| ᠰᠢ ᠶᠢᠨ ᠫᠢᠩ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ ᠵᠠᠬ᠎ᠠ | ᠳᠡᠯᠭᠡᠭᠦᠷ ᠤᠨ ᠭᠤᠣᠯ ᠴᠤᠭᠴᠠ ᠶᠢᠨ ᠠᠮᠢᠵᠢᠷᠠᠯ ᠤᠨ ᠬᠦᠴᠦᠨ ᠢ ᠬᠦᠭᠵᠢᠭᠡᠵᠦ ᠠᠵᠦ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠦ ᠠᠵᠦ ᠠᠬᠤᠶᠢᠯᠠᠯ ᠤᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠦ ᠨᠡᠩ ᠶᠡᠭᠡ | ᠬᠦᠭᠵᠢᠯᠲᠡ ᠲᠠᠢ ᠪᠣᠯᠬᠤ ᠶᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ | | | | | 7 ᠰᠠᠷ᠎ᠠ ᠶᠢᠨ 21 ᠤ ᠡᠳᠦᠷ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ | ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ | ᠲᠠᠯᠪᠢᠪᠠ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ | | ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ | ᠲᠡᠷᠢᠭᠦᠯᠡᠭᠴᠢ ᠰᠢ ᠶᠢᠨ ᠫᠢᠩ 7 ᠰᠠᠷ᠎ᠠ ᠶᠢᠨ 21 ᠤ ᠦᠳᠡ ᠶᠢᠨ ᠬᠤᠶᠢᠨ᠎ᠠ ᠪᠡᠭᠡᠵᠢᠩ ᠳᠤ ᠠᠵᠤ | ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠲᠡᠷᠡ᠂ ᠥᠭᠡᠷᠡᠴᠢᠯᠡᠯᠲᠡ ᠨᠡᠭᠡᠭᠡᠯᠲᠡ ᠬᠢᠭᠰᠡᠨ ᠠᠴᠠ ᠨᠠᠭᠠᠰᠢ᠂ ᠮᠠᠨ ᠤ ᠤᠯᠤᠰ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠰᠢᠰᠲ᠋ᠧᠮ ᠲᠠᠰᠤᠷᠠᠯᠲᠠ ᠦᠭᠡᠢ ᠬᠥᠭᠵᠢᠵᠦ᠂ ᠡᠯ᠎ᠡ ᠲᠦᠷᠦᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠥᠷᠨᠢᠭᠦᠨ ᠬᠥᠭᠵᠢᠪᠡ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠮᠠᠨ ᠤ ᠤᠯᠤᠰ ᠤᠨ ᠠᠵᠤ ᠠᠬᠤᠶ ᠪᠠ ᠳᠡᠯᠡᠬᠡᠶ ᠶᠢᠨ ᠠᠵᠤ ᠠᠬᠤᠶ ᠳᠤ ᠯᠤᠲᠤ ᠶᠡᠭᠡ | ᠲᠠᠭᠠᠷᠢᠯᠳᠠ ᠦᠵᠡᠭᠦᠯᠵᠦ᠂ ᠮᠠᠨ ᠤ ᠤᠯᠤᠰ ᠤᠨ ᠮᠠᠰᠢ ᠤᠯᠠᠨ ᠵᠠᠬ᠎ᠠ ᠳᠡᠯᠭᠡᠭᠦᠷ ᠤᠨ ᠭᠤᠤᠯ ᠴᠣᠭᠴᠠ ᠤᠷᠢᠳ | ᠡᠮᠦᠨ᠎ᠡ ᠪᠠᠶᠢᠭ᠎ᠠ ᠦᠭᠡᠢ ᠳᠠᠷᠤᠯᠲᠠ ᠳᠤ ᠲᠤᠯᠭᠠᠷᠠᠬᠰᠠᠨ ᠪᠠᠶᠢᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠪᠣᠯ | ᠠᠵᠤ ᠠᠬᠤᠶ ᠶᠢᠨ ᠬᠦᠴᠦᠨ ᠤ ᠠᠴᠢᠶᠠᠯᠠᠪᠤᠷᠢ ᠮᠥᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ ᠪᠣᠯ | ᠳᠠᠷᠤᠶ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠪᠠᠲᠤᠯᠠᠵᠤ ᠪᠠᠶᠢᠬᠤ ᠶᠠᠪᠤᠳᠠᠯ ᠮᠥᠨ᠃ ᠠᠷᠭ᠎ᠠ ᠪᠦᠬᠦᠨ ᠢ | ᠰᠦᠪᠡᠭᠴᠢᠯᠡᠵᠦ ᠪᠠᠶᠢᠭᠠᠳ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠠᠶᠢᠲᠤᠷ ᠬᠠᠮᠠᠭᠠᠯᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠪᠠᠳᠠᠷᠠᠭᠤᠯᠵᠤ᠂ ᠠᠵᠤ ᠠᠬᠤᠶᠢᠯᠠᠯ ᠤᠨ ᠨᠡᠩ ᠶᠡᠭᠡ ᠦᠢᠯᠡᠳᠦᠯ ᠢᠶᠠᠨ ᠪᠠᠳᠠᠷᠠᠭᠤᠯᠵᠤ ᠨᠡᠩ ᠶᠡᠭᠡ | ᠬᠥᠭᠵᠢᠯᠲᠡ ᠲᠠᠢ ᠪᠤᠯᠬᠤ ᠶᠢ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠳᠤ ᠦᠨᠳᠦᠰᠦᠨ ᠬᠦᠴᠦᠨ ᠢ | ᠬᠤᠷᠠᠮᠳᠤᠭᠤᠯᠵᠥ ᠦᠭᠭᠦ ᠬᠡᠷᠡᠭᠳᠡᠢ ᠬᠡᠵᠥ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠬᠦ | ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ᠂ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ ᠸᠠᠩ | ᠬᠤ᠋ ᠨᠢᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ ᠬᠠᠨ ᠵᠧᠩ ᠶᠠᠷᠢᠯᠴᠠᠬᠤ ᠬᠤᠷᠠᠯ ᠳᠤ | ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠠᠶ ᠺᠠᠩ ᠸᠧᠶ ᠱᠢ ᠲᠣᠭᠠᠴᠢᠯᠠᠭᠰᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠬᠤᠷᠢᠶᠠᠨ ᠤ ᠱᠦᠵᠢ ᠴᠧᠨ ᠽᠦᠩ ᠨᠢᠶᠠᠨ᠂ ᠳᠤᠮᠳᠠᠳᠤ | ᠤᠯᠤᠰ ᠤᠨ ᠬᠢᠮᠢ ᠶᠢᠨ ᠠᠵᠤ ᠦᠢᠯᠡᠳᠪᠤᠷᠢ ᠶᠢᠨ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠩ ᠭᠤᠤ ᠨᠢᠩ᠂ ᠦᠬᠠᠨ ᠤ ᠭᠤᠤ ᠳ᠋ᠧ ᠤᠯᠠᠭᠠᠨ ᠤ | ᠭᠠᠳᠠᠨᠠᠬᠢ ᠲᠤᠶᠠᠭᠠᠨ ᠤ ᠦᠢᠯᠡᠳᠭᠦᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠬᠤᠸᠠᠩ ᠯᠢ᠂ | ᠭᠧ ᠡᠯ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠪᠢᠨ᠂ ᠱᠠᠩᠬᠠᠶ ᠶᠢᠨ ᠫᠢᠨ ᠬᠠᠢ | ᠬᠤᠭᠤᠯᠠᠨ ᠭᠡᠷ ᠤᠨ ᠶᠡᠷᠦᠩᠬᠡᠶ ᠳᠠᠭᠠᠭᠠᠮᠠᠯ ᠵᠤᠤ ᠰᠢᠶᠠᠨ ᠵᠧᠨ᠂ ᠮᠢᠺᠷᠤᠰᠤᠹᠲ ᠤᠨ ᠪᠦᠬᠦ ᠪᠥᠮᠪᠥᠷᠴᠡᠭ ᠤᠨ ᠨᠡᠷ᠎ᠡ | ᠬᠦᠨᠳᠤᠳᠤ ᠳᠡᠳ᠋ ᠶᠡᠷᠦᠩᠬᠡᠢ ᠵᠠᠬᠢᠷᠤᠭᠴᠢ᠂ ᠮᠢᠺᠷᠤᠰᠤᠹᠲ ᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ | ᠰᠤᠳᠤᠯᠤᠨ ᠨᠡᠭᠡᠭᠡᠬᠦ ᠪᠦᠯᠦᠭᠯᠡᠯ ᠤᠨ ᠲᠡᠷᠢᠭᠦᠯᠡᠭᠴᠢ ᠬᠤᠩ ᠰᠢᠶᠣᠤ ᠸᠧᠨ᠂ ᠫᠠᠨᠠᠰᠤᠨᠢᠺ ᠴᠠᠬᠢᠯᠭᠠᠨ ᠬᠡᠷᠡᠭᠰᠡᠯ | ︵ᠳᠤᠮᠳᠠᠳᠤ ᠤᠯᠤᠰ︶ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠭᠴᠢ ᠵᠤᠤ ᠪᠢᠩ ᠳ᠋ᠢ ᠵᠡᠷᠭᠡ 7 ᠠᠵᠤ | ᠠᠬᠤᠶᠢᠯᠠᠯᠲᠠᠨ ᠤ ᠲᠥᠯᠥᠭᠡᠯᠡᠭᠴᠢ ᠤᠷᠢᠳ ᠬᠤᠵᠢᠳ ᠦᠭᠡ ᠶᠠᠷᠢᠵᠤ᠂ ᠣᠳᠣᠬᠠᠨ ᠤ ᠠᠵᠤ ᠠᠬᠤᠶ ᠶᠢᠨ ᠪᠠᠶᠢᠳᠠᠯ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠴᠢᠩᠭᠠᠳᠬᠠᠬᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠢ | ᠤᠷᠤᠭᠤᠯᠤᠨ ᠠᠪᠴᠢᠷᠠᠵᠤ ᠰᠠᠶᠢᠲᠤᠷ ᠬᠡᠷᠡᠭᠯᠡᠬᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠵᠡᠷᠭᠡ ᠶᠢᠨ ᠲᠤᠬᠠᠶ ᠰᠠᠨᠠᠯ ᠰᠠᠨᠠᠭᠤᠯᠭ᠎ᠠ ᠪᠠᠨ ᠳᠤᠷᠠᠳᠪᠠ᠃ ᠡᠨᠡ | ᠬᠦ ᠶᠠᠪᠤᠴᠠ ᠳᠤ᠂ ᠰᠢ ᠶᠢᠨ ᠫᠢᠩ ᠪᠠᠶᠢᠨ ᠪᠠᠶᠢᠨ ᠵᠠᠷᠢᠮ ᠠᠰᠠᠭᠤᠳᠠᠯ ᠤᠨ ᠲᠤᠬᠠᠢ ᠤᠯᠠᠨ ᠲᠠᠢ ᠭᠦᠨᠵᠡᠭᠡᠢ | ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ | ᠤᠯᠠᠨ ᠤ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠲᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ | ᠲᠠᠯᠪᠢᠪᠠ᠃ ᠲᠡᠷᠡ᠂ ᠤᠯᠤᠰ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠣᠳᠣᠬᠠᠨ ᠳᠤ ᠮᠠᠨ ᠤ | ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ | ᠦᠷ᠎ᠡ ᠪᠦᠲᠦᠭᠡᠯ ᠣᠯᠵᠤ᠂ ᠠᠵᠤ ᠠᠬᠤᠶ ᠶᠢᠨ ᠬᠥᠭᠵᠢᠯᠲᠡ ᠲᠣᠭᠲᠠᠭᠤᠨ ᠢᠶᠠᠷ ᠰᠠᠶᠢᠵᠢᠷᠠᠬᠤ ᠪᠠᠶᠢᠳᠠᠯ ᠢᠯᠡᠷᠡᠵᠦ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠪᠠᠨ ᠰᠡᠷᠭᠦᠭᠡᠬᠦ ᠲᠠᠯ᠎ᠠ ᠪᠠᠷ ᠴᠥᠮ ᠳᠡᠯᠡᠬᠡᠶ ᠶᠢᠨ | ᠡᠮᠦᠨ᠎ᠡ ᠡᠩᠨᠡᠭᠡᠨ ᠳᠤ ᠶᠠᠪᠤᠵᠤ᠂ ᠪᠠᠶᠢᠳᠠᠯ ᠵᠢᠱᠢᠭᠰᠡᠨ ᠠᠴᠠ ᠰᠠᠶᠢᠨ ᠪᠠᠶᠢᠨ᠎ᠠ᠃ ᠪᠢᠳᠡ ᠢᠲᠡᠭᠡᠯ ᠵᠣᠷᠢᠭ ᠢᠶᠠᠨ | ᠴᠢᠩᠭᠠᠳᠬᠠᠨ ᠬᠦᠴᠢᠷ ᠢ ᠰᠥᠷᠦᠨ ᠤᠷᠤᠭᠰᠢᠯᠠᠵᠥ᠂ ᠬᠢᠵᠢᠭ ᠠᠴᠠ ᠪᠣᠯᠤᠭᠰᠠᠨ ᠬᠤᠬᠢᠷᠠᠯ ᠢ ᠨᠦᠬᠦᠵᠦ ᠠᠪᠬᠤ ᠪᠠᠷ | ᠴᠢᠷᠮᠠᠶᠢᠨ᠂ ᠪᠦᠬᠦ ᠵᠢᠯ ᠤᠨ ᠠᠵᠤ ᠠᠬᠤᠶ ᠶᠢᠨ ᠬᠥᠭᠵᠢᠯᠳᠡ ᠳᠤ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ | ᠬᠡᠷᠡᠭᠲᠡᠶ ᠬᠡᠵᠥ ᠢᠯᠡᠳᠬᠡᠪᠡ᠃ | | | | | ᠰᠢ ᠶᠢᠨ ᠫᠢᠩ᠂ ᠵᠠᠬ᠎ᠠ ᠲᠡᠯᠬᠡᠬᠦᠷ ᠤᠨ ᠭᠤᠤᠯ ᠴᠤᠬᠴᠠ ᠪᠤᠯ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭ᠎ᠠ ᠶᠢᠨ ᠭᠤᠤᠯ ᠤᠷᠤᠯᠴᠠᠬᠴᠢ᠂ ᠠᠵᠢᠯ ᠤᠯᠬᠤ ᠲᠤᠬᠢᠶᠠᠯ ᠤᠨ ᠭᠤᠤᠯ ᠬᠠᠩᠭᠠᠬᠴᠢ᠂ ᠮᠡᠷᠬᠡᠵᠢᠯ ᠤᠨ | ᠲᠠᠪᠰᠢᠯᠳᠠ ᠶᠢᠨ ᠭᠤᠤᠯ ᠠᠬᠢᠭᠤᠯᠤᠬᠴᠢ ᠪᠠᠶᠢᠵᠤ᠂ ᠤᠯᠤᠰ ᠤᠨ ᠬᠦᠭᠵᠢᠯᠳᠠ ᠳᠤ ᠲᠦᠢᠯ ᠤᠨ ᠴᠢᠬᠤᠯᠠ ᠤᠢᠢᠯᠡᠳᠤᠯ | ᠦᠵᠡᠭᠦᠯᠵᠦ ᠪᠠᠶᠢᠳᠠᠭ᠃ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ | ᠨᠠᠭᠠᠰᠢ᠂ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠬ ᠤᠨ ᠤᠷᠳᠤᠨ ᠤ ᠤᠳᠤᠷᠢᠳᠤᠯᠭ᠎ᠠ ᠲᠤᠤᠷ᠎ᠠ᠂ ᠡᠯ᠎ᠠ | ᠲᠦᠷᠦᠯ ᠤᠨ ᠵᠠᠬ᠎ᠠ ᠲᠡᠯᠬᠡᠬᠦᠷ ᠤᠨ ᠭᠤᠤᠯ ᠴᠤᠬᠴᠠ ᠬᠢᠵᠢᠭ ᠢ ᠠᠷᠭᠠᠴᠠᠭᠠᠬᠤ ᠠᠷᠠᠳ ᠤᠨ ᠲᠠᠶᠢᠨ ᠳᠤ ᠢᠳᠡᠪᠬᠢᠳᠠᠢ | ᠤᠷᠤᠯᠴᠠᠵᠤ᠂ ᠪᠦᠯᠬᠦᠮᠳᠡᠨ ᠬᠠᠮᠵᠢᠯᠴᠠᠵᠤ᠂ ᠬᠦᠴᠢᠷ ᠢ ᠲᠤᠭᠤᠯᠤᠨ ᠪᠡᠷᠬᠡ ᠶᠢ ᠲᠠᠪᠠᠵᠤ᠂ ᠦᠪᠡᠷ ᠢ ᠪᠠᠨ | ᠠᠪᠤᠷᠠᠬᠤ ᠪᠠᠷ ᠬᠦᠴᠦᠯᠡᠨ ᠴᠢᠷᠮᠠᠶᠢᠬᠤ ᠶᠢᠨ ᠬᠠᠮᠳᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠦᠴᠤᠨ | ᠪᠦᠬᠦᠢ ᠡᠳ᠋ ᠪᠤᠳᠠᠰ ᠤᠨ ᠲᠤᠯᠭᠠᠭᠤᠷᠢᠯᠠᠯ ᠬᠠᠩᠭᠠᠬᠰᠠᠨ ᠪᠠᠶᠢᠨ᠎ᠠ ᠬᠡᠵᠤ ᠵᠢᠭᠠᠵᠤ ᠭᠠᠷᠭᠠᠪᠠ᠃ ᠰᠢ ᠶᠢᠨ ᠫᠢᠩ | ᠦᠷᠬᠡᠨ ᠤᠯᠠᠨ ᠤᠯᠤᠰ ᠤᠨ ᠦᠮᠴᠢᠯᠡᠯ ᠤᠨ ᠠᠵᠤ ᠠᠬᠤᠢᠢᠯᠠᠯ᠂ ᠠᠷᠠᠳ ᠤᠨ ᠡᠵᠡᠩᠨᠠᠯᠳᠠ ᠶᠢᠨ ᠠᠵᠤ ᠠᠬᠤᠢᠢᠯᠠᠯ᠂ | ᠭᠠᠳᠠᠭᠠᠳᠤ ᠪᠡᠯᠡᠳᠤ ᠠᠵᠤ ᠠᠬᠤᠢᠢᠯᠠᠯ᠂ ᠰᠢᠶᠠᠩᠭᠠᠩ ᠤᠤᠮᠧᠨ ᠲᠠᠶᠢᠸᠠᠨ ᠤ ᠪᠠᠯᠠᠳᠦ ᠠᠵᠤ ᠠᠬᠤᠢᠢᠯᠠᠯ᠂ | ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠬᠡ ᠶᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ | ᠠᠬᠤᠢ ᠨᠡᠶᠢᠬᠡᠮ ᠤᠨ ᠬᠦᠭᠵᠢᠯᠳᠠ ᠳᠤ ᠬᠤᠪᠢ ᠨᠡᠮᠡᠷᠢ ᠦᠵᠡᠬᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠬᠤ ᠪᠠᠨ ᠢᠯᠡᠳᠬᠡᠵᠡᠢ᠃ | ᠰᠢ ᠶᠢᠨ ᠫᠢᠩ᠂ ᠨᠠᠮ ᠤᠨ ᠲᠦᠪ ᠬᠤᠷᠢᠶᠠᠨ ᠠᠴᠠ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ | ᠯᠠᠪᠳᠠᠭᠤᠨ ᠪᠠᠳᠤᠳᠠᠢ ᠰᠠᠶᠢᠳᠤᠷ ᠬᠢᠵᠤ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠬᠤ | ᠭᠡᠷᠡᠭᠳᠠᠢ ᠬᠡᠵᠤ ᠳᠤᠳᠤᠷᠬᠠᠢ ᠲᠤᠷᠠᠳᠤᠨ ᠭᠠᠷᠭᠠᠪᠠ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠵᠠᠬ᠎ᠠ | ᠲᠡᠯᠬᠡᠬᠦᠷ ᠤᠨ ᠭᠤᠤᠯ ᠴᠤᠬᠴᠠ ᠶᠢ ᠬᠠᠮᠠᠭᠠᠯᠠᠨ ᠲᠡᠮᠵᠢᠬᠦ ᠠᠯᠢ ᠤᠯᠠᠨ ᠲᠦᠷᠤ ᠶᠢᠨ ᠪᠤᠳᠤᠯᠭ᠎ᠠ ᠠᠷᠭ᠎ᠠ ᠬᠡᠮᠵᠢᠶ᠎ᠠ | ᠨᠡᠶᠢᠳᠡᠯᠡᠵᠠᠢ᠂ ᠲᠦᠷᠤ ᠶᠢᠨ ᠪᠤᠳᠤᠯᠭ᠎ᠠ ᠶᠢᠨ ᠲᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠲᠡᠯᠬᠡᠬᠦᠷ ᠤᠨ | ᠭᠤᠤᠯ ᠴᠤᠬᠴᠠ ᠶᠢᠨ ᠠᠮᠢᠵᠢᠷᠠᠯ ᠤᠨ ᠬᠦᠴᠤᠨ ᠢ ᠬᠦᠭᠵᠢᠬᠡᠵᠤ᠂ ᠦᠷᠬᠡᠨ ᠤᠯᠠᠨ ᠵᠠᠬ᠎ᠠ ᠲᠡᠯᠬᠡᠬᠦᠷ ᠤᠨ ᠭᠤᠤᠯ | ᠴᠤᠬᠴᠠ ᠶᠢᠨ ᠬᠡᠪ ᠤᠨ ᠤᠷᠤᠰᠢᠯ ᠲᠤᠭᠳᠠᠨᠢᠯ ᠢᠶᠠᠨ ᠪᠠᠳᠤᠯᠠᠬᠤ ᠶᠢᠨ ᠬᠠᠮᠳᠤ ᠨᠡᠩ ᠶᠡᠭᠡ ᠬᠦᠭᠵᠢᠯᠳᠠ ᠲᠠᠢ | ᠪᠤᠯᠬᠤ ᠶᠢ ᠠᠬᠢᠭᠤᠯᠬᠤ ᠬᠡᠷᠡᠭᠳᠠᠢ᠃ ᠨᠢᠬᠡ ᠳᠤ ᠠᠵᠤ ᠠᠬᠤᠢᠢᠯᠠᠯ ᠤᠨ ᠬᠦᠴᠢᠷᠳᠡᠯ ᠢ ᠰᠢᠢᠳᠪᠤᠷᠢᠯᠡᠵᠦ ᠬᠠᠷᠠᠭᠠᠯᠵᠠᠯ | ᠦᠵᠡᠬᠦᠯᠬᠦ ᠲᠦᠷᠤ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠬᠤ ᠭᠡᠷᠡᠭᠳᠠᠢ᠃ ᠨᠡᠩ ᠢᠳᠡᠪᠬᠢᠳᠠᠢ ᠬᠦᠴᠤᠨ | ᠪᠦᠬᠦᠢ ᠡᠳ᠋ ᠤᠨ ᠵᠠᠰᠠᠬ ᠤᠨ ᠲᠦᠷᠤ ᠶᠢᠨ ᠪᠤᠳᠤᠯᠭ᠎ᠠ᠂ ᠨᠡᠩ ᠲᠤᠭᠳᠠᠭᠤᠨ ᠠᠮᠢᠳᠤᠯᠢᠬ ᠵᠤᠭᠤᠰᠤᠨ ᠤ ᠲᠦᠷᠤ ᠶᠢᠨ | ᠪᠤᠳᠤᠯᠭ᠎ᠠ ᠶᠢ ᠰᠠᠶᠢᠳᠦᠷ ᠭᠡᠷᠡᠭᠵᠢᠬᠦᠯᠵᠤ᠂ ᠬᠤᠷᠸ᠎ᠠ ᠡᠵᠡᠮᠰᠢᠯ ᠤᠨ ᠲᠦᠷᠤ ᠶᠢᠨ ᠪᠤᠳᠤᠯᠭ᠎ᠠ ᠶᠢᠨ ᠴᠢᠭᠯᠡᠭᠦᠯᠦᠯᠳᠤ | ᠴᠢᠨᠠᠷ ᠪᠤᠯᠤᠨ ᠴᠠᠭᠴᠢ ᠴᠢᠨᠠᠷ ᠢ ᠴᠢᠩᠭᠠᠳᠬᠠᠵᠤ᠂ ᠦᠷᠬᠦᠯᠵᠢᠯᠠᠨ ᠭᠠᠶᠢᠯᠢ ᠶᠢ ᠬᠦᠩᠭᠡᠷᠡᠭᠦᠯᠵᠦ ᠰᠦᠢᠳᠭᠡᠯ ᠢ | ᠪᠠᠭᠤᠷᠠᠭᠤᠯᠤᠨ᠂ ᠳᠦᠷᠢᠶᠡᠰᠦᠨ ᠮᠦᠩᠬᠦ ᠶᠢ ᠪᠠᠭᠠᠰᠬᠠᠵᠤ ᠬᠦᠤ ᠮᠦᠩᠬᠦ ᠶᠢ ᠪᠠᠭᠤᠷᠠᠭᠤᠯᠵᠤ᠂ ᠬᠦᠴᠢᠷᠳᠡᠯ ᠢ | ᠰᠢᠢᠳᠪᠤᠷᠢᠯᠡᠬᠦ ᠡᠯ᠎ᠠ ᠵᠦᠢᠯ ᠤᠨ ᠠᠷᠭ᠎ᠠ ᠬᠡᠮᠵᠢᠶ᠎ᠠ ᠶᠢᠨ ᠰᠢᠭᠤᠳ ᠦᠨᠳᠤᠰᠤᠨ ᠱᠠᠳᠤᠨ ᠳᠤ ᠬᠦᠷᠴᠤ᠂ ᠵᠠᠬ᠎ᠠ | ᠲᠡᠯᠬᠡᠬᠦᠷ ᠤᠨ ᠭᠤᠤᠯ ᠴᠤᠬᠴᠠ ᠳᠤ ᠰᠢᠭᠤᠳ ᠠᠰᠢᠬ ᠬᠦᠷᠳᠡᠬᠡᠬᠦ ᠶᠢ ᠪᠠᠳᠤᠯᠠᠵᠤ᠂ ᠵᠠᠬ᠎ᠠ ᠲᠡᠯᠬᠡᠬᠦᠷ ᠤᠨ ᠭᠤᠤᠯ | ᠴᠤᠬᠴᠠ ᠳᠠᠬᠢ ᠮᠦᠩᠬᠦᠨ ᠬᠦᠢᠯᠬᠡᠬᠡᠨ ᠤ ᠲᠡᠮᠵᠢᠯᠬᠡ ᠪᠠᠨ ᠴᠢᠩᠭᠠᠳᠬᠠᠨ᠂ ᠲᠦᠭᠡᠮᠡᠯ ᠬᠠᠷᠠᠭᠠᠯᠵᠠᠯᠳᠦ ᠮᠦᠩᠬᠦᠨ | ᠬᠦᠢᠯᠬᠡᠬᠡ ᠶᠢ ᠬᠦᠭᠵᠢᠬᠦᠯᠵᠤ᠂ ᠪᠤᠷᠤᠯᠠᠭᠤᠯᠭ᠎ᠠ ᠰᠠᠶᠢᠳᠠᠢ ᠭᠠᠳᠠᠭᠠᠳᠤ ᠭᠠᠷᠭᠠᠯᠳᠠ ᠶᠢᠨ ᠲᠠᠸᠠᠷ ᠤᠨ ᠤᠯᠤᠰ ᠤᠨ | ᠳᠤᠳᠤᠭᠠᠳᠤ ᠳᠠᠬᠢ ᠵᠠᠬ᠎ᠠ ᠲᠡᠯᠬᠡᠬᠦᠷ ᠢᠶᠠᠨ ᠨᠡᠬᠡᠬᠡᠬᠦ ᠶᠢ ᠲᠡᠮᠵᠢᠬᠦ ᠭᠡᠷᠡᠭᠳᠠᠢ᠃ ᠬᠤᠶᠠᠷ ᠲᠤ ᠵᠠᠬ᠎ᠠ ᠲᠡᠯᠬᠡᠬᠦᠷᠴᠢᠯᠡᠭᠰᠡᠨ᠂ | ᠬᠠᠤᠯᠢᠵᠢᠬᠰᠠᠨ᠂ ᠲᠡᠯᠡᠬᠡᠶᠢᠵᠢᠭᠰᠡᠨ ᠠᠷᠠᠯᠵᠢᠶ᠎ᠠ ᠡᠵᠡᠩᠨᠡᠬᠦ ᠤᠷᠴᠢᠨ ᠢ ᠪᠤᠢ ᠪᠤᠯᠭᠠᠬᠤ ᠭᠡᠷᠡᠭᠳᠠᠢ᠃ ᠢᠷᠬᠡᠨ ᠤ | ᠬᠠᠤᠯᠢ ᠶᠢᠨ ᠪᠢᠴᠢᠭ ᠪᠤᠯᠤᠨ ᠬᠤᠯᠪᠤᠬᠳᠠᠯ ᠪᠦᠬᠦᠢ ᠬᠠᠤᠯᠢ ᠲᠦᠷᠢᠮ ᠢ ᠰᠠᠶᠢᠳᠤᠷ ᠭᠡᠷᠡᠭᠵᠢᠬᠦᠯᠵᠤ᠂ ᠤᠯᠤᠰ ᠤᠨ | ᠦᠮᠴᠢᠯᠠᠯ ᠤᠨ᠂ ᠠᠷᠠᠳ ᠤᠨ ᠡᠵᠡᠩᠨᠠᠯᠳᠠ ᠶᠢᠨ᠂ ᠭᠠᠳᠠᠭᠠᠳᠤ ᠪᠡᠯᠡᠳᠤ ᠵᠡᠷᠬᠡ ᠡᠯ᠎ᠠ ᠵᠦᠢᠯ ᠤᠨ ᠦᠮᠴᠢᠯᠠᠯ ᠤᠨ | ᠳᠦᠷᠢᠮᠳᠦ ᠠᠵᠤ ᠠᠬᠤᠢᠢᠯᠠᠯ ᠤᠨ ᠦᠮᠴᠢᠯᠠᠯ ᠤᠨ ᠡᠷᠬᠡ ᠪᠤᠯᠤᠨ ᠪᠠᠶ᠎ᠠ ᠪᠠᠨ ᠲᠠᠭᠠᠭᠠᠵᠤ ᠡᠵᠡᠩᠨᠡᠬᠦ ᠡᠷᠬᠡ ᠶᠢ ᠬᠠᠤᠯᠢ | ᠶᠤᠰᠤᠭᠠᠷ ᠡᠷᠬᠡ ᠲᠡᠭᠰᠢ ᠬᠠᠮᠠᠭᠠᠯᠠᠵᠤ᠂ ᠵᠠᠬ᠎ᠠ ᠲᠡᠯᠬᠡᠬᠦᠷ ᠲᠤ ᠤᠷᠤᠬᠤ ᠶᠢ ᠵᠦᠪᠰᠢᠶᠡᠷᠡᠬᠦ ᠨᠠᠵᠠᠭᠠᠢ ᠲᠠᠯ᠎ᠠ ᠶᠢᠨ | ᠨᠠᠷᠢᠨ ᠲᠠᠩᠰᠠ ᠶᠢᠨ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ | ᠤᠷᠤᠭᠤᠯᠤᠯᠳᠠ ᠶᠢᠨ ᠬᠠᠤᠯᠢ ᠶᠢ ᠰᠠᠶᠢᠳᠤᠷ ᠭᠡᠷᠡᠭᠵᠢᠬᠦᠯᠵᠤ᠂ ᠵᠠᠬ᠎ᠠ ᠲᠡᠯᠬᠡᠬᠦᠷ ᠲᠤ ᠤᠷᠤᠬᠤ ᠵᠦ᠋ᠪᠰᠢᠶᠡᠷᠡᠯ ᠢ | ᠴᠢᠯᠤᠬᠡᠳᠠᠢ ᠪᠤᠯᠭᠠᠵᠤ᠂ ᠠᠷᠠᠯᠵᠢᠶ᠎ᠠ ᠪᠤᠯᠤᠨ ᠪᠡᠯᠡ ᠤᠷᠤᠭᠤᠯᠤᠯᠳᠠ ᠶᠢᠨ ᠳᠦᠭᠦᠮᠴᠢᠯᠠᠯᠳᠠ ᠶᠢ ᠠᠬᠢᠭᠤᠯᠬᠤ ᠭᠡᠷᠡᠭᠳᠠᠢ᠃ | ᠭᠤᠷᠪᠠ ᠳᠤ ᠲᠤᠳᠤᠨᠤ ᠪᠦᠭᠡᠳ ᠲᠤᠳᠤᠷᠬᠠᠢ ᠵᠠᠰᠠᠬ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠬᠤ ᠭᠡᠷᠡᠭᠳᠠᠢ᠃ | ᠡᠯ᠎ᠠ ᠱᠠᠳᠤᠨ ᠤ ᠤᠳᠤᠷᠢᠳᠬᠤ ᠺᠠᠳ᠋ᠷᠴᠤᠳ ᠠᠵᠤ ᠠᠬᠤᠢᠢᠯᠠᠯ ᠲᠠᠢ ᠢᠯᠡ ᠲᠤᠳᠤ ᠲᠦᠪ ᠴᠢᠭᠡᠴᠢ ᠪᠠᠷ ᠶᠠᠪᠤᠯᠴᠠᠵᠤ᠂ | ᠠᠵᠤ ᠠᠬᠤᠢᠢᠯᠠᠯᠳᠠᠨ ᠤ ᠪᠤᠳᠤᠯ ᠰᠠᠨᠠᠭ᠎ᠠ ᠬᠦᠴᠢᠷ ᠪᠡᠷᠬᠡᠰᠢᠶᠠᠯ ᠢ ᠤᠢᠢᠯᠠᠭᠠᠵᠤ᠂ ᠠᠵᠤ ᠠᠬᠤᠢᠢᠯᠠᠯ ᠳᠤ | ᠬᠤᠯᠪᠤᠭᠳᠠᠬᠤ ᠲᠦᠷᠦ ᠶᠢᠨ ᠪᠤᠳᠤᠯᠭ᠎ᠠ ᠲᠤᠭᠳᠠᠭᠠᠬᠤ ᠳᠠᠭᠠᠨ ᠠᠵᠤ ᠠᠬᠤᠢᠢᠯᠠᠯᠳᠠᠨ ᠤ ᠰᠠᠨᠠᠯ ᠰᠠᠨᠠᠭᠤᠯᠭ᠎ᠠ ᠶᠢ | ᠢᠯᠡᠭᠦᠬᠡᠨ ᠰᠤᠨᠤᠰᠬᠤ ᠶᠢᠨ ᠬᠠᠮᠳᠤ ᠡᠷᠬᠡ ᠮᠦᠩᠭᠦᠨ ᠤ ᠵᠤᠯᠢᠶ᠎ᠠ᠂ ᠬᠤᠳᠠᠯᠳᠤᠭᠠᠨ ᠤ ᠶᠠᠪᠤᠳᠠᠯ ᠤᠨ ᠬᠠᠭ᠋ᠤᠤᠯᠢ | ᠵᠡᠷᠭᠡ ᠠᠰᠠᠭᠤᠳᠠᠯ ᠢᠶᠠᠷ ᠵᠠᠰᠠᠭ ᠬᠤᠳᠠᠯᠳᠤᠭᠠᠨ ᠤ ᠬᠠᠷᠢᠴᠠᠭ᠎ᠠ ᠪᠤᠯᠤᠨ ᠠᠷᠠᠯᠵᠢᠶ᠎ᠠ ᠡᠵᠡᠩᠨᠡᠬᠦ ᠤᠷᠴᠢᠨ ᠢ ᠡᠪᠳᠡᠬᠦ ᠶᠢ | ᠡᠷᠡᠰ ᠰᠡᠷᠭᠡᠶᠢᠯᠡᠬᠦ ᠬᠡᠷᠡᠭᠳᠠᠢ᠃ ᠰᠢᠯᠢᠳᠡᠭ ᠰᠠᠶᠢᠨ ᠤᠯᠠᠨ ᠨᠡᠶᠢᠳᠡ ᠶᠢᠨ ᠦᠢᠯᠡᠴᠢᠯᠡᠭᠡ ᠶᠢ ᠨᠡᠩ ᠤᠯᠠᠨ ᠬᠠᠩᠭᠠᠵᠤ᠂ | ᠠᠵᠤ ᠠᠬᠤᠢᠢᠯᠠᠯᠳᠠᠳ ᠤᠨ ᠡᠷᠡᠰ ᠬᠠᠳᠠᠨ ᠵᠤᠷᠢᠭ ᠢᠶᠠᠷ ᠮᠦᠩᠭᠡ ᠶᠢᠨ ᠦᠢᠯᠡᠰ ᠪᠤᠰᠬᠠᠨ᠂ ᠳᠤᠮᠳᠠᠳᠤ ᠤᠯᠤᠰ ᠤᠨ | ᠵᠠᠬ᠎ᠠ ᠳᠡᠯᠭᠡᠭᠦᠷ ᠲᠤ ᠦᠨᠳᠦᠰᠦᠯᠡᠵᠤ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠳᠤᠷ ᠬᠦᠭᠵᠢᠭᠦᠯᠬᠦ ᠶᠢ | ᠳᠡᠮᠵᠢᠬᠦ ᠬᠡᠷᠡᠭᠳᠠᠢ᠃ ᠳᠦᠷᠪᠡ ᠳᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠦᠭᠵᠢᠯᠳᠡ ᠶᠢ | ᠳᠡᠮᠵᠢᠬᠦ ᠶᠢ ᠳᠡᠭᠡᠳᠤ ᠬᠡᠮᠵᠢᠶ᠎ᠠ ᠪᠠᠷ ᠴᠢᠬᠤᠯᠠᠴᠢᠯᠠᠬᠤ ᠬᠡᠷᠡᠭᠳᠠᠢ᠃ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠳᠤ ᠢᠳᠡᠪᠬᠢᠳᠠᠢ ᠬᠠᠪᠰᠤᠷᠤᠨ ᠳᠦᠷᠢᠶᠡᠰᠦᠨ ᠮᠦᠩᠬᠦ᠂ ᠭᠠᠶᠢᠯᠢ᠂ ᠨᠡᠶᠢᠭᠡᠮ ᠤᠨ ᠪᠠᠳᠤᠯᠠᠭ᠎ᠠ ᠶᠢᠨ ᠮᠦᠩᠬᠦ᠂ | ᠪᠡᠯᠡ ᠬᠤᠷᠠᠮᠳᠤᠭᠤᠯᠬᠤ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠨ ᠦᠭᠴᠤ᠂ ᠨᠡᠩ ᠰᠢᠭᠤᠳ ᠨᠡᠩ | ᠪᠦᠲᠦᠮᠵᠢᠳᠠᠢ ᠲᠦᠷᠦ ᠶᠢᠨ ᠪᠤᠳᠤᠯᠭ᠎ᠠ ᠶᠢᠨ ᠬᠠᠪᠰᠤᠷᠤᠯᠭ᠎ᠠ ᠬᠠᠩᠭᠠᠬᠤ ᠬᠡᠷᠡᠭᠳᠠᠢ ᠭᠡᠵᠤ ᠴᠢᠬᠤᠯᠠᠴᠢᠯᠠᠪᠠ᠃ | | | | | ᠰᠢ ᠶᠢᠨ ᠫᠢᠩ᠂ ᠦᠭᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠭᠠᠰᠢ᠂ ᠨᠢᠭᠡ ᠪᠦᠯᠦᠭ ᠰᠦᠰᠦ ᠵᠤᠷᠢᠭ ᠲᠠᠢ | ᠪᠦᠭᠡᠳ ᠤᠬᠠᠭᠠᠨ ᠪᠤᠳᠤᠯᠭ᠎ᠠ ᠲᠠᠢ᠂ ᠵᠤᠷᠢᠭᠳᠠᠢ ᠪᠠᠷ ᠰᠢᠨ᠎ᠠ ᠶᠢ ᠡᠭᠦᠳᠬᠦ ᠠᠵᠤ ᠠᠬᠤᠢᠢᠯᠠᠯᠳᠠᠨ ᠦᠰᠦᠨ | ᠪᠤᠶᠢᠵᠢᠵᠤ᠂ ᠢᠯᠡ ᠳᠤᠳᠤ ᠴᠠᠭ ᠦᠶ᠎ᠠ ᠶᠢᠨ ᠤᠨᠴᠠᠯᠢᠭ ᠪᠠ ᠦᠨᠳᠦᠰᠦᠳᠡᠨ ᠤ ᠤᠨᠴᠠᠯᠢᠭ ᠲᠠᠢ᠂ ᠳᠡᠯᠡᠬᠡᠢ ᠶᠢᠨ | ᠲᠦᠪᠰᠢᠨ ᠪᠦᠬᠦᠢ ᠳᠤᠮᠳᠠᠳᠤ ᠤᠯᠤᠰ ᠤᠨ ᠠᠵᠤ ᠠᠬᠤᠢᠢᠯᠠᠯᠳᠠᠨ ᠤ ᠡᠩᠨᠡᠭᠡ ᠶᠢ ᠪᠦᠷᠢᠯᠳᠦᠭᠦᠯᠵᠠᠢ᠃ ᠠᠵᠤ | ᠠᠬᠤᠢᠢᠯᠠᠯᠳᠠᠳ ᠠᠵᠤ ᠠᠬᠤᠢᠢᠯᠠᠯ ᠢᠶᠠᠨ ᠳᠠᠭᠠᠭᠤᠯᠤᠨ ᠤᠳᠤᠬᠠᠨ ᠤ ᠬᠦᠴᠢᠷᠳᠡᠯ ᠢ ᠢᠯᠠᠨ ᠳᠠᠪᠠᠵᠤ᠂ ᠨᠡᠩ ᠭᠡᠷᠡᠯ | ᠰᠠᠴᠤᠷᠠᠩᠭᠤᠢ ᠢᠷᠡᠭᠡᠳᠦᠢ ᠲᠡᠶᠢᠰᠢ ᠤᠷᠤᠭᠰᠢᠯᠠᠬᠤ ᠳᠤ ᠠᠵᠤ ᠠᠬᠤᠢᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ | ᠤᠯᠤᠰ ᠢᠶᠠᠨ ᠬᠠᠶᠢᠷᠠᠯᠠᠬᠤ᠂ ᠰᠢᠨ᠎ᠠ ᠶᠢ ᠡᠭᠦᠳᠬᠦ᠂ ᠦᠨᠡᠨᠴᠢ ᠢᠳᠡᠭᠡᠮᠵᠢᠳᠠᠢ᠂ ᠨᠡᠶᠢᠭᠡᠮ ᠤᠨ ᠬᠠᠷᠢᠭᠤᠴᠠᠯᠭ᠎ᠠ | ᠪᠤᠯᠤᠨ ᠳᠡᠯᠡᠬᠡᠢ ᠶᠢᠨ ᠬᠠᠷᠠᠭᠠᠰᠦ ᠵᠡᠷᠭᠡ ᠲᠠᠯ᠎ᠠ ᠪᠠᠷ ᠲᠠᠰᠤᠷᠠᠯᠳᠠ ᠦᠭᠡᠢ ᠦᠪᠡᠷ ᠢ ᠪᠠᠨ ᠳᠡᠭᠡᠭᠰᠢᠯᠡᠭᠦᠯᠵᠤ᠂ ᠰᠢᠨ᠎ᠠ | ᠴᠠᠭ ᠦᠶ᠎ᠠ ᠳᠤ ᠰᠢᠨ᠎ᠠ ᠬᠦᠭᠵᠢᠯᠳᠡ ᠶᠢᠨ ᠪᠠᠶᠢᠷᠢᠰᠢᠯ ᠢ ᠪᠦᠷᠢᠯᠳᠦᠭᠦᠯᠬᠦ᠂ ᠤᠳᠤᠬᠢᠴᠢᠯᠠᠭᠰᠠᠨ ᠠᠵᠤ ᠠᠬᠤᠢ ᠶᠢᠨ | ᠰᠢᠰᠲ᠋ᠧᠮ ᠢ ᠪᠠᠶᠢᠭᠤᠯᠬᠤ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠭᠤᠤᠯ ᠬᠦᠴᠦᠨ ᠴᠡᠷᠢᠭ ᠪᠤᠯᠬᠤ ᠪᠠᠷ | ᠴᠢᠷᠮᠠᠶᠢᠬᠤ ᠬᠡᠷᠡᠭᠳᠠᠢ᠃ ᠡᠬᠡ ᠤᠷᠤᠨᠴᠢ ᠰᠡᠳᠭᠢᠯᠭᠡ ᠪᠠᠨ ᠴᠢᠩᠭᠠᠳᠬᠠᠵᠤ᠂ ᠠᠵᠤ ᠠᠬᠤᠢᠢᠯᠠᠯ ᠤᠨ ᠬᠦᠭᠵᠢᠯᠳᠡ ᠶᠢ | ᠤᠯᠤᠰ ᠤᠨ ᠬᠦᠭᠵᠢᠯ ᠴᠡᠴᠡᠭᠯᠡᠯ᠂ ᠦᠨᠳᠦᠰᠦᠳᠡᠨ ᠤ ᠬᠦᠭᠵᠢᠯ ᠮᠠᠨᠳᠤᠯ᠂ ᠠᠷᠠᠳ ᠲᠦᠮᠡᠨ ᠤ ᠵᠤᠯ ᠵᠢᠷᠭᠠᠯ ᠲᠠᠢ | ᠨᠢᠭᠳᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠤᠯᠤᠰ ᠤᠨ ᠲᠦᠯᠦᠭᠡ ᠬᠠᠷᠢᠭᠤᠴᠠᠯᠭ᠎ᠠ ᠡᠭᠦᠷᠭᠡᠯᠡᠵᠤ᠂ | ᠤᠯᠤᠰ ᠤᠨ ᠵᠤᠪᠠᠨᠢᠯ ᠢ ᠬᠤᠪᠢᠶᠠᠯᠴᠠᠵᠤ᠂ ᠠᠵᠤ ᠠᠬᠤᠢᠢᠯᠠᠯ ᠢᠶᠠᠨ ᠳᠠᠭᠠᠭᠤᠯᠤᠨ ᠴᠢᠷᠮᠠᠶᠢᠨ ᠲᠡᠮᠡᠴᠡᠵᠤ᠂ | ᠲᠡᠷᠢᠭᠦᠨ ᠤ ᠬᠢ ᠪᠤᠯᠬᠤ ᠪᠠᠷ ᠴᠢᠷᠮᠠᠶᠢᠵᠤ᠂ ᠶᠠᠰᠤ ᠴᠢᠨᠠᠷ ᠨᠡᠩ ᠰᠠᠶᠢᠨ᠂ ᠦᠷ᠎ᠠ ᠠᠰᠢᠭ ᠨᠡᠩ ᠦᠨᠳᠦᠷ᠂ | ᠦᠷᠢᠰᠦᠯᠳᠦᠬᠦ ᠬᠦᠴᠦᠨ ᠨᠡᠩ ᠴᠢᠩᠭ᠎ᠠ᠂ ᠨᠦᠯᠦᠭᠡᠯᠡᠬᠦ ᠬᠦᠴᠦᠨ ᠨᠡᠩ ᠶᠡᠭᠡ ᠬᠦᠭᠵᠢᠯᠳᠡ ᠶᠢ ᠪᠡᠶᠡᠯᠡᠭᠦᠯᠬᠦ ᠬᠡᠷᠡᠭᠳᠠᠢ᠃ | ᠵᠤᠷᠢᠭᠳᠠᠢ ᠪᠠᠷ ᠰᠢᠨ᠎ᠠ ᠶᠢ ᠡᠭᠦᠳᠴᠤ᠂ ᠰᠢᠨ᠎ᠠ ᠶᠢ ᠡᠭᠦᠳᠬᠦ ᠬᠦᠭᠵᠢᠯᠳᠡ ᠶᠢᠨ ᠬᠠᠶᠢᠨ ᠰᠦᠪᠡᠭᠴᠢᠯᠡᠭᠴᠢ᠂ | ᠵᠤᠬᠢᠶᠠᠨ ᠪᠠᠶᠢᠭᠤᠯᠤᠭᠴᠢ᠂ ᠬᠦᠳᠦᠯᠦᠨ ᠳᠠᠭᠠᠭᠤᠯᠤᠭᠴᠢ ᠪᠤᠯᠵᠤ᠂ ᠦᠢᠯᠡᠳᠪᠤᠷᠢᠯᠡᠯ ᠤᠨ ᠵᠤᠬᠢᠶᠠᠨ | ᠪᠠᠶᠢᠭᠤᠯᠤᠯᠳᠠ ᠶᠢᠨ ᠰᠢᠨᠡᠴᠢᠯᠡᠯᠳᠡ᠂ ᠮᠡᠷᠭᠡᠵᠢᠯ ᠤᠨ ᠰᠢᠨᠡᠴᠢᠯᠡᠯᠳᠡ᠂ ᠵᠠᠬ᠎ᠠ ᠳᠡᠯᠭᠡᠭᠦᠷ ᠤᠨ ᠰᠢᠨᠡᠴᠢᠯᠡᠯᠳᠡ ᠶᠢ | ᠵᠤᠷᠢᠭᠳᠠᠢ ᠪᠠᠷ ᠠᠬᠢᠭᠤᠯᠵᠤ᠂ ᠮᠡᠷᠭᠡᠵᠢᠯ ᠤᠨ ᠰᠤᠳᠤᠯᠭᠠᠨ ᠪᠠ ᠬᠦᠮᠦᠨ ᠤ ᠬᠦᠴᠦᠨ ᠤ ᠤᠷᠤᠭᠤᠯᠤᠯᠳᠠ ᠶᠢ | ᠴᠢᠬᠤᠯᠠᠴᠢᠯᠠᠵᠤ᠂ ᠠᠵᠢᠯᠳᠠᠨ ᠤ ᠡᠭᠦᠳᠦᠨ ᠪᠦᠲᠦᠭᠡᠬᠦ ᠬᠦᠴᠦᠨ ᠢ ᠪᠦᠲᠦᠮᠵᠢᠳᠠᠢ ᠳᠠᠶᠢᠴᠢᠯᠠᠵᠤ᠂ ᠠᠵᠤ | ᠠᠬᠤᠢᠢᠯᠠᠯ ᠢᠶᠠᠨ ᠬᠦᠴᠦᠷᠬᠡᠭ ᠶᠡᠭᠡ ᠰᠢᠨ᠎ᠠ ᠶᠢ ᠡᠭᠦᠳᠬᠦ ᠭᠤᠤᠯ ᠴᠤᠭᠴᠠ ᠪᠤᠯᠭᠠᠨ ᠴᠤᠭᠴᠠᠯᠠᠬᠤ ᠪᠠᠷ ᠴᠢᠷᠮᠠᠶᠢᠬᠤ | ᠬᠡᠷᠡᠭᠳᠠᠢ᠃ ᠦᠨᠡᠨᠴᠢ ᠢᠳᠡᠭᠡᠮᠵᠢᠳᠠᠢ ᠬᠠᠤᠯᠢ ᠶᠢ ᠵᠢᠷᠤᠮᠯᠠᠬᠤ ᠬᠡᠪ ᠳᠠᠭᠤᠷᠢᠶᠠᠯ ᠪᠤᠯᠵᠤ᠂ ᠪᠦᠬᠦ ᠨᠡᠶᠢᠭᠡᠮ ᠢ | ᠳᠠᠶᠢᠴᠢᠯᠠᠨ ᠶᠤᠰᠤ ᠰᠤᠷᠳᠠᠬᠤᠨ ᠤ ᠬᠡᠪ ᠪᠤᠯᠪᠠᠰᠤᠷᠠᠯ ᠪᠠ ᠪᠤᠯᠪᠠᠰᠤᠨ ᠤ ᠬᠡᠮᠵᠢᠶ᠎ᠠ ᠶᠢ ᠳᠡᠭᠡᠭᠰᠢᠯᠡᠬᠦᠯᠬᠦ ᠬᠡᠷᠡᠭᠳᠠᠢ᠃ | ᠨᠡᠶᠢᠭᠡᠮ ᠤᠨ ᠬᠠᠷᠢᠭᠤᠴᠠᠯᠭ᠎ᠠ ᠪᠠᠨ ᠡᠭᠦᠷᠭᠡᠯᠡᠵᠤ᠂ ᠠᠵᠢᠯ ᠤᠯᠭᠤᠯᠳᠠ ᠶᠢᠨ ᠤᠷᠤᠨ ᠪᠠᠶᠢᠷᠢ ᠶᠢ ᠴᠢᠷᠮᠠᠶᠢᠨ | ᠲᠤᠭᠳᠠᠪᠤᠷᠢᠵᠢᠭᠤᠯᠵᠤ᠂ ᠠᠵᠢᠯᠳᠠᠨ ᠤ ᠪᠠᠨ ᠡᠷᠡᠭᠦᠯ ᠮᠡᠨᠳᠦ ᠶᠢ ᠠᠩᠬᠠᠷᠤᠨ ᠬᠠᠯᠠᠮᠵᠢᠯᠠᠵᠤ᠂ ᠠᠵᠢᠯᠳᠠᠨ ᠲᠠᠢ ᠪᠠᠨ | ᠭᠠᠷ ᠬᠤᠯᠪᠤᠨ ᠬᠦᠴᠢᠷ ᠢ ᠲᠤᠭᠤᠯᠬᠤ ᠬᠡᠷᠡᠭᠳᠠᠢ᠃ ᠳᠡᠯᠡᠬᠡᠢ ᠶᠢᠨ ᠬᠠᠷᠠᠭᠠᠰᠤ ᠪᠠᠨ ᠦᠷᠭᠡᠳᠭᠡᠵᠤ᠂ ᠳᠤᠮᠳᠠᠳᠤ | ᠤᠯᠤᠰ ᠲᠤ ᠰᠠᠭᠤᠷᠢᠯᠠᠨ᠂ ᠳᠡᠯᠡᠬᠡᠢ ᠳ᠋ᠠᠬᠢᠨ ᠳᠤ ᠬᠠᠨᠳᠤᠵᠤ᠂ ᠳᠡᠯᠡᠬᠡᠢ ᠶᠢᠨ ᠵᠠᠬ᠎ᠠ ᠳᠡᠯᠭᠡᠭᠦᠷ ᠤᠨ ᠬᠠᠨᠳᠤᠰᠢ ᠪᠠ | ᠬᠡᠷᠡᠭᠴᠡᠭᠡᠨ ᠤ ᠤᠨᠴᠠᠯᠢᠭ ᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠳᠡᠯᠡᠬᠡᠢ ᠨᠡᠶᠢᠳᠡ ᠶᠢᠨ ᠶᠤᠰᠤ ᠳᠦᠷᠢᠮ ᠢ | ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠵᠤ᠂ ᠳᠡᠯᠡᠬᠡᠢ ᠶᠢᠨ ᠵᠠᠬ᠎ᠠ ᠳᠡᠯᠭᠡᠭᠦᠷ ᠢ ᠨᠡᠭᠡᠭᠡᠨ ᠦᠷᠭᠡᠳᠭᠡᠬᠦ | ᠴᠢᠳᠠᠪᠤᠷᠢ ᠪᠠᠨ ᠳᠡᠭᠡᠭᠰᠢᠯᠡᠭᠦᠯᠵᠤ᠂ ᠳᠡᠯᠡᠬᠡᠢ ᠶᠢᠨ ᠵᠠᠬ᠎ᠠ ᠳᠡᠯᠭᠡᠭᠦᠷ ᠤᠨ ᠠᠶᠤᠯ ᠲᠦᠭᠰᠢᠭᠦᠷᠢ ᠶᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠤ᠂ ᠠᠵᠤ ᠠᠬᠤᠢᠢᠯᠠᠯ ᠢᠶᠠᠨ ᠳᠠᠭᠠᠭᠤᠯᠤᠨ ᠨᠡᠩ ᠦᠨᠳᠦᠷ ᠲᠦᠪᠰᠢᠨ ᠪᠦᠬᠦᠢ | ᠭᠠᠳᠠᠭᠠᠳᠤ ᠨᠡᠬᠡᠬᠡᠯᠳᠡ ᠳᠤᠮᠳᠠ ᠨᠡᠩ ᠰᠠᠶᠢᠨ ᠬᠦᠭᠵᠢᠯᠳᠡ ᠶᠢ ᠪᠡᠶᠡᠯᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠵᠠᠢ᠃ | | | | | ᠰᠢ ᠶᠢᠨ ᠫᠢᠩ᠂ ᠤᠲᠤᠬᠠᠠ ᠤ ᠬᠠᠮᠠᠭᠠᠯᠠᠬᠤ ᠦᠵᠡᠯ ᠨᠡᠮᠡᠭᠳᠡᠵᠦ᠂ ᠲᠡᠯᠡᠭᠡᠢ ᠶᠢᠨ ᠠᠵᠦ ᠠᠬᠤᠢ ᠮᠠᠭᠤᠲᠠᠵᠦ᠂ | ᠪᠦᠬᠦ ᠲᠡᠯᠡᠭᠡᠢ ᠶᠢᠨ ᠵᠠᠬ᠎ᠠ ᠲᠡᠯᠭᠡᠭᠦᠷ ᠮᠠᠭᠤᠳᠠᠵᠤ ᠪᠠᠶᠢᠬᠤ ᠭᠠᠳᠠᠭᠠᠳᠦ ᠤᠷᠴᠢᠨ ᠳᠤ᠂ ᠪᠢᠲᠠ ᠡᠷᠭᠡᠪᠰᠢ | ᠬᠦᠴᠤᠨ ᠢᠶᠠᠨ ᠲᠦᠪᠯᠡᠷᠡᠭᠦᠯᠦᠨ ᠦᠪᠡᠷ ᠤᠨ ᠶᠠᠪᠤᠲᠠᠯ ᠢᠶᠠᠨ ᠰᠠᠶᠢᠠ ᠬᠢᠵᠦ᠂ ᠤᠯᠤᠰ ᠤᠨ ᠲᠤᠲᠤᠭᠠᠲᠤ ᠶᠢᠨ ᠯᠤᠳᠤ | ᠶᠡᠭᠡ ᠵᠠᠬ᠎ᠠ ᠲᠡᠯᠭᠡᠭᠦᠷ ᠤᠨ ᠲᠠᠪᠠᠭᠤᠯᠢᠭ ᠢᠶᠠᠨ ᠬᠦᠢᠴᠡᠳ ᠪᠠᠲᠠᠷᠠᠭᠤᠯᠤᠨ᠂ ᠤᠯᠤᠰ ᠤᠨ ᠲᠤᠲᠤᠭᠠᠲᠤ ᠶᠢᠨ ᠶᠡᠭᠡ | ᠤᠷᠴᠢᠯ ᠢᠶᠠᠷ ᠭᠤᠤᠯ ᠴᠤᠭᠴᠠ ᠪᠤᠯᠭᠠᠨ᠂ ᠤᠯᠤᠰ ᠤᠨ ᠳᠤᠳᠤᠭᠠᠳᠤ ᠭᠠᠳᠠᠭᠠᠳᠦ ᠶᠢᠨ ᠬᠤᠤᠰ ᠤᠷᠴᠢᠯ ᠬᠠᠷᠢᠯᠴᠠᠠ | ᠠᠬᠢᠭᠤᠯᠬᠤ ᠰᠢᠨ᠎ᠠ ᠬᠦᠭᠵᠢᠯᠲᠠ ᠶᠢᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠲᠦᠭᠦᠯᠵᠦ᠂ ᠠᠵᠦ ᠦᠢᠯᠡᠰ ᠤᠨ | ᠬᠡᠯᠬᠢᠶ᠎ᠠ ᠬᠠᠩᠭᠠᠯᠭ᠎ᠠ ᠶᠢᠨ ᠬᠡᠯᠬᠢᠶ᠎ᠠ ᠶᠢᠨ ᠤᠲᠤᠬᠢᠴᠢᠯᠠᠯᠲᠠ ᠶᠢᠨ ᠲᠦᠪᠰᠢᠨ ᠢ ᠲᠡᠭᠡᠭᠰᠢᠯᠡᠭᠦᠯᠵᠦ᠂ ᠰᠢᠨᠵᠢᠯᠡᠬᠦ | ᠤᠬᠠᠭᠠᠠ ᠲᠧᠭᠨᠢᠭ ᠮᠡᠷᠭᠡᠵᠢᠯ ᠤᠨ ᠰᠢᠨ᠎ᠠ ᠡᠭᠦᠲᠦᠯᠲᠠ ᠶᠢ ᠶᠡᠭᠡ ᠪᠠᠷ ᠠᠬᠢᠭᠤᠯᠵᠦ᠂ ᠵᠠᠩᠭᠢᠯᠠᠭ᠎ᠠ ᠶᠢᠨ ᠭᠤᠤᠯ | ᠮᠡᠷᠭᠡᠵᠢᠯ ᠤᠨ ᠪᠤᠭᠤᠮᠲᠠ ᠰᠢᠪᠲᠤᠯᠬᠤ ᠶᠢ ᠲᠦᠷᠭᠡᠳᠭᠡᠵᠦ᠂ ᠢᠷᠡᠭᠡᠲᠦᠢ ᠶᠢᠨ ᠬᠦᠭᠵᠢᠯᠲᠠ ᠶᠢᠨ ᠰᠢᠨ᠎ᠠ | ᠲᠠᠪᠠᠭᠤᠯᠢᠭ ᠢ ᠪᠤᠢ ᠪᠤᠯᠭᠠᠬᠤ ᠭᠡᠷᠡᠭᠲᠡᠢ᠃ ᠤᠯᠤᠰ ᠤᠨ ᠲᠤᠲᠤᠭᠠᠲᠤ ᠶᠢᠨ ᠶᠡᠭᠡ ᠤᠷᠴᠢᠯ ᠢᠶᠠᠷ ᠭᠤᠤᠯ ᠴᠤᠭᠴᠠ | ᠪᠤᠯᠭᠠᠬᠤ ᠨᠢ ᠡᠭᠦᠲᠠ ᠪᠠᠨ ᠲᠦᠭᠵᠢᠵᠤ ᠪᠢᠲᠡᠭᠦᠦ ᠡᠷᠬᠢᠯᠳᠡ ᠬᠢᠬᠦ ᠶᠠᠪᠤᠳᠠᠯ ᠤᠭᠲᠤ ᠪᠢᠰᠢ᠂ ᠬᠠᠷᠢᠨ ᠲᠤᠲᠤᠭᠠᠲᠤ | ᠭᠡᠷᠡᠭᠴᠡᠭᠡ ᠶᠢᠨ ᠲᠠᠯᠲᠠ ᠬᠦᠴᠤᠨ ᠢ ᠪᠠᠲᠠᠷᠠᠭᠤᠯᠬᠤ ᠪᠠᠷ ᠲᠠᠮᠵᠢᠨ᠂ ᠤᠯᠤᠰ ᠤᠨ ᠲᠤᠲᠤᠭᠠᠲᠤ ᠭᠠᠳᠠᠭᠠᠳᠦ ᠶᠢᠨ | ᠵᠠᠬ᠎ᠠ ᠲᠡᠯᠭᠡᠭᠦᠷ ᠢ ᠨᠡᠩ ᠰᠠᠶᠢᠲᠤᠷ ᠬᠤᠯᠪᠤᠵᠤ᠂ ᠤᠯᠤᠰ ᠤᠨ ᠲᠤᠲᠤᠭᠠᠲᠤ ᠭᠠᠳᠠᠭᠠᠳᠦ ᠶᠢᠨ ᠬᠤᠶᠠᠷ ᠵᠠᠬ᠎ᠠ | ᠲᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠳᠦᠷ ᠠᠰᠢᠠᠠᠯᠠᠵᠦ᠂ ᠨᠡᠩ ᠡᠷᠴᠢᠮ ᠲᠠᠢ ᠦᠷᠬᠦᠯᠵᠢᠯᠡᠬᠦ | ᠬᠦᠭᠵᠢᠯᠲᠠ ᠶᠢ ᠪᠡᠶᠡᠯᠡᠭᠦᠯᠬᠦ ᠶᠠᠪᠤᠲᠠᠯ ᠪᠤᠯᠤᠨ᠎ᠠ᠃ ᠠᠯᠤᠰ ᠬᠡᠳᠦ ᠠᠴᠠ ᠦᠵᠡᠪᠡᠯ᠂ ᠠᠵᠦ ᠠᠬᠤᠢ ᠶᠢᠨ | ᠲᠡᠯᠡᠭᠡᠶᠢᠵᠢᠯᠲᠠ ᠮᠦᠨ ᠬᠦ ᠲᠡᠤᠬᠡ ᠶᠢᠨ ᠤᠷᠤᠰᠬᠠᠯ ᠪᠠᠶᠢᠵᠤ᠂ ᠡᠯ᠎ᠠ ᠤᠯᠤᠰ ᠠᠵᠢᠯ ᠢᠶᠠᠨ ᠬᠤᠪᠢᠶᠠᠷᠢᠯᠠᠨ | ᠬᠠᠮᠲᠤᠷᠠᠯᠴᠠᠵᠦ᠂ ᠬᠠᠷᠢᠯᠴᠠᠠ ᠠᠰᠢᠭᠲᠠᠢ ᠬᠠᠮᠲᠤ ᠪᠠᠷ ᠠᠰᠢᠭ ᠬᠦᠷᠲᠡᠬᠦ ᠨᠢ ᠮᠦᠨ ᠤᠷᠲᠤ ᠬᠤᠭᠤᠴᠠᠭᠠᠠ ᠤ | ᠬᠠᠨᠲᠤᠰᠢ ᠮᠦᠨ᠃ ᠪᠢᠲᠠ ᠲᠡᠤᠬᠡ ᠶᠢᠨ ᠵᠦᠪ ᠲᠠᠯ᠎ᠠ ᠳᠤ ᠵᠤᠭᠰᠤᠵᠦ᠂ ᠦᠭᠡᠷᠡᠴᠢᠯᠡᠯᠲᠡ ᠶᠢ ᠬᠦᠨᠵᠡᠭᠡᠶᠢᠷᠡᠭᠦᠯᠬᠦ᠂ | ᠨᠡᠭᠡᠭᠡᠯᠲᠡ ᠶᠢ ᠦᠷᠭᠡᠳᠭᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠠ ᠲᠧᠭᠨᠢᠭ ᠮᠡᠷᠭᠡᠵᠢᠯ ᠤᠨ ᠬᠦᠷᠢᠶᠠᠠ ᠤ | ᠨᠡᠭᠡᠭᠡᠯᠲᠡᠳᠤ ᠬᠠᠮᠲᠤᠷᠠᠯᠴᠠᠭ᠎ᠠ ᠶᠢ ᠴᠢᠩᠭᠠᠳᠬᠠᠠ᠂ ᠨᠡᠭᠡᠭᠡᠯᠲᠡᠲᠦ ᠮᠠᠶ᠋ᠢᠭ ᠤᠨ ᠲᠡᠯᠡᠭᠡᠢ ᠶᠢᠨ ᠠᠵᠦ ᠠᠬᠤᠢ ᠶᠢᠨ | ᠪᠠᠶᠢᠭᠤᠯᠤᠯᠲᠠ ᠶᠢ ᠠᠬᠢᠭᠤᠯᠵᠦ᠂ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢᠨ | ᠪᠠᠶᠢᠭᠤᠯᠤᠯᠲᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ︽ᠠᠷᠪᠠᠠ ᠲᠦᠷᠪᠡᠲᠦᠭᠡᠷ ᠲᠠᠪᠤᠠ ᠵᠢᠯ︾ ᠤᠨ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢᠨ ᠲᠡᠭᠡᠷ᠎ᠠ ᠨᠡᠶᠢᠭᠡᠮ ᠵᠢᠷᠤᠮ ᠤᠨ ᠤᠲᠤᠬᠢᠴᠢᠯᠠᠭᠰᠠᠠ ᠤᠯᠤᠰ ᠢ ᠪᠦᠬᠦ | ᠲᠠᠯ᠎ᠠ ᠪᠠᠷ ᠪᠦᠲᠦᠭᠡᠡ ᠪᠠᠶᠢᠭᠤᠯᠬᠤ ᠰᠢᠨ᠎ᠠ ᠠᠶᠠᠯᠠᠯ ᠢ ᠡᠬᠢᠯᠡᠭᠦᠯᠬᠦ ᠨᠢᠭᠡᠲᠦᠭᠡᠷ ᠲᠠᠪᠤᠠ ᠵᠢᠯ ᠮᠦᠨ᠂ ᠲᠦᠢᠯ ᠤᠨ | ᠴᠢᠬᠤᠯᠠ ᠠᠴᠢ ᠬᠤᠯᠪᠤᠭᠲᠠᠯ ᠲᠠᠢ᠃ ᠬᠤᠯᠪᠤᠭᠲᠠᠯ ᠪᠦᠬᠦᠢ ᠲᠠᠯ᠎ᠠ ᠶᠢᠨ ᠬᠢᠨ ᠠᠵᠦ ᠠᠬᠤᠢᠢᠯᠠᠯᠲᠠᠠ ᠤ | ᠲᠦᠯᠦᠭᠡᠯᠡᠭᠴᠢᠳ ᠤᠨ ᠲᠤᠷᠠᠲᠤᠭᠰᠠᠠ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠲᠤᠯᠵᠦ ᠰᠢᠩᠭᠡᠭᠡᠵᠤ ᠠᠪᠬᠤ | ᠭᠡᠷᠡᠭᠲᠡᠢ᠃ ᠬᠠᠮᠲᠤ ᠶᠢᠨ ᠴᠢᠷᠮᠠᠶᠢᠯᠭ᠎ᠠ ᠪᠠᠷ ᠲᠠᠮᠵᠢᠨ᠂ ᠦᠷᠭᠡᠡ ᠤᠯᠠᠠ ᠠᠵᠦ ᠠᠬᠤᠢᠢᠯᠠᠯ ᠪᠤᠯᠤᠨ ᠬᠤᠪᠢ ᠶᠢᠨ | ᠦᠢᠯᠡᠳᠪᠦᠷᠢ ᠬᠤᠲᠠᠯᠲᠤᠭᠠᠠ ᠤ ᠡᠷᠦᠭᠡ ᠯᠠᠪᠲᠠᠢ ᠮᠠᠠ ᠤ ᠤᠯᠤᠰ ᠤᠨ ᠨᠡᠶᠢᠭᠡᠮ ᠵᠢᠷᠤᠮ ᠤᠨ ᠤᠲᠤᠬᠢᠴᠢᠯᠠᠯᠲᠠ ᠶᠢᠨ | ᠠᠬᠢᠴᠠ ᠲᠤᠮᠲᠠ ᠨᠡᠩ ᠶᠡᠭᠡ ᠦᠢᠯᠡᠲᠦᠯ ᠢᠶᠠᠨ ᠪᠠᠲᠠᠷᠠᠭᠤᠯᠵᠦ᠂ ᠨᠡᠩ ᠶᠡᠭᠡ ᠬᠦᠭᠵᠢᠯᠲᠠ ᠲᠠᠢ ᠪᠤᠯᠵᠤ ᠳᠡᠶᠢᠯᠬᠦ ᠶᠢ | ᠢᠲᠡᠭᠡᠵᠦ ᠪᠠᠶᠢᠨ᠎ᠠ ᠭᠡᠵᠦ ᠵᠢᠭᠠᠵᠦ ᠭᠠᠷᠭᠠᠪᠠ᠃ | ᠳ᠋ᠢᠩ ᠰᠢᠤᠸᠠᠢ ᠰᠢᠶᠠᠩ᠂ ᠯᠢᠤ ᠡᡁᠧ᠂ ᠶᠠᠩ ᠵᠢᠶᠧ ᠤᠤᠢ᠂ ᠬᠤᠸᠠᠩ ᠺᠦᠨ ᠮᠢᠩ᠂ ᠶᠢᠤ ᠴᠢᠤᠸᠠᠠ᠂ ᠸᠠᠩ | ᠶᠦᠩ᠂ ᠸᠠᠩ ᠢ᠂ ᠡᡁᠧ ᠯᠢ ᠹᠧᠩ ᠶᠠᠷᠢᠯᠴᠠᠬᠤ ᠬᠤᠷᠠᠯ ᠳᠤ ᠤᠷᠤᠯᠴᠠᠵᠠᠢ᠃ | ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ᠂ ᠬᠤᠯᠪᠤᠭᠲᠠᠯ | ᠪᠦᠬᠦᠢ ᠠᠷᠠᠳ ᠤᠨ ᠪᠦᠯᠬᠦᠮ ᠤᠨ ᠬᠠᠷᠢᠭᠤᠴᠠᠯᠭᠠᠲᠠᠠ᠂ ᠤᠯᠤᠰ ᠤᠨ ᠦᠮᠴᠢᠯᠡᠯ ᠤᠨ ᠠᠵᠦ ᠠᠬᠤᠢᠢᠯᠠᠯ᠂ | ᠠᠷᠠᠳ ᠤᠨ ᠡᠵᠡᠩᠨᠡᠯᠳᠠ ᠶᠢᠨ ᠠᠵᠦ ᠠᠬᠤᠢᠢᠯᠠᠯ᠂ ᠭᠠᠲᠠᠭᠠᠲᠤ ᠪᠡᠯᠡᠲᠦ ᠠᠵᠦ ᠠᠬᠤᠢᠢᠯᠠᠯ᠂ ᠰᠢᠶᠠᠩᠭᠠᠩ ᠤᠤᠮᠸᠠ | ᠲᠠᠶᠢᠸᠠᠠ ᠤ ᠪᠡᠯᠡᠲᠦ ᠠᠵᠦ ᠠᠬᠤᠢᠢᠯᠠᠯ᠂ ᠬᠤᠪᠢ ᠶᠢᠨ ᠦᠢᠯᠡᠳᠪᠦᠷᠢ ᠬᠤᠲᠠᠯᠲᠤᠭᠠᠠ ᠤ ᠡᠷᠦᠭᠡ ᠶᠢᠨ ᠲᠦᠯᠦᠭᠡᠯᠡᠭᠴᠢ | ᠨᠠᠷ ᠶᠠᠷᠢᠯᠴᠠᠬᠤ ᠬᠤᠷᠠᠯ ᠳᠤ ᠤᠷᠤᠯᠴᠠᠭᠰᠠᠠ ᠪᠠᠶᠢᠨ᠎ᠠ᠃ |