2020 ᠣᠨ ᠤ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠦᠨᠳᠦᠰᠦᠨ ᠳᠤ ᠪᠠᠨ ᠳᠠᠭᠤᠰᠪᠠ  ᠵᠧᠩ ᠬᠤᠩ ᠹᠠᠨ ᠪᠡᠯᠡᠳᠬᠡᠯ ᠪᠠᠶᠢᠳᠠᠯ ᠢ ᠪᠠᠶᠢᠴᠠᠭᠠᠨ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2020/7/2
     2020 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠤᠳᠠᠯ ᠥᠬᠡᠶ ᠡᠬᠢᠯᠡᠬᠦ ᠭᠡᠵᠦ ᠪᠠᠶᠢᠨ᠎ᠠ᠂ 7 ᠳ᠋ᠤᠭᠠᠷ ᠰᠠᠷ᠎ᠠ ᠶᠢᠨ 1᠎ ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠲᠤ ᠬᠦᠷᠴᠦ᠂ ᠨᠢᠭᠡᠳᠦᠭᠡᠷ ᠹᠷᠣᠨᠲ ᠤᠨ ᠰᠢᠯᠭᠠᠯᠲᠠ ᠎ ᠶᠢᠨ ᠠᠵᠢᠯᠲᠠᠨ ᠢ ᠲᠣᠬᠤᠨᠢᠭᠤᠯᠵᠤ᠂ ᠪᠦᠬᠦ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠤᠨ ᠪᠠᠶᠢᠳᠠᠯ ᠢ ᠪᠠᠶᠢᠴᠠᠭᠠᠨ ᠬᠢᠨᠠᠨ ᠵᠢᠯᠣᠭᠤᠳᠪᠠ᠃      ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠣᠭᠤᠳᠬᠤ ᠲᠥᠪ ᠲᠤ᠂ ᠵᠧᠩ ᠬᠤᠩ ᠹᠠᠨ ᠬᠥᠯᠥᠨ ᠪᠤᠶᠢᠷ ᠬᠤᠲᠠ᠂ ᠠᠯᠠᠱᠠ ᠠᠶᠢᠮᠠᠭ ᠵᠢᠴᠢ ᠬᠠᠷᠠᠴᠢᠨ ᠬᠤᠰᠢᠭᠤ᠂ ᠳᠥᠷᠪᠡᠳ ᠬᠤᠰᠢᠭᠤ᠂ ᠲᠦᠮᠡᠳ ᠪᠠᠷᠠᠭᠤᠨ ᠬᠤᠰᠢᠭᠤ᠂ ᠵᠡᠭᠦᠨᠭᠠᠷ ᠬᠤᠰᠢᠭᠤ ᠵᠡᠷᠭᠡ ᠬᠡᠰᠡᠭ ᠠᠶᠢᠮᠠᠭ ᠬᠤᠲᠠ᠂ ᠬᠤᠰᠢᠭᠤ ᠰᠢᠶᠠᠨ ᠤ ᠵᠠᠰᠠᠭ ᠤᠨ ᠣᠷᠳᠣᠨ ᠬᠢᠭᠡᠳ ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠠᠢ ᠸᠢᠳᠢᠤ᠋ ᠪᠠᠷ ᠬᠤᠯᠪᠣᠭ᠎ᠠ ᠠᠪᠴᠤ᠂ ᠵᠢᠯᠣᠭᠤᠳᠬᠤ ᠲᠥᠪ ᠤᠨ ᠮᠡᠳᠡᠭᠡ ᠵᠠᠩᠭᠢ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠢᠯᠭᠠᠵᠤ᠂ ᠡᠯ᠎ᠡ ᠭᠠᠵᠠᠷ ᠤᠨ ᠨᠢᠭᠡᠳᠦᠯᠲᠡᠢ ᠰᠢᠯᠭᠠᠯᠲᠠ ᠶᠢᠨ ᠴᠡᠭ ᠤᠨ ᠲᠥᠬᠦᠭᠡᠷᠦᠮᠵᠢ ᠶᠢᠨ ᠲᠣᠬᠢᠷᠠᠭᠤᠯᠤᠯᠲᠠ᠂ ᠰᠢᠯᠭᠠᠯᠲᠠ ᠬᠢᠨᠠᠭᠴᠢᠳ ᠤᠨ ᠪᠣᠯᠪᠠᠰᠤᠷᠠᠭᠤᠯᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠵᠢᠴᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠲᠥᠰᠦᠯ ᠵᠡᠷᠭᠡ ᠪᠠᠶᠢᠳᠠᠯ ᠢ ᠣᠶᠢᠯᠠᠭᠠᠵᠠᠶ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠰᠢᠯᠭᠠᠯᠲᠠ ᠶᠢᠨ ᠲᠥᠪ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠠᠵᠢᠯ ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃      ᠵᠧᠩ ᠬᠤᠩ ᠹᠠᠨ ᠵᠢᠭᠠᠵᠤ ᠭᠠᠷᠭᠠᠭᠰᠠᠨ ᠨᠢ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠭᠠᠷᠤᠭᠰᠠᠨ ᠠᠴᠠ ᠨᠠᠰᠢᠬᠢ ᠪᠦᠬᠦ ᠣᠷᠣᠨ ᠤ ᠬᠡᠪᠴᠢᠶ᠎ᠡ ᠪᠠᠷ ᠬᠠᠮᠤᠭ ᠤᠨ ᠶᠡᠭᠡ ᠨᠢᠭᠡ ᠤᠳᠠᠭᠠᠨ ᠤ ᠵᠣᠬᠢᠶᠠᠨ ᠪᠠᠶᠢᠭᠤᠯᠤᠯᠲᠠ ᠲᠠᠢ ᠬᠠᠮᠲᠤ ᠶᠢᠨ ᠴᠢᠨᠠᠷᠲᠠᠶ ᠠᠵᠢᠯᠯᠠᠭ᠎ᠠ ᠪᠣᠯᠤᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠦᠴᠢᠷ ᠤᠳ ᠪᠠᠶᠢᠳᠠᠯ ᠢ ᠲᠣᠲᠤᠷᠬᠠᠢ ᠲᠠᠨᠢᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠨᠡᠮᠡᠭᠳᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠶᠡᠭᠡ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠬᠥᠮᠦᠨ ᠳᠤ ᠨᠢ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠬᠠᠮᠤᠭ ᠤᠨ ᠳᠡᠭᠡᠳᠦ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠵᠤ᠂ ᠤᠳᠤᠷᠢᠳᠤᠯᠭ᠎ᠠ ᠪᠠᠨ ᠴᠢᠩᠭᠠᠳᠬᠠᠨ᠂ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠪᠦᠬᠦ ᠠᠵᠢᠯᠲᠠᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠨᠠᠷᠢᠯᠢᠬᠵᠢᠭᠤᠯᠬᠤ᠂ ᠣᠨᠣᠪᠴᠢᠵᠢᠭᠤᠯᠬᠤ ᠶᠢ ᠪᠠᠷᠢᠮᠲᠠᠯᠠᠵᠤ᠂ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂  ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠡᠯ᠎ᠡ ᠵᠦᠢᠯ ᠤᠨ ᠪᠡᠯᠡᠳᠬᠡᠯ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠠᠬᠢᠯᠭ᠎ᠠ ᠪᠠᠲᠤ ᠶᠢᠨ ᠬᠢᠨᠠᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠲᠤᠯᠭᠠᠵᠤ ᠨᠡᠬᠡᠮᠵᠢᠯᠡᠬᠦ ᠶᠢ ᠴᠢᠩᠳᠠᠯᠠᠵᠤ᠂ ᠰᠢᠯᠭᠠᠯᠲᠠ ᠶᠢᠨ ᠡᠷᠬᠡ ᠲᠡᠭᠰᠢ᠂ ᠲᠡᠰ ᠳᠠᠷᠠᠭᠠᠯᠠᠯ ᠲᠠᠢ᠂ ᠲᠥᠪ ᠭᠤᠣᠯᠴᠢ ᠪᠠᠶᠢᠯᠭᠠᠬᠤ ᠪᠠ ᠦᠷ᠎ᠡ ᠳ᠋ᠦᠩ ᠢ ᠢᠯᠡ ᠪᠣᠯᠭᠠᠬᠤ ᠶᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠭᠡᠪᠡ᠃      ᠣᠶᠢᠯᠠᠭᠠᠭᠰᠠᠨ ᠢᠶᠠᠷ᠂ 2020 ᠣᠨ ᠳᠤ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ  ᠨᠢᠭᠡᠳᠦᠯᠲᠡᠢ ᠰᠢᠯᠭᠠᠯᠲᠠ ᠳᠤ 197901 ᠬᠥᠮᠥᠨ ᠨᠡᠷ᠎ᠡ ᠮᠡᠳᠡᠭᠦᠯᠵᠡᠢ᠂ ᠡᠭᠦᠨ ᠳᠤ ᠨᠢᠭᠡᠳᠦᠯᠲᠡᠶ ᠰᠢᠯᠭᠠᠯᠲᠠ ᠳᠤ ᠣᠷᠣᠯᠴᠠᠬᠤ ᠬᠥᠮᠦᠨ 163812 ᠪᠤᠢ᠃ ᠪᠥᠬᠦ ᠣᠷᠣᠨ ᠳᠤ ᠨᠡᠶᠢᠲᠡ 105 ᠰᠢᠯᠭᠠᠯᠲᠠ ᠶᠢᠨ ᠲᠣᠭᠤᠷᠢᠭ᠂ 184 ᠰᠢᠯᠭᠠᠯᠲᠠ ᠶᠢᠨ ᠴᠡᠭ᠂ 5786 ᠰᠢᠯᠭᠠᠯᠲᠠ ᠶᠢᠨ ᠲᠠᠯᠠᠪᠠᠶ ᠲᠣᠬᠢᠷᠠᠭᠤᠯᠵᠠᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号