ᠱᠢ ᠲᠠᠢ ᠹᠧᠩ ᠵᠧᠨ ᠹᠡ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠴᠠ ᠵᠧᠩ ᠹᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2020/7/24
     7 ᠰᠠᠷ᠎ᠠ ᠶᠢᠨ 23᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠵᠢᠶᠠᠩᠰᠦ ᠶᠢᠨ ᠵᠧᠨ ᠹᠡ ᠪᠦᠯᠦᠭᠯᠡᠯ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠴᠠ ᠵᠧᠩ ᠹᠠ ᠲᠠᠢ ᠠᠭᠤᠯᠵᠠᠪᠠ᠃      ᠱᠢ ᠲᠠᠢ ᠹᠧᠩ ᠴᠠ ᠵᠧᠩ ᠹᠠ ᠨᠠᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠵᠥ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠪᠠᠶᠢᠳᠠᠯ ᠢᠶᠠᠨ ᠲᠤᠰ ᠲᠤᠰ ᠲᠠᠨᠢᠯᠴᠠᠭᠤᠯᠵᠤ᠂ ᠣᠷᠣᠨ ᠨᠤᠲᠤᠭ ᠪᠠ ᠠᠵᠤ ᠠᠬᠤᠶᠢᠯᠠᠯ ᠤᠨ ᠲᠤᠰ ᠲᠤᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠨ ᠠᠵᠢᠯᠯᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨ᠎ᠡ ᠦᠢᠯᠡᠳᠬᠦᠨ ᠢ ᠨᠡᠭᠡᠭᠡᠨ ᠬᠥᠭᠵᠢᠭᠦᠯᠬᠦ᠂ ᠰᠢᠨ᠎ᠡ ᠡᠨᠧᠷᠭᠢ ᠶᠢᠨ ᠬᠥᠭᠵᠢᠯᠲᠡ ᠵᠡᠷᠭᠡ ᠲᠠᠯ᠎ᠠ ᠪᠠᠷ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠠᠩ ᠣᠯᠠᠨ ᠴᠢᠨᠠᠷ ᠰᠠᠶᠢᠲᠠᠶ ᠲᠥᠷᠥᠯ ᠵᠦᠢᠯ ᠢ ᠥᠪᠥᠷ ᠮᠣᠩᠭᠤᠯ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠠᠬᠢᠭᠤᠯᠤᠨ᠎ᠠ ᠭᠡᠵᠥ ᠰᠠᠨᠠᠯ ᠨᠢᠬᠡᠳᠡᠢ ᠢᠯᠡᠳᠬᠡᠵᠡᠬᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号