︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠥ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠥ᠂ ᠠᠷᠠᠳ ᠤᠨ ᠡᠵᠡᠩᠨᠡᠯᠳᠡ ᠶᠢᠨ | ᠠᠵᠤ ᠠᠬᠤᠶᠢᠯᠠᠯ ᠤᠨ ᠬᠢᠵᠢᠭ ᠤᠨ ᠨᠥᠯᠥᠭᠡ ᠠᠴᠠ ᠪᠤᠯᠵᠥ ᠪᠡᠯᠡ ᠮᠥᠩᠭᠦ ᠳᠤᠲᠠᠭᠳᠠᠬᠤ ᠵᠢᠴᠢ ᠪᠡᠯᠡ | ᠴᠤᠭᠯᠠᠭᠤᠯᠬᠤ ᠳᠤ ᠬᠦᠴᠢᠷᠳᠠᠢ ᠪᠠᠶᠢᠭ᠎ᠠ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ᠂ ᠠᠷᠠᠳ ᠤᠨ | ᠡᠵᠡᠩᠨᠡᠯᠳᠡ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠦᠢᠯᠡᠳᠪᠤᠷᠢᠯᠡᠯ ᠤᠨ | ᠴᠢᠳᠠᠪᠤᠷᠢ ᠪᠠᠨ ᠰᠡᠷᠭᠦᠭᠡᠬᠦ ᠶᠢ ᠠᠬᠢᠭᠤᠯᠬᠤ ᠶᠢᠨ ᠳᠦᠯᠦᠬᠡ᠂ 7 ᠰᠠᠷ᠎ᠠ ᠶᠢᠨ 23 ᠤ ᠦᠳᠡ ᠶᠢᠨ ᠬᠤᠶᠢᠨ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ | ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠮᠥᠩᠭᠦᠨ ᠭᠦᠢᠯᠭᠡᠭᠡ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠦᠢᠯᠡᠳᠪᠤᠷᠢᠯᠡᠯ ᠤᠨ ᠴᠢᠳᠠᠪᠤᠷᠢ ᠪᠠᠨ ᠰᠡᠷᠭᠦᠭᠡᠬᠦ ᠳᠤ ᠬᠦᠴᠦᠨ | ᠨᠡᠮᠡᠷᠢᠯᠡᠬᠦ ᠵᠣᠯᠭᠠᠯᠴᠠᠭᠠᠨ ᠤ ᠬᠤᠷᠠᠯ ᠬᠤᠷᠠᠯᠳᠤᠭᠤᠯᠪᠠ᠃ | | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠭᠰᠠᠨ ᠪᠥᠭᠡᠳ | ᠲᠤᠬᠠᠢ ᠶᠢᠨ ᠲᠠᠯᠠᠪᠠᠢ ᠶᠢᠨ ᠭᠡᠷ᠎ᠠ ᠳᠤᠬᠢᠷᠠᠯᠴᠠᠭᠰᠠᠨ ᠢ ᠭᠡᠷᠡᠴᠢᠯᠡᠪᠡ᠃ | ᠵᠣᠯᠭᠠᠯᠴᠠᠭᠠᠨ ᠤ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠬᠢᠭᠡᠳ ᠠᠷᠠᠳ ᠤᠨ ᠪᠠᠩᠬᠢ ᠶᠢᠨ ᠬᠥᠬᠡᠬᠤᠲᠠ ᠳᠠᠬᠢ ᠲᠥᠪ ᠰᠠᠯᠪᠤᠷᠢ ᠪᠠᠩᠬᠢ ᠬᠠᠮᠲᠤᠷᠠᠯᠴᠠᠭᠠᠨ ᠤ | ᠵᠦᠪᠯᠡᠯᠴᠡᠭᠡᠷ ᠲᠣᠭᠲᠠᠵᠤ᠂ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠮᠡᠳᠡᠭᠡ | ᠵᠠᠩᠭᠢ ᠬᠠᠷᠢᠯᠴᠠᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠮᠥᠩᠭᠦᠨ ᠭᠦᠢᠯᠭᠡᠭᠡ ᠪᠠᠷ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠬᠦ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠪᠤᠯᠤᠨ᠎ᠡ᠃ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠠᠨ ᠤ ᠣᠷᠣᠨ ᠤ 196 ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠯᠤᠭ᠎ᠠ ᠢᠲᠡᠭᠡᠮᠵᠢᠲᠦ ᠵᠢᠭᠡᠯᠡᠯᠭᠡ᠂ ᠦᠢᠯᠡᠳᠬᠦ ᠦᠢᠯᠡᠰ ᠤᠨ ᠵᠢᠭᠡᠯᠡᠯᠭᠡ᠂ | ᠠᠩᠬᠠᠨ ᠤ ᠵᠢᠭᠡᠯᠡᠯᠭᠡ᠂ ᠬᠥᠳᠡᠯᠮᠦᠷᠢ ᠬᠦᠴᠦ ᠲᠦᠪᠯᠡᠷᠡᠭᠰᠡᠨ ᠠᠵᠤ ᠠᠬᠤᠶᠢᠯᠠᠯ ᠤᠨ ᠵᠢᠭᠡᠯᠡᠯᠭᠡ᠂ ᠭᠠᠳᠠᠭᠠᠳᠤ ᠪᠡᠯᠡᠳᠤ | ᠠᠵᠤ ᠠᠬᠤᠶᠢᠯᠠᠯ ᠤᠨ ᠵᠢᠭᠡᠯᠡᠯᠭᠡ᠂ ᠬᠠᠩᠭᠠᠯᠭ᠎ᠠ ᠶᠢᠨ ᠬᠡᠯᠬᠢᠶᠡᠨ ᠤ ᠭᠤᠤᠯᠯᠠᠭᠴᠢ ᠠᠵᠤ ᠠᠬᠤᠶᠢᠯᠠᠯ ᠤᠨ ᠵᠢᠭᠡᠯᠡᠯᠭᠡ᠂ | ᠦᠷᠭᠦᠯᠵᠢᠯᠡᠭᠦᠯᠬᠦ ᠵᠢᠭᠡᠯᠡᠯᠭᠡ᠂ ᠪᠠᠭ᠎ᠠ ᠵᠢᠵᠢᠭ ᠠᠵᠤ ᠠᠬᠤᠶᠢᠯᠠᠯ ᠤᠨ ᠵᠢᠭᠡᠯᠡᠯᠭᠡ ᠵᠢᠴᠢ ᠪᠤᠷᠤᠯᠠᠭᠤᠯᠭ᠎ᠠ ᠶᠢᠨ ᠠᠵᠤ | ᠠᠬᠤᠢᠢᠯᠠᠯ ᠤᠨ ᠵᠢᠭᠡᠯᠡᠯᠭᠡ ᠶᠢᠨ ᠲᠡᠮᠳᠡᠭᠳᠦ ᠵᠡᠷᠭᠡ 9 ᠬᠡᠰᠡᠭ ᠤᠨ ᠲᠣᠭᠤᠷᠢᠨ ᠳᠤ ᠪᠡᠯᠡ ᠴᠤᠭᠯᠠᠭᠤᠯᠬᠤ | ᠵᠤᠯᠭᠠᠯᠴᠠᠭ᠎ᠠ ᠬᠢᠵᠦ᠂ 228 ᠳ᠋ᠦᠩᠰᠢᠭᠤᠷ ᠲᠥᠭᠦᠷᠢᠭ ᠤᠨ ᠪᠡᠯᠡ ᠴᠤᠭᠯᠠᠭᠤᠯᠬᠤ ᠪᠤᠯᠤᠮᠵᠢ ᠲᠠᠢ ᠪᠠᠶᠢᠨ᠎ᠠ᠃ | ᠡᠭᠦᠨ ᠳᠤ᠂ ᠪᠠᠩᠬᠢ ᠶᠢᠨ ᠦᠢᠯᠡᠰ ᠤᠨ 14 ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠰ ᠲᠤᠰ 14 ᠠᠵᠤ | ᠠᠬᠤᠶᠢᠯᠠᠯ ᠤᠨ ᠲᠥᠯᠥᠭᠡᠯᠡᠭᠴᠢ ᠲᠠᠢ ᠲᠤᠬᠠᠶ ᠶᠢᠨ ᠲᠠᠯᠠᠪᠠᠶ ᠳᠤ ᠵᠢᠭᠡᠯᠡᠯᠭᠡ ᠶᠢᠨ ᠭᠡᠷ᠎ᠡ ᠲᠣᠭᠲᠠᠵᠤ᠂ ᠭᠡᠷ᠎ᠡ | ᠲᠣᠭᠲᠠᠭᠰᠠᠨ ᠵᠤᠭᠤᠰᠤᠨ ᠤ ᠲᠤᠭ᠎ᠠ ᠨᠢ 65.38 ᠳ᠋ᠦᠩᠰᠢᠭᠤᠷ ᠲᠥᠭᠦᠷᠢᠭ ᠲᠤ ᠬᠦᠷᠪᠡ᠃ | ᠪᠦᠬᠦ ᠣᠷᠣᠨ ᠤ 23 ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠤᠰ | ᠪᠠᠩᠬᠢ ᠶᠢᠨ ᠢᠶᠠᠨ ᠮᠥᠩᠭᠦᠨ ᠭᠦᠢᠯᠭᠡᠭᠡ ᠪᠠᠷ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢ ᠳᠡᠮᠵᠢᠬᠦ | ᠦᠢᠯᠡᠴᠢᠯᠡᠬᠡᠨ ᠤ ᠪᠦᠲᠦᠭᠡᠭᠳᠡᠭᠦᠨ ᠢᠶᠠᠨ ᠲᠠᠨᠢᠯᠴᠠᠭᠤᠯᠤᠬᠰᠠᠨ ᠪᠦᠬᠡᠳ ᠠᠵᠤ ᠠᠬᠤᠶᠢᠯᠠᠯ ᠤᠨ ᠲᠥᠷᠥ ᠶᠢᠨ | ᠪᠣᠳᠣᠯᠭ᠎ᠠ ᠶᠢᠨ ᠯᠠᠪᠯᠠᠭ᠎ᠠ᠂ ᠪᠡᠯᠡ ᠴᠤᠭᠯᠠᠭᠤᠯᠬᠤ ᠬᠡᠷᠡᠭᠴᠡᠭᠡ ᠳᠤ ᠴᠢᠭᠯᠡᠭᠦᠯᠦᠨ ᠲᠤᠬᠠᠶ ᠶᠢᠨ ᠲᠠᠯᠠᠪᠠᠶ ᠳᠤ | ᠬᠠᠷᠢᠭᠤᠯᠲᠠ ᠦᠭᠪᠡ᠃ | ᠬᠤᠷᠠᠯ ᠠᠴᠠ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠯᠤᠰ ᠲᠥᠷᠥ ᠶᠢᠨ ᠵᠣᠭᠰᠣᠴᠠ ᠪᠠᠨ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠮᠥᠩᠭᠦᠨ ᠭᠦᠢᠯᠭᠡᠭᠡᠨ ᠤ | ᠠᠵᠤ ᠠᠬᠤᠶᠢᠯᠠᠯ ᠢ ᠳᠤᠭᠳᠠᠪᠤᠷᠢᠵᠢᠭᠤᠯᠬᠤ ᠠᠵᠢᠯ ᠣᠯᠭᠤᠯᠲᠠ ᠶᠢ ᠪᠠᠲᠤᠯᠠᠬᠤ ᠠᠵᠢᠯ ᠢ ᠳᠡᠮᠵᠢᠬᠦ ᠬᠦᠨᠳᠦ | ᠡᠭᠦᠷᠭᠡ ᠶᠢ ᠡᠷᠡᠭᠡᠯᠵᠡᠯ ᠦᠭᠡᠢ ᠡᠭᠦᠷᠭᠡᠯᠡᠵᠦ᠂ ᠡᠬᠡ ᠬᠦᠤ ᠮᠦᠩᠬᠦ ᠪᠠ ᠢᠳᠡᠬᠡᠮᠵᠢᠳᠤ ᠵᠢᠬᠡᠯᠡᠯᠬᠡ ᠶᠢ ᠪᠤᠴᠠᠭᠠᠬᠤ ᠶᠢ | ᠱᠠᠲᠤᠴᠢ ᠴᠢᠨᠠᠷᠲᠠᠶ ᠪᠠᠷ ᠬᠤᠶᠢᠰᠢᠯᠠᠭᠤᠯᠬᠤ ᠳᠡᠮᠵᠢᠯᠬᠡ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ | ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠢᠯᠠᠩᠭᠤᠶ᠎ᠠ ᠪᠠᠭ᠎ᠠ ᠵᠢᠵᠢᠭ ᠠᠵᠤ | ᠠᠬᠤᠶᠢᠯᠠᠯ ᠢ ᠳᠡᠮᠵᠢᠬᠦ ᠳᠡᠭᠡᠨ ︽ᠲᠤᠭ᠎ᠠ ᠶᠢ ᠨᠡᠮᠡᠭᠳᠡᠭᠦᠯᠬᠦ᠂ ᠦᠨ᠎ᠡ ᠶᠢ ᠪᠠᠭᠤᠷᠠᠭᠤᠯᠬᠤ᠂ ᠬᠡᠪᠴᠢᠶ᠎ᠠ ᠶᠢ ᠥᠷᠭᠡᠳᠬᠡᠬᠦ᠂ | ᠬᠤᠭᠤᠴᠠᠭ᠎ᠠ ᠶᠢ ᠤᠷᠲᠤᠳᠬᠠᠬᠤ︾ ᠶᠢ ᠪᠡᠶᠡᠯᠡᠭᠦᠯᠬᠦ ᠬᠡᠷᠡᠭᠳᠠᠢ ᠭᠡᠵᠦ ᠱᠠᠭᠠᠷᠳᠠᠪᠠ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠵᠠᠩ ᠱᠣᠤ ᠴᠦᠨ᠂ ᠳ᠋ᠤᠸᠠᠨ ᡁᠢ | ᠴᠢᠶᠠᠩ᠂ ᠬᠤᠸᠠᠩ ᡁᠢ ᠴᠢᠶᠠᠩ ᠵᠢᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠥᠬᠦᠶ | ᠰᠠᠯᠠᠭ᠎ᠠ ᠮᠥᠴᠢᠷ᠂ ᠡᠯ᠎ᠡ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ 23 ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ᠂ 14 ᠠᠵᠤ ᠠᠬᠤᠶᠢᠯᠠᠯ ᠤᠨ ᠲᠥᠯᠥᠭᠡᠯᠡᠭᠴᠢ᠂ 6 | ᠬᠤᠳᠠᠯᠳᠤᠭᠠᠴᠢᠳ ᠤᠨ ᠡᠪᠯᠡᠯ ᠤᠨ ᠲᠥᠯᠥᠭᠡᠯᠡᠭᠴᠢ ᠵᠤᠯᠭᠠᠯᠴᠠᠭᠠᠨ ᠤ ᠬᠤᠷᠠᠯ ᠳᠤ ᠣᠷᠣᠯᠴᠠᠵᠠᠶ᠃ | |