ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ︽ᠤᠮᠠᠷᠠᠳᠤ ᠬᠢᠯᠢ ᠶᠢ ᠲᠤᠬᠳᠤᠯᠤᠭᠤᠯᠤᠬᠰᠡᠨ · ᠬᠠᠮᠤᠭ ᠤᠨ ᠭᠤᠶᠤ ᠴᠠᠬᠳᠠᠭ᠎ᠠ︾᠎ ᠶᠢᠨ ᠬᠦᠷᠦᠭ ᠵᠢᠷᠤᠭ ᠤᠨ ᠦᠵᠡᠰᠬᠦᠯᠡᠩ ᠵᠢᠴᠢ ᠱᠠᠩᠨᠠᠯ ᠤᠨ ᠦᠨᠡᠮᠯᠡᠯ ᠤᠯᠭᠤᠬᠤ ᠶᠤᠰᠤᠯᠠᠯ ᠶᠠᠪᠤᠬᠳᠠᠭᠤᠯᠪᠠ  ᠾᠧᠩ ᠰᠢᠶᠤᠤ ᠹᠠᠨ ᠪᠠᠶᠠᠷ ᠤᠨ ᠦᠭᠡ ᠬᠡᠯᠡᠵᠠᠢ
ᠨᠡᠶᠢᠲᠡᠯᠡᠭᠰᠡᠨ ᠴᠠᠭ᠄
2020/7/2
     6 ᠰᠠᠷ᠎ᠡ ᠶᠢᠨ 29᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ︽ᠤᠮᠠᠷᠠᠳᠤ ᠬᠢᠯᠢ ᠶᠢ ᠲᠤᠬᠳᠤᠯᠤᠭᠤᠯᠤᠬᠰᠡᠨ · ᠬᠠᠮᠤᠭ ᠤᠨ ᠭᠤᠶᠤ ᠴᠠᠬᠳᠠᠭ᠎ᠠ︾᠎ ᠶᠢᠨ ᠬᠦᠷᠦᠭ ᠵᠢᠷᠤᠭ ᠤᠨ ᠦᠵᠡᠰᠬᠦᠯᠡᠩ ᠵᠢᠴᠢ ᠱᠠᠩᠨᠠᠯ ᠤᠨ ᠦᠨᠡᠮᠯᠡᠯ ᠤᠯᠭᠤᠬᠤ ᠶᠤᠰᠤᠯᠠᠯ ᠶᠠᠪᠤᠬᠳᠠᠭᠤᠯᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠭᠢᠮ ᠤᠨ ᠲᠠᠷᠤᠭ᠎ᠠ ᠾᠧᠩ ᠰᠢᠶᠤᠤ ᠹᠠᠨ ᠱᠠᠩᠨᠠᠯ ᠤᠯᠭᠤᠬᠤ ᠶᠤᠰᠤᠯᠠᠯ ᠳᠤ ᠤᠷᠤᠯᠴᠠᠬᠰᠡᠨ ᠪᠦᠭᠡᠳ ᠪᠠᠶᠠᠷ ᠤᠨ ᠦᠭᠡ ᠬᠡᠯᠡᠪᠠ᠃      ᠾᠧᠩ ᠰᠢᠶᠤᠤ ᠹᠠᠨ᠂ ᠨᠢᠳᠤᠨᠤᠨ ᠠᠴᠠ ᠨᠠᠭᠠᠰᠢ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠪᠦᠬᠦ ᠤᠯᠤᠰ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ᠂ ︽ᠤᠯᠤᠰ ᠲᠦᠷᠦ ᠶᠢ ᠲᠡᠷᠢᠬᠦᠨ ᠳᠤ ᠲᠠᠯᠪᠢᠬᠤ᠂ ᠤᠯᠠᠨ ᠲᠦᠮᠡᠨ ᠢ ᠲᠡᠷᠢᠬᠦᠨ ᠳᠤ ᠲᠠᠯᠪᠢᠬᠤ᠂ ᠦᠨᠳᠤᠰᠤᠨ ᠱᠠᠳᠤ ᠶᠢ ᠲᠡᠷᠢᠬᠦᠨ ᠳᠤ ᠲᠠᠯᠪᠢᠬᠤ᠂ ᠠᠷᠠᠳ ᠤᠨ ᠴᠠᠬᠳᠠᠭ᠎ᠠ ᠶᠢ ᠲᠡᠷᠢᠬᠦᠨ ᠳᠤ ᠲᠠᠯᠪᠢᠬᠤ︾ ᠠᠵᠢᠯ ᠤᠨ ᠤᠢᠢᠯᠠᠭᠠᠬᠳᠠᠬᠤᠨ ᠢ ᠪᠠᠷᠢᠮᠳᠠᠯᠠᠵᠤ᠂ ︽ᠦᠨᠳᠤᠰᠤᠨ ᠱᠠᠳᠤ ᠶᠢ ᠶᠡᠭᠡ ᠪᠠᠷ ᠠᠳᠬᠤᠵᠤ᠂ ᠰᠠᠭᠤᠷᠢ ᠶᠢ ᠶᠡᠭᠡ ᠪᠠᠷ ᠠᠳᠬᠤᠬᠤ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠪᠦᠬᠦ ᠬᠦᠴᠤᠨ ᠢᠶᠠᠷ ᠢᠶᠠᠨ ᠠᠶᠤᠯ ᠲᠦᠭᠰᠢᠬᠦᠷᠢ ᠠᠴᠠ ᠰᠡᠷᠭᠡᠶᠢᠯᠡᠵᠤ᠂ ᠠᠮᠤᠷ ᠲᠦᠪᠰᠢᠨ ᠢ ᠪᠠᠳᠤᠯᠠᠨ᠂ ᠲᠤᠬᠳᠠᠭᠤᠨ ᠢ ᠬᠠᠮᠠᠭᠠᠯᠠᠵᠤ᠂ ᠬᠢᠵᠢᠭ ᠲᠠᠢ ᠲᠠᠮᠠᠴᠠᠨ᠂ ᠶᠡᠭᠡ ᠬᠦᠴᠤᠨ ᠢᠶᠠᠷ ᠦᠨᠳᠤᠰᠤ ᠰᠠᠭᠤᠷᠢ ᠶᠢ ᠪᠠᠬᠢᠵᠢᠬᠦᠯᠵᠤ᠂ ᠲᠤᠳᠠᠭᠤᠳᠠᠯ ᠢᠶᠠᠨ ᠨᠦᠬᠦᠪᠤᠷᠢᠯᠡᠨ᠂ ᠠᠯᠳᠠᠰᠢ ᠶᠢ ᠬᠤᠷᠢᠬᠯᠠᠵᠤ᠂ ᠪᠠᠭᠤᠷᠠᠢ ᠲᠠᠯ᠎ᠡ ᠪᠠᠨ ᠬᠦᠴᠤᠷᠭᠡᠭᠵᠢᠬᠦᠯᠤᠨ᠂ ᠦᠪᠤᠷ ᠮᠤᠩᠭᠤᠯ ᠤᠨ ᠦᠨᠳᠤᠰᠤᠳᠠᠨ ᠤ ᠪᠦᠯᠬᠦᠮᠳᠡᠯ᠂ ᠬᠢᠯᠢ ᠬᠢᠵᠠᠭᠠᠷ ᠤᠨ ᠲᠤᠬᠳᠠᠭᠤᠨ ᠤ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠵᠤ᠂ ᠡᠭᠡ ᠤᠯᠤᠰ ᠤᠨ ︽ᠤᠮᠠᠷᠠᠳᠤ ᠶᠡᠭᠡ ᠬᠠᠭᠠᠯᠭ᠎ᠠ︾᠎ ᠶᠢ ᠰᠠᠶᠢᠳᠤᠷ ᠰᠠᠬᠢᠵᠤ᠂ ᠨᠡᠶᠢᠰᠯᠠᠯ ᠤᠨ ︽ᠬᠤᠳᠠ ᠬᠠᠮᠠᠭᠠᠯᠠᠬᠤ ᠭᠤᠤᠯ︾᠎ ᠢ ᠪᠠᠳᠤ ᠴᠤᠬᠴᠠᠯᠠᠪᠠ᠃ ᠪᠦᠬᠦ ᠤᠷᠤᠨ ᠤ ᠦᠷᠭᠡᠨ ᠤᠯᠠᠨ ᠠᠷᠠᠳ ᠤᠨ ᠴᠠᠬᠳᠠᠭ᠎ᠠ ᠲᠤᠰᠠᠯᠠᠬᠤ ᠴᠠᠬᠳᠠᠭ᠎ᠠ ᠬᠦᠬᠢᠬᠦᠯᠦᠭᠳᠡᠨ ᠰᠠᠶᠢᠰᠢᠶᠠᠬᠳᠠᠬᠰᠡᠨ ᠨᠦᠬᠦᠳ ᠢᠶᠠᠷ ᠦᠯᠢᠭᠡᠷ ᠲᠠᠭᠤᠷᠢᠶᠠᠯ ᠪᠤᠯᠭᠠᠵᠤ᠂ ᠤᠭ ᠰᠠᠨᠠᠭ᠎ᠠ ᠪᠠᠨ ᠦᠯᠤ ᠮᠡᠷᠳᠡᠨ᠂ ᠡᠷᠡᠮᠡᠭᠡᠶᠢᠯᠡᠨ ᠤᠷᠤᠬᠰᠢᠯᠠᠵᠤ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠦᠢᠯᠡᠰ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠬᠦᠳᠬᠦ ᠭᠡᠷᠡᠭᠳᠠᠢ ᠭᠡᠵᠤ ᠴᠢᠬᠤᠯᠠᠴᠢᠯᠠᠪᠠ᠃      ᠤᠢᠢᠯᠠᠭᠠᠬᠰᠡᠨ ᠢᠶᠠᠷ᠂ 2019 ᠣᠨ ᠳᠤ᠂ ᠦᠪᠡᠷᠳᠡᠭᠡᠨ ᠵᠠᠰᠠᠬᠤ ᠤᠷᠤᠨ ᠤ ᠲᠤᠳᠤᠭᠠᠳᠤ ᠶᠢ ᠬᠠᠮᠠᠭᠠᠯᠠᠬᠤ ᠲᠢᠩᠭᠢᠮ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠤᠶᠤᠨ ᠤ ᠪᠤᠯᠪᠠᠰᠤᠨ ᠤ ᠠᠯᠪᠡᠨ ᠭᠡᠷ᠂ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠡ᠂ ᠦᠪᠡᠷᠳᠡᠭᠡᠨ ᠵᠠᠰᠠᠬᠤ ᠤᠷᠤᠨ ᠤ ᠷᠠᠳᠢᠣ᠋ ᠲᠧᠯᠸᠢᠰ ᠬᠤᠷᠢᠶ᠎ᠡ ᠯᠤᠭ᠎ᠠ ᠬᠤᠯᠪᠤᠭᠠᠯᠠᠵᠤ᠂ ︽ᠤᠮᠠᠷᠠᠳᠤ ᠬᠢᠯᠢ ᠶᠢ ᠲᠤᠬᠳᠤᠯᠤᠭᠤᠯᠤᠬᠰᠡᠨ · ᠬᠠᠮᠤᠭ ᠤᠨ ᠭᠤᠶᠤ ᠴᠠᠬᠳᠠᠭ᠎ᠠ︾᠎ ᠶᠢ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠪᠦᠬᠦ ᠤᠷᠤᠨ ᠤ 30 ᠵᠢᠱᠢᠭᠳᠡᠭᠴᠢ ᠠᠴᠠ 12 ᠱᠠᠩᠨᠠᠯ ᠬᠦᠷᠳᠡᠭᠴᠢ ᠶᠢ ᠰᠤᠩᠭᠤᠨ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号