ᠥᠪᠥᠷ ᠮᠣᠩᠭᠤᠯ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠢ ᠵᠠᠰᠠᠯᠲᠠ ᠶᠢᠨ ᠠᠵᠢᠯ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2020/7/22
     7 ᠳ᠋ᠤᠭᠠᠷ ᠰᠠᠷ᠎ᠠ ᠶᠢᠨ 21᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠡᠨᠡ ᠵᠢᠯ ᠠᠴᠠ ᠨᠠᠭᠠᠰᠢ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠢᠶᠡᠨ ᠳᠠᠬᠢ ᠲᠤᠰᠬᠠᠶ ᠵᠠᠰᠠᠯᠲᠠ ᠶᠢᠨ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠤᠭᠰᠠᠨ ᠪᠥᠭᠡᠳ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠤᠭᠰᠠᠨ ᠪᠠᠶᠢᠨ᠎ᠠ᠃ ᠡᠨᠡ ᠵᠢᠯ ᠤᠨ ᠬᠤᠶᠠᠳᠤᠭᠠᠷ ᠤᠯᠠᠷᠢᠯ ᠪᠣᠯᠲᠠᠯ᠎ᠠ᠂ ᠪᠥᠬᠦ ᠣᠷᠣᠨ ᠳᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠨᠡᠶᠢᠲᠡ 1044832 ᠡᠷᠦᠬᠡ᠂ 1635148 ᠬᠥᠮᠦᠨ ᠪᠠᠶᠢᠨ᠎ᠠ᠃      ᠣᠶᠢᠯᠠᠭᠠᠭᠰᠠᠨ ᠢᠶᠠᠷ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠤᠯᠠᠮᠵᠢᠯᠠᠨ ᠲᠠᠷᠬᠠᠭᠠᠭᠰᠠᠨ ︽ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠠᠷᠠᠳ ᠤᠨ ᠶᠠᠪᠤᠳᠠᠯ ᠤᠨ ᠶᠠᠮᠤᠨ ᠡᠳ᠋ ᠤᠨ ᠵᠠᠰᠠᠭ ᠤᠨ ᠶᠠᠮᠤᠨ ᠤ ᠮᠡᠳᠡᠭᠳᠡᠯ︾᠎ ᠤᠨ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠦᠨ᠂ ᠣᠨᠴᠠᠭᠠᠶ ᠬᠦᠮᠦᠰ ᠲᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠠᠷᠭ᠎ᠠ ᠬᠡᠮᠵᠢᠶ᠎ᠡ ᠶᠢ ᠭᠦᠨᠵᠡᠭᠡᠶᠢᠷᠡᠭᠦᠯᠦᠨ᠂ ᠳᠦᠷᠢᠮ ᠲᠣᠭᠲᠠᠴᠠ ᠶᠢ ᠪᠦᠷᠢᠨᠰᠢᠭᠦᠯᠵᠦ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠦᠷᠭᠦᠯᠵᠢᠯᠡᠨ ᠰᠢᠯᠤᠭᠤᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠤᠰᠬᠠᠶ ᠵᠠᠰᠠᠯᠲᠠ ᠶᠢᠨ ᠢᠯᠡᠴᠢᠯᠡᠨ ᠮᠡᠳᠡᠭᠦᠯᠬᠦ ᠤᠲᠠᠰᠤ ᠶᠢ ᠵᠢᠵᠢᠭᠦᠷᠯᠡᠨ ᠰᠠᠬᠢᠬᠤ᠂ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠤᠴᠢᠷ ᠶᠠᠪᠤᠳᠠᠯ ᠢ ᠭᠦᠢᠴᠡᠳᠬᠡᠵᠦ ᠥᠭᠬᠦ ᠶᠢ ᠵᠢᠷᠤᠮᠵᠢᠭᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤ ᠨᠢ ᠭᠥᠯᠢᠶᠡᠨ ᠠᠪᠴᠤ ᠭᠦᠢᠴᠡᠳᠬᠡᠬᠦ ᠪᠠ ᠬᠠᠷᠢᠭᠤ ᠲᠤᠰᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠬᠦᠴᠢᠷᠳᠡᠯᠲᠡᠶ ᠣᠯᠠᠨ ᠲᠦᠮᠡᠨ ᠤ ᠬᠦᠰᠡᠵᠦ ᠪᠠᠶᠢᠭ᠎ᠠ᠂ ᠰᠠᠨᠠᠭᠠᠰᠢᠷᠠᠵᠤ ᠪᠠᠶᠢᠭ᠎ᠠ᠂ ᠠᠯᠭᠠᠰᠠᠵᠤ ᠪᠠᠶᠢᠭ᠎ᠠ ᠶᠠᠪᠤᠳᠠᠯ ᠳᠤ ᠴᠠᠭ ᠲᠤᠬᠠᠶ ᠳᠤ ᠨᠢ ᠬᠠᠷᠢᠭᠤᠯᠲᠠ ᠥᠭᠴᠦ᠂ ᠬᠦᠴᠢᠷᠳᠡᠯᠲᠡᠶ ᠣᠯᠠᠨ ᠲᠦᠮᠡᠨ ᠤ ᠬᠦᠷᠲᠡᠭᠡᠮᠵᠢᠲᠦ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠴᠢᠷᠮᠠᠶᠢᠨ ᠨᠡᠮᠡᠭᠳᠡᠭᠦᠯᠵᠦ ᠪᠠᠶᠢᠨ᠎ᠠ᠃      ᠳᠠᠷᠠᠭ᠎ᠠ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠬᠦᠨᠳᠦ ᠵᠡᠮᠳᠡᠭ ᠬᠥᠮᠦᠨ᠂ ᠬᠦᠨᠳᠦ ᠡᠪᠡᠳᠴᠢᠲᠡᠨ ᠵᠡᠷᠭᠡ ᠣᠨᠴᠠᠭᠠᠢ ᠬᠦᠴᠢᠷᠳᠡᠯᠲᠡᠶ ᠬᠥᠮᠦᠰ ᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠥᠷᠭᠦᠯᠵᠢᠯᠡᠨ ᠴᠢᠩᠭᠠᠷᠠᠭᠤᠯᠵᠤ᠂ ᠨᠥᠬᠦᠴᠡᠯ ᠳᠤ ᠨᠡᠶᠢᠴᠡᠬᠦ ᠬᠡᠷ ᠪᠦᠯᠢ ᠶᠢ ᠴᠠᠭ ᠲᠤᠬᠠᠶ ᠳᠤ ᠨᠢ ᠪᠠᠲᠤᠯᠠᠨ ᠳᠠᠭᠠᠭᠠᠬᠤ ᠬᠡᠪᠴᠢᠶᠡᠨ ᠳᠤ ᠣᠷᠤᠭᠤᠯᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号