7 ᠰᠠᠷ᠎ᠠ ᠶᠢᠨ 23 ᠤ ᠡᠳᠦᠷ᠂ ᠮᠠᠨ ᠤ ᠤᠯᠤᠰ ᠤᠨ ᠠᠩᠬᠠᠳᠠᠭᠴᠢ ᠬᠦᠮᠦᠨ ᠠᠮᠠ ᠴᠦᠬᠡᠪᠳᠦᠷ | ᠦᠨᠳᠦᠰᠦᠲᠡᠨ ᠤ ᠦᠬᠡ ᠬᠡᠯᠡᠨ ᠤ ᠲᠤᠯᠢ ᠪᠢᠴᠢᠭ ︽ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ | ᠠᠪᠢᠶᠠᠨ ᠤ ᠲᠣᠯᠢ︾ ᠶᠢ ᠬᠡᠪᠯᠡᠨ ᠲᠠᠷᠬᠠᠭᠠᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ | | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠳᠡᠳ᠋ | ᠲᠡᠷᠢᠭᠦᠯᠡᠭᠴᠢ ᠵᠧᠩ ᠬᠤᠩ ᠹᠠᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠯᠢᠦ ᠰᠢᠨ ᠯᠧ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ ᠨᠣᠮ ᠤᠨ ᠰᠠᠩ᠂ | ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠡᠷᠭᠡ ᠪᠠᠶᠢᠭᠤᠯᠭ᠎ᠠ | ᠨᠢᠭᠡᠴᠢ ᠳᠤ ︽ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ︾ ᠶᠢ ᠪᠡᠯᠡᠭᠯᠡᠵᠡᠢ᠃ | ᠵᠧᠩ ᠬᠤᠩ ᠹᠠᠨ ᠪᠠᠶᠠᠷ ᠤᠨ ᠦᠭᠡ ᠳᠡᠭᠡᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ ᠤ | ᠬᠤᠪᠢ ᠳᠤ᠂ ᠴᠥᠭᠡᠨ ᠲᠣᠭᠠᠲᠤ ᠦᠨᠳᠦᠰᠦᠲᠡᠨ ᠤ ᠤᠰᠠᠳᠬᠤ ᠠᠶᠤᠯ ᠲᠠᠢ ᠪᠤᠯᠤᠭᠰᠠᠨ ᠦᠭᠡ ᠬᠡᠯᠡ ᠶᠢ ᠠᠪᠤᠷᠠᠨ | ᠬᠠᠮᠠᠭᠠᠯᠠᠬᠤ᠂ ᠴᠥᠭᠡᠨ ᠲᠣᠭᠠᠲᠤ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ | ᠪᠠᠳᠠᠷᠠᠭᠤᠯᠬᠤ ᠪᠣᠯ ᠮᠠᠨ ᠤ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ᠃ ᠨᠠᠩ ᠣᠯᠠᠨ ᠬᠥᠮᠦᠨ | ᠴᠥᠭᠡᠨ ᠲᠣᠭᠠᠲᠤ ᠦᠨᠳᠦᠰᠦᠲᠡᠨ ᠤ ᠰᠣᠶᠣᠯ ᠢ ᠤᠯᠠᠮᠵᠢᠯᠠᠨ ᠬᠠᠮᠠᠭᠠᠯᠠᠬᠤ ᠳᠤ ᠣᠷᠣᠯᠴᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ | ᠰᠣᠶᠣᠯ ᠢ ᠪᠠᠳᠠᠷᠠᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠬᠡᠵᠥ | ᠵᠢᠭᠠᠵᠥ ᠭᠠᠷᠭᠠᠪᠠ᠃ | ︽ᠣᠷᠴᠣᠨ ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ︾ ᠶᠢ ᠬᠡᠪᠯᠡᠨ ᠲᠠᠷᠬᠠᠭᠠᠵᠤ | ᠪᠠᠶᠢᠭ᠎ᠠ ᠪᠤᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠥᠷᠥ ᠶᠢᠨ ᠶᠠᠪᠤᠳᠠᠯ ᠤᠨ ᠬᠤᠷᠢᠶᠠᠨ ᠤ | ︽︿ᠠᠷᠪᠠᠨ ᠭᠤᠷᠪᠠᠳᠤᠭᠠᠷ ᠲᠠᠪᠤᠨ ᠵᠢᠯ﹀ ᠤᠨ ᠦᠨᠳᠦᠰᠦᠲᠡᠨ ᠤ ᠭᠠᠵᠠᠷ ᠣᠷᠣᠨ ᠪᠠ ᠬᠥᠮᠦᠨ ᠠᠮᠠ ᠴᠦᠬᠡᠪᠳᠦᠷ | ᠦᠨᠳᠦᠰᠦᠲᠡᠨ ᠤ ᠬᠥᠭᠵᠢᠯᠲᠡ ᠶᠢ ᠠᠬᠢᠭᠤᠯᠬᠤ ᠲᠥᠯᠥᠪᠵᠢᠭᠦᠯᠭᠡ ᠶᠢ ᠳᠠᠷᠤᠮᠠᠯᠯᠠᠨ ᠳᠠᠷᠬᠠᠭᠠᠬᠤ ᠲᠤᠬᠠᠶ ᠮᠡᠳᠡᠭᠳᠡᠯ︾ | ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠤᠰᠠᠳᠬᠤ ᠠᠶᠤᠯ ᠲᠠᠢ | ᠪᠤᠯᠤᠭᠰᠠᠨ ᠦᠭᠡ ᠬᠡᠯᠡ ᠦᠰᠦᠭ ᠪᠢᠴᠢᠭ ᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠴᠥᠭᠡᠨ ᠲᠣᠭᠠᠲᠤ | ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠦᠬᠦ ᠲᠠᠯ᠎ᠠ ᠪᠠᠷ | ᠰᠢᠰᠲ᠋ᠧᠮ ᠲᠠᠢ ᠡᠮᠬᠢᠯᠡᠵᠦ ᠲᠡᠮᠳᠡᠭᠯᠡᠨ᠂ ᠰᠢᠩᠭᠡᠭᠡᠨ ᠬᠠᠳᠠᠭᠠᠯᠠᠵᠤ᠂ ᠤᠯᠤᠰ ᠤᠨ ᠬᠡᠯᠡᠨ ᠤ ᠡᠬᠢ ᠪᠠᠶᠠᠯᠢᠭ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠳᠤᠮᠳᠠᠳᠤ ᠤᠯᠤᠰ ᠤᠨ ᠬᠡᠯᠡᠨ ᠤ ᠡᠬᠢ ᠪᠠᠶᠠᠯᠢᠭ ᠢ ᠬᠠᠮᠠᠭᠠᠯᠠᠬᠤ | ᠢᠨᠵᠧᠨᠧᠷᠢᠩ ᠢ ᠬᠡᠷᠡᠭᠵᠢᠬᠦᠯᠬᠦ ᠴᠢᠬᠤᠯᠠ ᠠᠷᠭ᠎ᠠ ᠬᠡᠮᠵᠢᠶ᠎ᠡ ᠪᠤᠯᠤᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠦᠮᠦᠨ ᠠᠮᠠ ᠴᠦᠬᠡᠪᠳᠦᠷ ᠦᠨᠳᠦᠰᠦᠲᠡᠨ | ︽ᠣᠷᠴᠣᠨ᠂ ᠡᠸᠡᠩᠬᠢ᠂ ᠳᠠᠭᠤᠷ︾ ᠤᠨ ᠦᠬᠡ ᠬᠡᠯᠡ ᠶᠢ ᠬᠠᠮᠠᠭᠠᠯᠠᠬᠤ ᠪᠠ ᠤᠯᠠᠮᠵᠢᠯᠠᠬᠤ ᠲᠥᠷᠥᠯ ᠵᠦᠢᠯ ᠤᠨ | ᠨᠠᠶᠢᠷᠠᠭᠤᠯᠤᠨ ᠲᠤᠭᠤᠷᠪᠢᠬᠤ ᠠᠵᠢᠯ 2017 ᠣᠨ ᠤ ᠵᠢᠯ ᠤᠨ ᠰᠡᠭᠦᠯᠴᠢ ᠪᠠᠷ ᠡᠬᠢᠯᠡᠵᠠᠢ᠃ ︽ᠣᠷᠴᠣᠨ ᠬᠡᠯᠡᠨ ᠤ | ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ︾ ᠨᠢ ᠲᠣᠯᠢ ᠪᠢᠴᠢᠭ ᠤᠨ ᠬᠡᠯᠪᠡᠷᠢ ᠪᠠᠷ ᠪᠠᠷᠯᠠᠵᠤ᠂ | ᠡᠯᠧᠺᠲᠷᠣᠨ ᠠᠪᠢᠶᠠᠯᠠᠯᠭ᠎ᠠ ᠬᠠᠪᠰᠤᠷᠭᠠᠵᠤ᠂ ᠴᠥᠭᠡᠨ ᠲᠣᠭᠠᠲᠤ ᠦᠨᠳᠦᠰᠦᠲᠡᠨ ᠤ ᠬᠡᠯᠡ ᠶᠢ ᠰᠤᠳᠤᠯᠬᠤ᠂ ᠵᠢᠭᠠᠨ | ᠰᠤᠷᠭᠠᠬᠤ ᠪᠠ ᠬᠡᠷᠡᠭᠯᠡᠬᠦ ᠳᠤ ᠲᠥᠬᠦᠮ ᠦᠵᠡᠭᠦᠯᠬᠦ ᠪᠦᠭᠡᠳ ᠦᠨᠳᠦᠰᠦᠲᠡᠨ ᠤ ᠲᠡᠤᠬᠡ ᠰᠣᠶᠣᠯ ᠢ ᠬᠠᠮᠠᠭᠠᠯᠠᠨ | ᠤᠯᠠᠮᠵᠢᠯᠠᠵᠤ ᠬᠦᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ ᠡᠭᠦᠨ ᠠᠴᠠ ᠭᠠᠳᠠᠨ᠎ᠠ᠂ ︽ᠡᠸᠡᠩᠬᠢ | ᠬᠡᠯᠡᠨ ᠤ ᠪᠠᠶᠢᠩᠭᠤ ᠬᠡᠷᠡᠭᠯᠡᠭᠳᠡᠬᠦ ᠦᠬᠡᠨ ᠤ ᠠᠪᠢᠶᠠᠨ ᠤ ᠲᠣᠯᠢ︾᠂ ︽ᠳᠠᠭᠤᠷ ᠬᠡᠯᠡᠨ ᠤ ᠪᠠᠶᠢᠩᠭᠤ ᠬᠡᠷᠡᠭᠯᠡᠭᠳᠡᠬᠦ | ᠦᠬᠡᠨ ᠤ ᠠᠪᠢᠶᠠᠨ ᠤ ᠲᠣᠯᠢ︾ ᠴᠤ ᠨᠠᠶᠢᠷᠠᠭᠤᠯᠤᠨ ᠬᠢᠨᠠᠬᠤ ᠶᠠᠪᠤᠴᠠ ᠳᠤ ᠤᠷᠤᠭᠰᠠᠨ ᠪᠠᠶᠢᠨ᠎ᠠ᠃ |