ᠱᠢ ᠲᠠᠢ ᠹᠧᠩ ᠠᠮᠧᠷᠢᠺᠠ ᠶᠢᠨ ᠺᠠᠶᠢᠰᠢ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠭᠦ᠋ ᠺᠠᠢ ᠹᠦ᠋ ᠲᠠᠢ ᠠᠭᠤᠯᠵᠠᠪᠠ
ᠨᠡᠶᠢᠲᠡᠯᠡᠭᠰᠡᠨ ᠴᠠᠭ᠄
2020/7/20
     7 ᠰᠠᠷ᠎ᠠ ᠶᠢᠨ 17᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠠᠮᠧᠷᠢᠺᠠ ᠶᠢᠨ ᠺᠠᠶᠢᠰᠢ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠬᠦ᠋ ᠺᠠᠢ ᠹᠦ᠋ ᠨᠠᠷ ᠲᠠᠢ ᠠᠭᠤᠯᠵᠠᠪᠠ᠃      ᠱᠢ ᠲᠠᠢ ᠹᠧᠩ ᠭᠦ᠋ ᠺᠠᠢ ᠹᠦ᠋ ᠨᠡᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠥᠪᠥᠷ ᠮᠣᠩᠭᠤᠯ ᠤᠨ ᠦᠨᠳᠦᠰᠦᠨ ᠪᠠᠶᠢᠳᠠᠯ ᠵᠢᠴᠢ ᠬᠥᠭᠵᠢᠯᠲᠡ ᠶᠢᠨ ᠳᠠᠪᠠᠭᠤᠯᠢᠭ ᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠤᠯᠠᠮ ᠴᠢᠨᠠᠬᠰᠢᠳᠠ ᠤᠯᠤᠯᠴᠠᠨ᠂ ᠵᠤᠯᠭᠠᠯᠴᠠᠭ᠎ᠠ ᠪᠠᠨ ᠬᠦᠨᠵᠡᠬᠡᠶᠢᠷᠡᠬᠦᠯᠵᠥ᠂ ᠰᠢᠨ᠎ᠡ ᠡᠨᠧᠷᠭᠢ ᠶᠢᠨ ᠬᠡᠷᠡᠭᠯᠡᠯᠲᠡ᠂ ᠠᠵᠤ ᠦᠢᠯᠡᠳᠪᠦᠷᠢ ᠶᠢᠨ ᠬᠠᠶᠠᠭᠳᠠᠮᠠᠯ ᠳᠠᠪᠤᠰᠤ ᠶᠢ ᠶᠡᠷᠦᠩᠬᠡᠶᠢᠯᠡᠨ ᠠᠰᠢᠬᠯᠠᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠵᠦᠢᠯᠡᠰ ᠢ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠬᠡᠵᠥ ᠢᠯᠡᠳᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠣᠤ ᠴᠦᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号