢᠯᠡᠯᠲᠦ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠪᠠᠰᠠ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠠᠴᠠ ᠨᠠᠭᠠᠰᠢᠬᠢ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠴᠢᠬᠤᠯᠠ ᠪᠣᠳᠠᠰ ᠤᠨ ᠰᠠᠭᠤᠷᠢ ᠪᠠ ᠤᠯᠤᠰ ᠲᠦᠷᠦ ᠶᠢᠨ ᠰᠠᠭᠤᠷᠢ ᠮᠥᠨ᠂ ᠨᠠᠮ ᠤᠨ ᠲᠦᠷᠦ | ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠲᠤᠯᠭᠠᠭᠤᠷᠢ ᠪᠠ ᠲᠦᠰᠢᠭᠯᠡᠬᠦ ᠬᠦᠴᠦᠨ ᠮᠥᠨ᠃ ᠡᠨᠡ | ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠶᠠᠪᠤᠴᠠ ᠳᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠪᠠᠴᠢᠮ ᠪᠠᠶᠢᠳᠠᠯ ᠢ | ᠠᠷᠭᠠᠴᠠᠭᠠᠵᠤ ᠬᠠᠩᠭᠠᠯᠭ᠎ᠠ ᠶᠢ ᠪᠠᠲᠤᠯᠠᠬᠤ᠂ ᠡᠮ ᠡᠮᠨᠡᠯᠭᠡ ᠶᠢᠨ ᠲᠤᠰᠠᠯᠠᠮᠵᠢ ᠦᠵᠡᠭᠦᠯᠬᠦ᠂ ᠠᠵᠢᠯ | ᠦᠢᠯᠡᠳᠪᠦᠷᠢᠯᠡᠯ ᠢᠶᠠᠨ ᠰᠡᠷᠭᠦᠭᠡᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ | ᠲᠣᠭᠲᠠᠪᠤᠷᠢᠵᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠬᠤᠶᠢᠰᠢᠳᠠ ᠶᠢᠨ 3 ᠵᠢᠯ ᠪᠣᠯ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠵᠠᠩᠭᠢᠯᠠᠭ᠎ᠠ ᠶᠢᠨ ᠱᠠᠲᠤ ᠦᠶ᠎ᠡ ᠪᠣᠯᠤᠨ᠎ᠠ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠵᠤ᠂ ᠠᠵᠤ ᠠᠬᠤᠶ ᠶᠢᠨ ᠦᠨᠳᠦᠰᠦᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠥ᠂ ᠨᠡᠶᠢᠭᠡᠮ | ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ | ᠭᠤᠤᠯᠳᠠᠯᠭ᠎ᠠ ᠶᠢ ᠠᠳᠬᠤᠨ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠦ᠂ | ᠤᠯᠤᠰ ᠤᠨ ᠥᠮᠴᠢᠯᠡᠯ ᠤᠨ ᠠᠵᠤ ᠠᠬᠤᠶ ᠶᠢᠨ ᠪᠠᠶᠢᠷᠢᠰᠢᠭᠤᠯᠤᠯ ᠢ ᠰᠢᠯᠢᠳᠡᠭᠵᠢᠬᠦᠯᠬᠦ ᠪᠤᠯᠤᠨ ᠪᠦᠲᠦᠴᠡ ᠶᠢᠨ | ᠲᠣᠬᠢᠷᠠᠭᠤᠯᠤᠯᠲᠠ ᠶᠢ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠥᠷᠢᠰᠥᠯᠳᠦᠬᠦ ᠬᠦᠴᠦᠨ᠂ | ᠰᠢᠨ᠎ᠡ ᠶᠢ ᠡᠭᠦᠳᠬᠦ ᠬᠦᠴᠦᠨ᠂ ᠡᠵᠡᠮᠳᠡᠬᠦ ᠬᠦᠴᠦᠨ᠂ ᠨᠥᠯᠥᠭᠡᠯᠡᠬᠦ ᠬᠦᠴᠦᠨ᠂ ᠠᠶᠤᠯ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠶᠢ ᠴᠢᠩᠭᠠᠷᠠᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠪᠠ ᠦᠢᠯᠡᠳᠬᠦ ᠦᠢᠯᠡᠰ ᠤᠨ | ᠠᠭᠤᠰᠤᠯᠴᠠᠨ ᠬᠦᠭᠵᠢᠬᠦ ᠶᠢ ᠲᠦᠷᠭᠡᠳᠭᠡᠨ ᠠᠬᠢᠭᠤᠯᠬᠤ ᠳᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠪᠢᠰᠬᠠᠯ ᠪᠠ ᠠᠵᠤ ᠦᠢᠯᠡᠰ ᠤᠨ ᠬᠤᠪᠢᠰᠤᠯᠲᠠ ᠶᠢᠨ ᠬᠠᠨᠳᠤᠰᠢ ᠯᠤᠭ᠎ᠠ ᠵᠤᠬᠢᠴᠠᠵᠤ᠂ | ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠠ ᠶᠢᠨ ᠴᠢᠨᠠᠷᠳᠠᠢ ᠦᠭᠡᠷᠡᠴᠢᠯᠡᠯᠳᠠ ᠪᠠᠷ ᠭᠤᠤᠯ ᠱᠤᠭᠤᠮ ᠪᠤᠯᠭᠠᠵᠤ᠂ | ᠤᠶᠤᠨᠳᠤ ᠦᠢᠯᠡᠳᠬᠦ ᠦᠢᠯᠡᠰ ᠢᠶᠠᠷ ᠭᠤᠤᠯ ᠬᠦᠴᠤᠯᠠᠬᠦ ᠴᠢᠭᠯᠡᠯ ᠪᠤᠯᠭᠠᠨ᠂ ᠠᠵᠤ ᠦᠢᠯᠡᠳᠪᠤᠷᠢ ᠶᠢᠨ ᠢᠨᠲ᠋ᠧᠷ | ᠰᠦᠯᠵᠢᠶ᠎ᠡ ᠪᠠᠷ ᠰᠢᠨ᠎ᠡ ᠶᠢ ᠡᠬᠦᠳᠦᠨ ᠬᠦᠭᠵᠢᠬᠦ ᠶᠢ ᠲᠦᠷᠭᠡᠳᠭᠡᠵᠤ᠂ ᠦᠢᠯᠡᠳᠬᠦ ᠦᠢᠯᠡᠰ ᠤᠨ ᠦᠢᠯᠡᠳᠪᠤᠷᠢᠯᠡᠯ ᠤᠨ | ᠠᠷᠭ᠎ᠠ ᠬᠡᠯᠪᠡᠷᠢ ᠪᠠ ᠠᠵᠤ ᠠᠬᠤᠢᠢᠯᠠᠯ ᠤᠨ ᠬᠡᠯᠪᠡᠷᠢ ᠪᠠᠶᠢᠳᠠᠯ ᠤᠨ ᠦᠨᠳᠤᠰᠤᠨ ᠴᠢᠨᠠᠷᠳᠠᠢ ᠬᠤᠪᠢᠰᠤᠯᠳᠠ ᠶᠢ | ᠲᠦᠷᠭᠡᠳᠭᠡᠨ᠂ ᠠᠭᠤᠰᠤᠯᠴᠠᠨ ᠬᠦᠭᠵᠢᠬᠦ ᠰᠠᠭᠤᠷᠢ ᠲᠤᠯᠭᠠᠭᠤᠷᠢᠯᠡᠯ ᠢ ᠪᠠᠬᠢᠵᠢᠬᠦᠯᠵᠤ᠂ ᠬᠠᠤᠯᠢ ᠴᠠᠭᠠᠵᠠ ᠬᠠᠤᠯᠢ | ᠲᠤᠬᠳᠠᠭᠠᠯ ᠢ ᠪᠦᠷᠢᠨᠰᠢᠬᠦᠯᠤᠨ᠂ ᠦᠢᠯᠡᠳᠬᠦ ᠦᠢᠯᠡᠰ ᠤᠨ ᠲᠤᠭᠠᠴᠢᠯᠠᠬᠰᠨᠨ᠂ ᠲᠤᠤᠷ ᠰᠦᠯᠵᠢᠶᠠᠵᠢᠭᠰᠡᠨ᠂ | ᠤᠶᠤᠨᠴᠢᠯᠠᠬᠰᠡᠨ ᠬᠦᠭᠵᠢᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠬᠦᠳᠡᠭᠡ ᠲᠤᠰᠬᠤᠨ ᠤ ᠭᠡᠷ ᠪᠠᠶᠢᠰᠢᠩ ᠤᠨ ᠰᠠᠭᠤᠷᠢ ᠭᠠᠵᠠᠷ ᠤᠨ ᠲᠦᠷᠢᠮ ᠤᠨ | ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠭᠡᠷ ᠪᠠᠶᠢᠰᠢᠩ ᠤᠨ ᠰᠠᠭᠤᠷᠢ ᠶᠢᠨ ᠬᠠᠮᠳᠤ ᠶᠢᠨ ᠦᠮᠴᠢᠯᠡᠯ ᠤᠨ ᠡᠷᠭᠡ ᠶᠢ | ᠨᠠᠶᠢᠲᠠᠪᠤᠷᠢᠵᠢᠭᠤᠯᠬᠤ᠂ ᠭᠡᠷ ᠪᠠᠶᠢᠰᠢᠩ ᠤᠨ ᠰᠠᠭᠤᠷᠢ ᠶᠢᠨ ᠲᠡᠷᠢᠶᠠᠴᠢᠨ ᠡᠷᠦᠭᠡ ᠶᠢᠨ ᠬᠢᠷᠢ ᠬᠡᠮ ᠤᠨ ᠡᠷᠭᠡ ᠪᠠ | ᠲᠡᠷᠢᠶᠠᠴᠢᠨ ᠤ ᠭᠡᠷ ᠪᠠᠶᠢᠰᠢᠩ ᠡᠳ᠋ ᠬᠦᠷᠤᠩᠭᠡ ᠶᠢᠨ ᠡᠷᠭᠡ ᠶᠢ ᠪᠠᠲᠤᠯᠠᠬᠤ᠂ ᠭᠡᠷ ᠪᠠᠶᠢᠰᠢᠩ ᠤᠨ ᠰᠠᠭᠤᠷᠢ ᠪᠠ | ᠲᠡᠷᠢᠶᠠᠴᠢᠳ ᠤᠨ ᠭᠡᠷ ᠪᠠᠶᠢᠰᠢᠩ ᠤᠨ ᠭᠡᠷᠡᠭᠯᠡᠬᠦ ᠡᠷᠭᠡ ᠶᠢ ᠵᠤᠬᠢᠰᠳᠠᠢ ᠴᠢᠯᠦᠭᠡᠳᠠᠢ ᠲᠠᠯᠪᠢᠬᠤ ᠪᠤᠳᠠᠳᠠᠢ ᠠᠷᠭ᠎ᠠ ᠵᠠᠮ | ᠪᠠ ᠠᠷᠭ᠎ᠠ ᠬᠡᠮᠵᠢᠶ᠎ᠡ ᠶᠢ ᠢᠳᠡᠪᠬᠢᠳᠠᠢ ᠬᠠᠶᠢᠨ ᠰᠦᠪᠡᠭᠴᠢᠯᠡᠵᠤ᠂ ᠭᠠᠵᠠᠷ ᠰᠢᠷᠤᠢ ᠶᠢᠨ ᠨᠡᠶᠢᠳᠠ ᠶᠢᠨ ᠦᠮᠴᠢᠯᠡᠯ ᠤᠨ | ᠰᠢᠨᠵᠢ ᠴᠢᠨᠠᠷ ᠢ ᠬᠤᠪᠢᠷᠠᠭᠤᠯᠬᠤ ᠦᠭᠡᠢ᠂ ᠲᠡᠷᠢᠶᠠᠨ ᠭᠠᠵᠠᠷ ᠤᠨ ᠤᠯᠠᠭᠠᠨ ᠱᠤᠭᠤᠮ ᠢ ᠲᠠᠪᠠᠭ᠋ᠤ ᠦᠭᠡᠢ᠂ | ᠲᠡᠷᠢᠶᠠᠴᠢᠳ ᠤᠨ ᠠᠰᠢᠭ ᠲᠤᠰᠠ ᠶᠢ ᠬᠤᠬᠢᠷᠠᠭᠤᠯᠬᠤ ᠦᠭᠡᠢ ᠡᠨᠡ ᠬᠦ ᠭᠤᠷᠪᠡᠨ ᠵᠤᠷᠪᠤᠰ ᠬᠤᠷᠢᠭ᠎ᠠ ᠱᠤᠭᠤᠮ ᠢ | ᠡᠷᠡᠰ ᠰᠠᠬᠢᠵᠤ᠂ ᠲᠡᠷᠢᠶᠠᠴᠢᠳ ᠤᠨ ᠡᠷᠭᠡ ᠠᠰᠢᠭ ᠢ ᠰᠠᠶᠢᠳᠤᠷ ᠪᠡᠶᠡᠯᠡᠬᠦᠯᠤᠨ᠂ ᠰᠠᠶᠢᠳᠤᠷ ᠬᠠᠮᠠᠭᠠᠯᠠᠵᠤ᠂ ᠰᠠᠶᠢᠳᠤᠷ | ᠬᠦᠭᠵᠢᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠵᠠᠭᠤᠴᠢᠯᠠᠭᠤᠷ ᠤᠨ ᠠᠭᠤᠰᠤᠯᠴᠠᠯ ᠬᠦᠨᠵᠡᠭᠡᠶᠢᠷᠠᠨ ᠬᠦᠭᠵᠢᠬᠦ ᠶᠢ ᠠᠬᠢᠭᠤᠯᠵᠤ᠂ | ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠬᠦᠨᠵᠡᠭᠡᠶᠢᠷᠠᠬᠦᠯᠤᠨ᠂ ᠪᠦᠷᠢᠨ ᠵᠠᠭᠤᠴᠢᠯᠠᠭᠤᠷ ᠤᠨ | ᠴᠢᠳᠠᠪᠤᠷᠢᠳᠠᠨ ᠢ ᠬᠦᠮᠦᠵᠢᠬᠦᠯᠬᠦ ᠡᠷᠴᠢᠮ ᠢᠶᠠᠨ ᠴᠢᠩᠭᠠᠷᠠᠭᠤᠯᠵᠤ᠂ ᠨᠢᠭᠡ ᠪᠦᠯᠦᠭ ᠬᠦᠴᠦᠷᠭᠡᠭ ᠶᠡᠭᠡ ᠨᠦᠯᠤᠭᠡᠯᠡᠬᠦ | ᠬᠦᠴᠤᠨ ᠪᠠ ᠦᠷᠢᠰᠦᠯᠳᠦᠬᠦ ᠬᠦᠴᠤᠨ ᠲᠠᠢ ᠰᠢᠨ᠎ᠡ ᠮᠠᠶ᠋ᠢᠭ ᠤᠨ ᠭᠤᠤᠯ ᠵᠠᠭᠤᠴᠢᠯᠠᠭᠤᠷ ᠢ ᠴᠤᠬᠴᠠᠯᠠᠨ᠂ | ᠰᠦᠯᠵᠢᠶᠠᠨ ᠲᠡᠭᠡᠷᠡᠬᠢ ᠪᠠ ᠰᠦᠯᠵᠢᠶᠠᠨ ᠭᠠᠳᠠᠨᠠᠬᠢ ᠶᠢ ᠨᠢᠭᠡ ᠴᠤᠬᠴᠠᠵᠢᠭᠤᠯᠬᠤ᠂ ᠲᠤᠳᠤᠭᠠᠳᠤ ᠤᠬᠠᠭᠤᠯᠭ᠎ᠠ | ᠭᠠᠳᠠᠭᠠᠳᠤ ᠤᠬᠠᠭᠤᠯᠭ᠎ᠠ ᠬᠤᠯᠪᠤᠭᠠᠯᠠᠨ ᠬᠦᠳᠡᠯᠦᠯᠴᠡᠬᠦ ᠭᠤᠤᠯ ᠤᠷᠤᠰᠬᠠᠯ ᠶᠠᠷᠢᠶ᠎ᠡ ᠬᠡᠯᠡᠯᠴᠡᠭᠡ ᠶᠢᠨ ᠪᠠᠶᠢᠷᠢᠰᠢᠯ ᠢ | ᠲᠦᠷᠭᠡᠳᠭᠡᠨ ᠪᠠᠶᠢᠭᠤᠯᠵᠤ᠂ ᠠᠭᠤᠯᠭ᠎ᠠ ᠶᠢᠨ ᠪᠠᠶᠢᠭᠤᠯᠤᠯᠳᠠ ᠪᠠᠷ ᠦᠨᠳᠤᠰᠤ ᠪᠤᠯᠭᠠᠬᠰᠡᠨ᠂ ᠲᠡᠷᠢᠬᠦᠨ ᠤ | ᠮᠡᠷᠭᠡᠵᠢᠯ ᠢᠶᠠᠷ ᠲᠤᠯᠭᠠᠭᠤᠷᠢᠯᠠᠯ ᠪᠤᠯᠭᠠᠬᠰᠡᠨ᠂ ᠰᠢᠨ᠎ᠡ ᠶᠢ ᠡᠬᠦᠳᠬᠦ ᠬᠠᠮᠢᠶᠡᠷᠤᠯᠳᠠ ᠪᠠᠷ ᠪᠠᠳᠤᠯᠠᠭ᠎ᠠ ᠪᠤᠯᠭᠠᠬᠰᠡᠨ | ᠪᠦᠷᠢᠨ ᠵᠠᠭᠤᠴᠢᠯᠠᠭᠤᠷ ᠤᠨ ᠲᠠᠮᠵᠢᠭᠤᠯᠭ᠎ᠠ ᠶᠢᠨ ᠰᠢᠰᠲ᠋ᠧᠮ ᠢ ᠪᠠᠶᠢᠭᠤᠯᠵᠤ᠂ ᠶᠠᠷᠢᠶ᠎ᠡ ᠬᠡᠯᠡᠯᠴᠡᠭᠡ ᠶᠢ ᠬᠦᠲᠦᠯᠦᠨ | ᠲᠠᠭᠠᠭᠤᠯᠬᠤ᠂ ᠦᠵᠡᠯ ᠰᠠᠨᠠᠭ᠎ᠠ ᠶᠢᠨ ᠵᠢᠯᠤᠭᠤᠳᠤᠯᠭ᠎ᠠ ᠬᠢᠬᠦ᠂ ᠰᠤᠶᠤᠯ ᠤᠨ ᠤᠯᠠᠮᠵᠢᠯᠠᠯ᠂ ᠠᠷᠠᠳ ᠲᠦᠮᠡᠨ ᠳᠤ | ᠦᠢᠯᠡᠴᠢᠯᠡᠬᠦ ᠲᠠᠮᠵᠢᠭᠤᠯᠭ᠎ᠠ ᠶᠢᠨ ᠦᠨᠳᠦᠷᠯᠢᠭ ᠭᠠᠵᠠᠷ ᠢ ᠪᠠᠳᠤ ᠡᠵᠡᠯᠡᠬᠦ ᠭᠡᠷᠡᠭᠳᠠᠢ ᠭᠡᠵᠤ ᠴᠢᠬᠤᠯᠠᠴᠢᠯᠠᠪᠠ᠃ | ᠬᠤᠷᠠᠯ ᠠᠴᠠ᠂ ᠰᠤᠷᠭᠠᠨ ᠬᠦᠮᠦᠵᠢᠯ ᠤᠨ ᠦᠨᠡᠯᠡᠯᠳᠠ ᠨᠢ ᠰᠤᠷᠭᠠᠨ ᠬᠦᠮᠦᠵᠢᠯ ᠤᠨ ᠬᠦᠭᠵᠢᠯᠳᠠ ᠶᠢᠨ | ᠴᠢᠭᠯᠡᠯ ᠲᠠᠢ ᠬᠤᠯᠪᠤᠬᠳᠠᠵᠤ ᠪᠠᠶᠢᠳᠠᠭ᠂ ᠨᠠᠮ ᠤᠨ ᠰᠤᠷᠭᠠᠨ ᠬᠦᠮᠦᠵᠢᠯ ᠤᠨ ᠲᠤᠬᠠᠢ ᠴᠢᠭᠯᠡᠯᠳᠠ ᠶᠢ ᠪᠦᠬᠦ ᠲᠠᠯ᠎ᠡ ᠪᠠᠷ | ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠨ᠂ ᠶᠤᠰᠤ ᠰᠤᠷᠳᠠᠬᠤᠨ ᠢᠶᠠᠷ | ᠬᠦᠮᠦᠨ ᠬᠦᠮᠦᠵᠢᠬᠦᠯᠬᠦ ᠦᠨᠳᠤᠰᠤᠨ ᠡᠬᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠵᠢᠮ᠎ᠡ ᠶᠤᠰᠤ ᠶᠢ | ᠵᠢᠷᠤᠮᠯᠠᠨ᠂ ᠠᠳᠠᠯᠢ ᠪᠤᠰᠤ ᠭᠤᠤᠯ ᠴᠤᠬᠴᠠ ᠪᠠ ᠠᠳᠠᠯᠢ ᠪᠤᠰᠤ ᠰᠤᠷᠤᠯᠭ᠎ᠠ ᠶᠢᠨ ᠬᠤᠭᠤᠴᠠᠭ᠎ᠠ᠂ ᠠᠳᠠᠯᠢ ᠪᠤᠰᠤ | ᠲᠦᠷᠦᠯ ᠤᠨ ᠰᠤᠷᠭᠠᠨ ᠬᠦᠮᠦᠵᠢᠯ ᠤᠨ ᠤᠨᠴᠠᠯᠢᠭ ᠲᠤ ᠴᠢᠭᠯᠡᠬᠦᠯᠵᠤ᠂ ᠦᠷ᠎ᠡ ᠳ᠋ᠦᠩ ᠤᠨ ᠦᠨᠡᠯᠡᠯᠳᠠ ᠶᠢ | ᠦᠭᠡᠷᠡᠴᠢᠯᠡᠨ ᠰᠠᠶᠢᠵᠢᠷᠠᠭᠤᠯᠵᠤ᠂ ᠶᠠᠪᠤᠴᠠ ᠶᠢᠨ ᠦᠨᠡᠯᠡᠯᠳᠠ ᠶᠢ ᠴᠢᠩᠭᠠᠳᠬᠠᠵᠤ᠂ ᠦᠷᠳᠡᠭ ᠨᠡᠮᠡᠭᠳᠡᠯ ᠤᠨ | ᠦᠨᠡᠯᠡᠯᠳᠠ ᠶᠢ ᠬᠠᠶᠢᠨ ᠰᠦᠪᠡᠭᠴᠢᠯᠡᠨ᠂ ᠶᠡᠷᠤᠩᠭᠡᠶᠢᠯᠡᠭᠰᠡᠨ ᠦᠨᠡᠯᠡᠯᠳᠠ ᠶᠢ ᠪᠦᠷᠢᠨᠰᠢᠬᠦᠯᠵᠤ᠂ ᠬᠤᠪᠢ ᠶᠢ ᠯᠡ | ᠬᠦᠭᠡᠭᠡᠴᠡᠯᠳᠦᠬᠦ᠂ ᠰᠤᠷᠭᠠᠭᠤᠯᠢ ᠲᠠᠪᠰᠢᠬᠦ ᠪᠠᠷ ᠯᠡ ᠭᠤᠤᠯ ᠪᠤᠯᠭᠠᠬᠤ᠂ ᠰᠤᠷᠤᠯᠭ᠎ᠠ ᠶᠢᠨ ᠦᠨᠡᠮᠯᠡᠯ ᠢ ᠯᠡ ᠦᠵᠡᠬᠦ᠂ | ᠦᠬᠦᠯᠡᠯ ᠢ ᠯᠡ ᠦᠵᠡᠬᠦ᠂ ᠵᠡᠷᠭᠡ ᠴᠤᠯᠠ ᠶᠢ ᠯᠡ ᠦᠵᠡᠬᠦ ᠠᠷᠬᠠᠭ ᠬᠡᠮ ᠢ ᠬᠦᠴᠤᠯᠠᠨ ᠠᠷᠢᠯᠭᠠᠵᠤ᠂ ᠰᠢᠨᠵᠢᠯᠡᠬᠦ | ᠤᠬᠠᠭᠠᠨᠴᠢ᠂ ᠴᠠᠭ ᠦᠶ᠎ᠡ ᠶᠢᠨ ᠱᠠᠭᠠᠷᠳᠠᠯᠭ᠎ᠠ ᠯᠤᠭ᠎ᠠ ᠵᠤᠬᠢᠴᠠᠬᠰᠡᠨ ᠰᠤᠷᠭᠠᠨ ᠬᠦᠮᠦᠵᠢᠯ ᠤᠨ ᠦᠨᠡᠯᠡᠯᠳᠠ ᠶᠢᠨ | ᠲᠦᠷᠢᠮ ᠪᠠ ᠲᠤᠬᠳᠠᠴᠠ ᠶᠢ ᠪᠠᠶᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ᠦᠮᠴᠢᠯᠡᠯ ᠤᠨ ᠤᠳᠬ᠎ᠠ ᠤᠷᠠᠯᠢᠭ ᠤᠨ ᠬᠦᠷᠢᠶᠠᠯᠠᠩ ᠪᠦᠯᠬᠦᠮ ᠪᠤᠯ ᠨᠡᠶᠢᠭᠡᠮ | ᠵᠢᠷᠤᠮ ᠤᠨ ᠤᠳᠬ᠎ᠠ ᠤᠷᠠᠯᠢᠭ ᠢ ᠴᠡᠴᠡᠭᠯᠡᠬᠦᠯᠤᠨ ᠬᠦᠭᠵᠢᠬᠦᠯᠬᠦ ᠲᠤᠯᠭᠠᠭᠤᠷᠢ ᠬᠦᠴᠤᠨ ᠪᠤᠯᠤᠨ᠎ᠡ᠂ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠠ ᠪᠠᠷ ᠬᠦᠳᠤᠯᠤᠨ ᠲᠠᠭᠠᠭᠤᠯᠵᠤ᠂ ᠲᠤᠭ ᠢ ᠮᠠᠨᠳᠤᠭᠤᠯᠬᠤ᠂ | ᠠᠷᠠᠳ ᠤᠨ ᠰᠡᠳᠬᠢᠯ ᠢ ᠨᠢᠬᠳᠠᠷᠠᠭᠤᠯᠬᠤ᠂ ᠰᠢᠨ᠎ᠡ ᠬᠦᠮᠦᠨ ᠢ ᠬᠦᠮᠦᠵᠢᠬᠦᠯᠬᠦ᠂ ᠰᠤᠶᠤᠯ ᠢ ᠬᠦᠭᠵᠢᠨ ᠴᠡᠴᠡᠭᠯᠡᠬᠦᠯᠬᠦ᠂ | ᠲᠦᠷᠢ ᠲᠦᠷᠬᠦ ᠶᠢ ᠢᠯᠡᠷᠡᠬᠦᠯᠬᠦ ᠲᠡᠤᠭᠡᠳᠤ ᠡᠬᠦᠷᠭᠡ ᠶᠢᠨ ᠲᠤᠭᠤᠷᠢᠨ ᠳᠤ᠂ ᠠᠰᠠᠭᠤᠳᠠᠯ ᠢᠶᠠᠷ ᠤᠳᠤᠷᠢᠳᠤᠮᠵᠢ | ᠪᠤᠯᠭᠠᠬᠤ ᠶᠢ ᠲᠤᠪᠤᠶᠢᠯᠭᠠᠵᠤ᠂ ᠲᠦᠷᠤᠯ ᠬᠤᠪᠢᠶᠠᠨ ᠵᠢᠯᠤᠭᠤᠳᠬᠤ ᠶᠢ ᠪᠠᠷᠢᠮᠳᠠᠯᠠᠨ᠂ ᠲᠤᠬᠯᠠᠯᠳᠠ ᠪᠠᠷ ᠭᠤᠤᠯ | ᠭᠤᠬᠴᠤᠭ᠎ᠠ ᠪᠤᠯᠭᠠᠵᠤ᠂ ᠤᠯᠤᠰ ᠤᠨ ᠦᠮᠴᠢᠯᠡᠯ ᠤᠨ ᠤᠳᠬ᠎ᠠ ᠤᠷᠠᠯᠢᠭ ᠤᠨ ᠬᠦᠷᠢᠶᠠᠯᠠᠩ ᠪᠦᠯᠬᠦᠮ ᠤᠨ | ᠠᠮᠢᠵᠢᠷᠠᠯ ᠤᠨ ᠬᠦᠴᠤᠨ ᠢ ᠭᠦᠭᠵᠢᠬᠡᠨ᠂ ᠦᠵᠡᠯ ᠰᠠᠨᠠᠭ᠎ᠠ ᠬᠦᠨᠵᠡᠭᠡᠢ᠂ ᠤᠷᠠᠯᠢᠭ ᠭᠤᠴᠤ᠂ ᠦᠢᠯᠡᠳᠦᠴᠡ ᠨᠠᠷᠢᠯᠢᠭ | ᠰᠠᠶᠢᠨ ᠲᠠᠶᠢᠰᠠᠨ ᠤ ᠤᠷᠠᠯᠢᠭ ᠤᠨ ᠰᠢᠯᠢᠳᠡᠭ ᠪᠦᠳᠦᠭᠡᠯ ᠢ ᠵᠤᠬᠢᠶᠠᠨ ᠪᠦᠳᠦᠭᠡᠵᠤ᠂ ᠠᠷᠠᠳ ᠲᠦᠮᠨᠨ ᠤ ᠰᠠᠶᠢᠨ | ᠰᠠᠶᠢᠬᠠᠨ ᠠᠮᠢᠳᠤᠷᠠᠯ ᠢ ᠬᠦᠰᠡᠨ ᠡᠷᠡᠮᠡᠯᠵᠡᠬᠦ ᠤᠶᠤᠨ ᠰᠠᠨᠠᠭ᠎ᠠ ᠰᠤᠶᠤᠯ ᠤᠨ ᠭᠡᠷᠡᠭᠴᠡᠭᠡ ᠶᠢ ᠬᠠᠨᠭ᠍ᠭᠠᠬᠤ ᠭᠡᠷᠡᠭᠳᠠᠢ | ᠭᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠠᠴᠠ ᠨᠠᠭᠠᠰᠢ᠂ ᠪᠢᠳᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠯᠳᠠ ᠶᠢᠨ ᠰᠢᠰᠲ᠋ᠧᠮ ᠤᠨ | ᠪᠦᠬᠦᠯᠢ ᠴᠤᠭᠴᠠ ᠶᠢᠨ ᠦᠢᠯᠡᠳᠦᠯ ᠴᠢᠳᠠᠪᠬᠢ ᠶᠢ ᠬᠦᠴᠦᠯᠡᠨ ᠴᠢᠩᠭᠠᠳᠬᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠤ᠂ ᠳᠡᠯᠡᠬᠡᠢ ᠳᠡᠭᠡᠷᠡᠬᠢ ᠬᠠᠮᠤᠭ ᠤᠨ ᠶᠡᠭᠡ ᠬᠡᠪᠴᠢᠶ᠎ᠠ ᠪᠦᠬᠦᠢ | ᠦᠨᠳᠦᠰᠦᠨ ᠡᠮᠴᠢᠯᠡᠭᠡᠨ ᠤ ᠪᠠᠳᠤᠯᠠᠭ᠎ᠠ ᠶᠢᠨ ᠲᠤᠤᠷ ᠪᠠᠶᠢᠭᠤᠯᠬᠤ ᠶᠢ ᠠᠬᠢᠭᠤᠯᠵᠤ᠂ ᠡᠪᠡᠳᠴᠢᠳᠡᠨ ᠤ ᠡᠪᠡᠳᠴᠢᠨ | ᠦᠵᠡᠭᠦᠯᠬᠦ ᠳᠠᠷᠤᠭᠠᠰᠤ ᠠᠯᠬᠤᠮ ᠠᠯᠬᠤᠮ ᠢᠶᠠᠷ ᠬᠦᠩᠭᠡᠷᠡᠵᠤ᠂ ᠠᠷᠠᠳ ᠲᠦᠮᠡᠨ ᠤ ᠡᠷᠡᠭᠦᠯ ᠮᠡᠨᠳᠦ ᠶᠢᠨ ᠪᠠᠶᠢᠳᠠᠯ ᠪᠠ | ᠦᠨᠳᠦᠰᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠭᠤᠤᠯᠴᠢ ᠴᠢᠨᠠᠷ ᠵᠠᠯᠭᠠᠭ᠎ᠠ ᠪᠠᠷ | ᠰᠠᠶᠢᠵᠢᠷᠠᠵᠠᠢ᠃ ᠡᠨᠡ ᠤᠳᠠᠭ᠎ᠠ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠠᠷᠭᠠᠴᠠᠭᠠᠬᠤ ᠳᠤ ᠪᠢᠳᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠰᠢᠯᠭᠠᠯᠳᠠ ᠶᠢ ᠳᠠᠭᠠᠭᠠᠵᠤ᠂ ᠰᠢᠨ᠎ᠠ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ | ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠠᠷᠠᠳ ᠲᠦᠮᠡᠨ ᠤ ᠠᠮᠢ | ᠨᠠᠰᠤᠨ ᠤ ᠠᠮᠤᠷ ᠲᠦᠪᠰᠢᠨ ᠪᠤᠯᠤᠨ ᠪᠡᠶ᠎ᠠ ᠮᠠᠬᠠᠪᠤᠳ ᠤᠨ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠶᠢ | ᠪᠠᠷᠢᠮᠳᠠᠯᠠᠵᠤ᠂ ᠲᠤᠮᠤ ᠡᠷᠡᠭᠦᠯ ᠬᠠᠮᠠᠭᠠᠯᠠᠯ ᠲᠤᠮᠤ ᠡᠷᠡᠭᠦᠯ ᠮᠡᠨᠳᠦ ᠶᠢᠨ ᠤᠢᠢᠯᠠᠭᠠᠭᠳᠠᠬᠤᠨ ᠢ ᠴᠢᠩᠭᠠᠳᠬᠠᠵᠤ᠂ | ᠰᠡᠷᠭᠡᠶᠢᠯᠡᠬᠦ ᠪᠠᠷ ᠭᠤᠤᠯ ᠪᠤᠯᠭᠠᠬᠤ ᠶᠢ ᠨᠡᠩ ᠳᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠳᠠᠢ᠃ ᠡᠯ᠎ᠠ ᠭᠠᠵᠠᠷ ᠤᠨ ᠡᠮ | ᠡᠮᠨᠡᠯᠭᠡ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠪᠠᠶᠢᠳᠠᠯ ᠢ ᠡᠮᠬᠢᠯᠡᠵᠤ᠂ ᠰᠠᠶᠢᠨ ᠲᠤᠷᠰᠢᠯᠭ᠎ᠠ ᠬᠢᠳᠡᠯ ᠢ | ᠳ᠋ᠦᠩᠨᠡᠵᠤ᠂ ᠳᠡᠰ ᠬᠤᠪᠢᠶᠠᠨ ᠤᠨᠤᠰᠢᠯᠠᠨ ᠡᠮᠨᠡᠬᠦ ᠳᠦᠷᠢᠮ ᠢ ᠪᠦᠷᠢᠨᠰᠢᠭᠦᠯᠬᠦ᠂ ᠡᠮᠨᠡᠬᠦ ᠰᠡᠷᠭᠡᠶᠢᠯᠡᠬᠦ ᠶᠢ | ᠬᠠᠮᠵᠢᠯᠴᠠᠭᠤᠯᠬᠤ ᠲᠤᠭᠲᠠᠴᠠ ᠶᠢ ᠲᠡᠭᠦᠯᠳᠡᠷᠵᠢᠭᠦᠯᠬᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠶᠢᠨ ᠲᠠᠭᠠᠳᠬᠠᠯ ᠪᠠᠳᠤᠯᠠᠭ᠎ᠠ ᠶᠢᠨ ᠮᠦᠡᠭᠭᠦ ᠶᠢ ᠭᠠᠷᠭᠠᠨ | ᠦᠭᠭᠦ ᠠᠷᠭ᠎ᠠ ᠬᠡᠯᠪᠡᠷᠢ ᠶᠢᠨ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ᠂ ᠡᠮ ᠡᠮᠨᠡᠯᠭᠡ ᠶᠢᠨ ᠲᠠᠭᠠᠳᠬᠠᠯ | ᠪᠠᠳᠤᠯᠠᠭ᠎ᠠ ᠶᠢᠨ ᠰᠠᠭᠤᠷᠢ ᠮᠦᠩᠭᠦᠨ ᠤ ᠬᠢᠨᠠᠯᠳᠠ ᠶᠢ ᠴᠢᠩᠭᠠᠳᠬᠠᠬᠤ᠂ ᠦᠨᠳᠦᠰᠦᠨ ᠱᠠᠳᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠬᠤ᠂ ᠡᠮ ᠤᠨ ᠵᠦᠢᠯᠡᠰ ᠤᠨ | ᠬᠠᠩᠭᠠᠯᠭ᠎ᠠ ᠪᠠᠳᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠭᠤᠤᠯᠳᠠᠯᠭ᠎ᠠ ᠲᠠᠢ ᠡᠭᠦᠷᠭᠡ ᠶᠢ ᠲᠦᠷᠭᠡᠨ | ᠠᠬᠢᠭᠤᠯᠵᠤ᠂ ᠬᠤᠯᠪᠤᠭᠳᠠᠯ ᠪᠦᠬᠦᠢ ᠢᠵᠢ ᠲᠦᠬᠦᠷᠵᠢᠭᠦᠯᠬᠦ ᠲᠤᠯᠭᠠᠭᠤᠷᠢᠯᠠᠬᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠵᠤ᠂ ᠦᠭᠡᠷᠡᠴᠢᠯᠡᠯᠳᠡ ᠶᠢᠨ ᠬᠠᠮ ᠠᠷᠭ᠎ᠠ ᠬᠡᠮᠵᠢᠶ᠎ᠠ ᠶᠢ ᠰᠠᠶᠢᠳᠤᠷ ᠬᠡᠷᠡᠭᠵᠢᠭᠦᠯᠬᠦ ᠬᠡᠷᠡᠭᠳᠠᠢ᠃ ᠰᠢᠨ᠎ᠠ | ᠨᠢᠭᠡ ᠦᠶ᠎ᠠ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠳᠤ | ᠦᠵᠡᠭᠦᠯᠬᠦ ᠦᠢᠯᠡᠳᠦᠯ ᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠬᠠᠮᠢᠶᠠᠷᠤᠯᠳᠠ ᠪᠠ ᠦᠢᠯᠡᠴᠢᠯᠡᠭᠡ ᠶᠢᠨ ᠵᠠᠭᠪᠤᠷ ᠢ ᠳᠠᠬᠢᠨ ᠱᠤᠭᠤᠵᠤ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ | ᠰᠢᠯᠢᠳᠡᠭᠵᠢᠭᠦᠯᠵᠤ᠂ ᠦᠢᠯᠡᠴᠢᠯᠡᠭᠡ ᠶᠢᠨ ᠦᠷ᠎ᠠ ᠪᠦᠲᠦᠮᠵᠢ ᠶᠢ ᠳᠡᠭᠡᠭᠰᠢᠯᠡᠬᠦᠯᠬᠦ ᠬᠡᠷᠡᠭᠳᠠᠢ᠃ ᠤᠢᠢᠷ᠎ᠠ ᠶᠢᠨ | ᠬᠤᠭᠤᠴᠠᠭᠠᠨ ᠳᠤ ᠵᠠᠷᠢᠮ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠢᠯᠡᠷᠡᠭᠰᠡᠨ | ᠳᠤᠪᠤᠶᠢᠮ᠎ᠠ ᠠᠰᠠᠭᠤᠳᠠᠯ ᠳᠤ ᠬᠠᠨᠳᠤᠭᠤᠯᠤᠨ ᠳᠠᠷᠤᠢ ᠲᠦᠷᠭᠡᠨ ᠪᠠᠶᠢᠭᠤᠯᠤᠮᠵᠢ ᠲᠤᠭᠳᠠᠴᠠ ᠶᠢᠨ ᠲᠠᠯ᠎ᠠ ᠪᠠᠷ ᠠᠷᠭ᠎ᠠ | ᠪᠤᠳᠤᠯᠬᠢᠯᠠᠵᠤ᠂ ᠳᠤᠳᠠᠭᠳᠠᠯ ᠢ ᠨᠦᠬᠦᠪᠦᠷᠢᠯᠡᠵᠤ᠂ ᠬᠢᠵᠢᠭ ᠤᠨ ᠪᠠᠶᠢᠳᠠᠯ ᠳᠠᠬᠢᠨ ᠰᠡᠷᠭᠦᠬᠦ ᠶᠢ ᠡᠷᠡᠰ ᠬᠤᠷᠢᠬᠯᠠᠬᠤ | ᠬᠡᠷᠡᠭᠳᠠᠢ ᠭᠡᠵᠤ ᠵᠢᠭᠠᠵᠤ ᠭᠠᠷᠭᠠᠵᠠᠢ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠭᠤᠷᠪᠠᠳᠤᠭᠠᠷ | ᠪᠦᠭᠦᠳᠡ ᠬᠤᠷᠠᠯ ᠠᠴᠠ ᠨᠠᠭᠠᠰᠢ ᠪᠠᠶᠢᠷᠢᠯᠠᠭᠤᠯᠤᠭᠰᠠᠨ ᠦᠭᠡᠷᠡᠴᠢᠯᠡᠯᠳᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠢ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢᠨ ᠭᠤᠤᠯ ᠬᠠᠷᠠᠯᠳᠠ ᠡᠭᠦᠷᠭᠡ᠂ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠰᠢᠢᠳᠪᠦᠷᠢᠳᠤ ᠢᠯᠠᠯᠳᠠ ᠶᠢ ᠤᠯᠬᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠪᠠᠶᠢᠩᠭᠤᠵᠢᠭᠤᠯᠬᠤ ᠪᠤᠯᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠦᠯᠳᠠᠢ ᠲᠦᠯᠦᠪᠵᠢᠭᠦᠯᠦᠨ | ᠠᠬᠢᠭᠤᠯᠬᠤ ᠶᠢ ᠠᠪᠴᠠᠯᠳᠤᠭᠤᠯᠵᠤ᠂ ᠵᠠᠩᠭᠢᠯᠠᠭ᠎ᠠ ᠶᠢᠨ ᠴᠢᠨᠠᠷᠳᠠᠢ ᠦᠭᠡᠷᠡᠴᠢᠯᠡᠯᠳᠡ ᠶᠢ ᠬᠠᠨᠳᠤᠯᠭᠠᠳᠤ ᠴᠢᠨᠠᠷᠳᠠᠢ ᠪᠠᠷ | ᠪᠠᠶᠢᠷᠢᠯᠠᠭᠤᠯᠤᠨ ᠠᠬᠢᠭᠤᠯᠬᠤ ᠬᠡᠷᠡᠭᠳᠠᠢ᠃ ︽ᠠᠷᠪᠠᠨ ᠳᠦᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ | ᠦᠭᠡᠷᠡᠴᠢᠯᠡᠯᠳᠡ ᠶᠢᠨ ᠠᠵᠢᠯ ᠢ ᠤᠷᠢᠳᠴᠢᠯᠡᠨ ᠲᠦᠯᠦᠪᠵᠢᠭᠦᠯᠵᠤ᠂ ᠳᠦᠷᠢᠮ ᠪᠠ ᠵᠠᠰᠠᠯᠳᠠ ᠶᠢᠨ ᠰᠢᠰᠲ᠋ᠧᠮ ᠤᠨ | ᠪᠠᠶᠢᠭᠤᠯᠤᠯᠳᠠ ᠶᠢ ᠨᠡᠩ ᠴᠢᠬᠤᠯᠠᠴᠢᠯᠠᠵᠤ᠂ ᠭᠦᠨ ᠳᠠᠪᠬᠤᠷᠭ᠎ᠠ ᠶᠢᠨ ᠪᠠᠶᠢᠭᠤᠯᠤᠮᠵᠢ ᠲᠤᠭᠳᠠᠴᠠ ᠶᠢᠨ ᠠᠰᠠᠭᠤᠳᠠᠯ ᠢ | ᠨᠡᠩ ᠤᠯᠠᠨ ᠰᠢᠢᠳᠪᠦᠷᠢᠯᠡᠬᠦ ᠬᠡᠷᠡᠭᠳᠠᠢ᠃ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢᠨ ᠬᠠᠮᠤᠭ ᠤᠨ ᠶᠡᠭᠡ | ᠠᠮᠢᠵᠢᠷᠠᠯ ᠤᠨ ᠬᠦᠴᠦ ᠨᠢ ᠦᠨᠳᠦᠰᠦᠨ ᠱᠠᠳᠤ ᠪᠠ ᠤᠯᠠᠨ ᠲᠦᠮᠡᠨ ᠤ ᠳᠤᠮᠳᠠ ᠪᠠᠶᠢᠨ᠎ᠠ᠂ ᠰᠢᠨ᠎ᠠ ᠬᠡᠷᠡᠭ ᠪᠤᠳᠠᠰ | ᠰᠢᠨ᠎ᠠ ᠠᠷᠭ᠎ᠠ ᠬᠢᠳᠡᠯ ᠳᠤ ᠬᠠᠨᠲᠤᠬᠤ ᠳᠠᠭᠠᠨ ᠵᠤᠷᠢᠭᠵᠢᠭᠤᠯᠬᠤ ᠪᠠ ᠬᠦᠲᠦᠯᠦᠨ ᠵᠢᠯᠤᠭᠤᠳᠬᠤ ᠪᠠᠨ ᠴᠢᠩᠭᠠᠳᠬᠠᠵᠤ᠂ | ᠰᠢᠨ᠎ᠠ ᠬᠡᠷᠡᠭ ᠪᠤᠳᠠᠰ ᠢ ᠡᠷᠡᠭᠦᠯ ᠢᠶᠠᠷ ᠪᠤᠶᠢᠵᠢᠭᠤᠯᠵᠤ᠂ ᠬᠦᠭᠵᠢᠯᠳᠡ ᠶᠢᠨ ᠰᠢᠨ᠎ᠠ ᠬᠦᠳᠡᠯᠭᠡᠬᠦ ᠡᠨᠧᠷᠭᠢ ᠶᠢ | ᠲᠦᠷᠭᠡᠨ ᠪᠤᠵᠠᠭᠠᠢᠢᠷᠠᠭᠤᠯᠬᠤ ᠬᠡᠷᠡᠭᠳᠠᠢ ᠭᠡᠵᠤ ᠴᠢᠬᠤᠯᠠᠴᠢᠯᠠᠵᠠᠢ᠃ | ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠦᠪᠯᠡᠯ ᠤᠨ ᠭᠡᠰᠢᠭᠦᠨ ᠬᠤᠷᠠᠯ ᠳᠤ | ᠤᠷᠤᠯᠴᠠᠵᠤ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠬᠤᠷᠠᠯ ᠳᠤ ᠰᠤᠯᠠ ᠤᠷᠤᠯᠴᠠᠵᠠᠢ᠃ | | |