7 ᠳ᠋ᠤᠭᠠᠷ ᠰᠠᠷ᠎ᠠ ᠶᠢᠨ 27 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ | ᠮᠣᠩᠭᠤᠯ ᠥᠨᠥᠬᠡᠨ ᠮᠡᠳᠡᠭᠳᠡᠯ ᠪᠠᠭᠤᠯᠭᠠᠵᠤ᠂ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ | ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠬᠤᠯᠪᠣᠭᠳᠠᠯ ᠪᠥᠬᠦᠶ ᠶᠠᠪᠤᠳᠠᠯ ᠤᠨ ᠲᠤᠬᠠᠶ | ᠲᠣᠲᠣᠷᠬᠠᠶᠢᠯᠠᠪᠠ᠃ | ᠣᠶᠢᠯᠠᠭᠠᠭᠰᠠᠨ ᠢᠶᠠᠷ᠂ 2020 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 1 ᠳ᠋ᠦ᠋ᠭᠡᠷ ᠰᠠᠷ᠎ᠠ ᠶᠢᠨ | 31 ᠤ ᠡᠳᠦᠷ ᠪᠣᠯᠲᠠᠯ᠎ᠠ᠂ ᠠᠵᠤ ᠠᠬᠤᠶᠢᠯᠠᠯ ᠤᠨ ᠨᠢᠭᠡᠴᠢ ᠶᠢᠨ ᠲᠤᠰᠢᠶᠠᠬᠤ ᠨᠠᠰᠤᠵᠢᠯ ᠤᠨ ᠳᠠᠭᠠᠳᠬᠠᠯ ᠤᠨ | ᠵᠠᠷᠤᠳᠠᠯ ᠤᠨ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠰᠦᠢᠳᠬᠡᠯ ᠲᠤᠰᠢᠶᠠᠬᠤ ᠬᠠᠷᠢᠴᠠᠯ ᠶᠣᠰᠣᠭᠠᠷ ᠨᠢᠭᠡᠳᠦᠯᠲᠡᠶ | ᠬᠡᠷᠡᠭᠵᠢᠭᠦᠯᠦᠨ᠎ᠡ᠂ ᠲᠣᠬᠠᠶᠢᠯᠠᠪᠠᠯ ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠨᠢ 16%᠂ ᠬᠤᠪᠢ ᠬᠥᠮᠦᠨ ᠤ | ᠰᠦᠢᠳᠬᠡᠯ ᠲᠤᠰᠢᠶᠠᠬᠤ ᠬᠠᠷᠢᠴᠠᠯ ᠨᠢ 8% ᠪᠣᠯᠤᠨ᠎ᠠ᠃ ᠤᠯᠤᠰ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ | 2020 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ 6 ᠳ᠋ᠤᠭᠠᠷ ᠰᠠᠷ᠎ᠠ ᠶᠢᠨ 30 ᠤ ᠡᠳᠦᠷ ᠪᠣᠯᠲᠠᠯᠠᠬᠢ | ᠬᠤᠭᠤᠴᠠᠭᠠᠨ ᠳᠤ᠂ ᠲᠣᠮᠣ ᠬᠡᠯᠪᠡᠷᠢ ᠶᠢᠨ ᠠᠵᠤ ᠠᠬᠤᠶᠢᠯᠠᠯ ᠵᠢᠴᠢ ᠪᠤᠰᠤᠳ ᠨᠢᠭᠡᠴᠢ ᠶᠢᠨ ᠨᠢᠭᠡᠴᠢ ᠶᠢᠨ ᠰᠦᠢᠳᠬᠡᠯ | ᠲᠤᠰᠢᠶᠠᠬᠤ ᠬᠠᠷᠢᠴᠠᠯ ᠨᠢ 8% ᠪᠣᠯᠤᠨ᠎ᠠ᠂ 7 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ | 31 ᠤ ᠡᠳᠦᠷ ᠪᠣᠯᠲᠠᠯ᠎ᠠ ᠨᠢᠭᠡᠴᠢ ᠶᠢᠨ ᠰᠦᠢᠳᠬᠡᠯ ᠲᠤᠰᠢᠶᠠᠬᠤ ᠬᠠᠷᠢᠴᠠᠯ ᠢ 16% ᠪᠣᠯᠭᠠᠨ ᠰᠡᠷᠭᠦᠭᠡᠨ᠎ᠡ︔ | 2020 ᠣᠨ ᠤ 2 ᠳ᠋ᠤᠭᠠᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠨᠢᠭᠡᠴᠢ ᠶᠢᠨ ᠲᠤᠰᠢᠶᠠᠬᠤ ᠬᠡᠰᠡᠭ ᠢ ᠭᠡᠯᠳᠦᠷᠢᠭᠦᠯᠦᠨ᠎ᠡ᠃ ᠪᠥᠬᠦ | ᠵᠢᠯ ᠤᠨ ᠪᠣᠶ ᠪᠥᠬᠦᠶ ᠠᠵᠤ ᠠᠬᠤᠶᠢᠯᠠᠯ ᠤᠨ ᠬᠤᠪᠢ ᠬᠥᠮᠦᠨ ᠤ ᠲᠤᠰᠢᠶᠠᠬᠤ ᠰᠦᠢᠳᠬᠡᠯ ᠤᠨ ᠬᠠᠷᠢᠴᠠᠯ ᠨᠢ ᠴᠥᠮ | 8% ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠦᠨ ᠤ ᠬᠢ ᠪᠣᠯ ᠳᠡᠭᠡᠷ᠎ᠡ | ᠵᠢᠯ ᠤᠨ ᠬᠤᠪᠢ ᠬᠥᠮᠦᠨ ᠤ ᠰᠠᠷ᠎ᠠ ᠶᠢᠨ ᠳᠤᠮᠳᠠᠴᠢ ᠴᠠᠯᠢᠩ ᠢᠶᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ | ᠲᠣᠭᠲᠠᠭᠠᠵᠤ᠂ ᠳᠡᠭᠡᠳᠦ ᠬᠢᠵᠠᠭᠠᠷ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠠᠴᠠ | ᠨᠡᠶᠢᠲᠡᠯᠡᠭᠰᠡᠨ 2019 ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠨᠢᠭᠡᠴᠢ ᠳᠤ ᠠᠵᠢᠯ | ᠣᠯᠤᠭᠰᠠᠳ ᠤᠨ ᠰᠠᠷ᠎ᠠ ᠶᠢᠨ ᠳᠤᠮᠳᠠᠴᠢ ᠴᠠᠯᠢᠩ 5688 ᠲᠥᠭᠦᠷᠢᠭ ᠤᠨ 300% ᠪᠠᠷ ᠬᠢᠨᠠᠨ ᠲᠣᠭᠲᠠᠭᠠᠵᠤ᠂ | ᠰᠠᠷ᠎ᠠ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠠᠮᠤᠭ ᠤᠨ ᠥᠨᠳᠥᠷ ᠲᠤ ᠪᠠᠨ 17064 ᠲᠥᠭᠦᠷᠢᠭ | ᠪᠣᠯᠭᠠᠨ᠎ᠠ︔ ᠳᠣᠣᠷᠠᠳᠤ ᠬᠢᠵᠠᠭᠠᠷ ᠢ 2018 ᠣᠨ ᠤ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ | ᠨᠢᠭᠡᠴᠢ ᠳᠤ ᠠᠵᠢᠯ ᠣᠯᠣᠭᠰᠠᠳ ᠤᠨ ᠰᠠᠷ᠎ᠠ ᠶᠢᠨ ᠳᠤᠮᠳᠠᠴᠢ ᠴᠠᠯᠢᠩ 5257 ᠲᠥᠭᠦᠷᠢᠭ ᠤᠨ 60% ᠪᠠᠷ ᠬᠢᠨᠠᠨ | ᠲᠣᠭᠲᠠᠭᠠᠵᠤ᠂ ᠰᠠᠷ᠎ᠠ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠳᠤ ᠬᠠᠮᠤᠭ ᠳᠣᠤᠷ᠎ᠠ ᠳᠤ ᠪᠠᠨ 3154 | ᠲᠥᠭᠦᠷᠢᠭ ᠪᠣᠯᠭᠠᠨ᠎ᠠ᠃ 2020 ᠣᠨ ᠤ ᠨᠢᠭᠡᠴᠢ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ | ᠲᠣᠭᠲᠠᠭᠠᠬᠤ ᠳᠤ ᠪᠠᠨ ᠬᠤᠪᠢ ᠬᠥᠮᠥᠨ ᠤ ᠰᠦᠢᠳᠬᠡᠯ ᠲᠤᠰᠢᠶᠠᠬᠤ ᠰᠠᠭᠤᠷᠢ ᠲᠣᠭᠠᠨ ᠤ ᠨᠡᠶᠢᠯᠡᠪᠦᠷᠢ ᠪᠠᠷ | ᠨᠢᠭᠡᠴᠢ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠪᠣᠯᠭᠠᠨ᠎ᠠ᠃ | ᠥᠪᠥᠷ ᠮᠣᠩᠭᠤᠯ ᠲᠣᠳᠣᠷᠬᠠᠶ ᠲᠣᠭᠲᠠᠭᠠᠭᠰᠠᠨ ᠨᠢ᠂ ᠡᠯ᠎ᠡ ᠨᠢᠭᠡᠴᠢ ᠨᠦᠭᠦᠳ 2020 ᠣᠨ ᠤ 8 ᠳ᠋ᠤᠭᠠᠷ | ᠰᠠᠷ᠎ᠠ ᠶᠢᠨ ᠡᠴᠦᠰ ᠠᠴᠠ ᠡᠮᠦᠨ᠎ᠡ 2020 ᠣᠨ ᠤ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ | ᠠᠩᠬ᠎ᠠ ᠤᠳᠠᠭ᠎ᠠ ᠬᠢᠨᠠᠨ ᠲᠣᠭᠲᠠᠭᠠᠬᠤ ᠶᠢᠨ ᠬᠠᠮᠲᠤ ᠤᠷᠢᠳᠴᠢᠯᠠᠨ ᠬᠢᠨᠠᠨ ᠲᠣᠭᠲᠠᠭᠠᠭᠰᠠᠨ ᠰᠠᠷ᠎ᠠ ᠶᠢᠨ | ᠵᠥᠷᠢᠶ᠎ᠡ ᠶᠢᠨ ᠲᠣᠬᠢᠷᠠᠭᠤᠯᠤᠯᠲᠠ ᠶᠢ ᠴᠠᠭ ᠲᠤᠬᠠᠶ ᠳᠤ ᠨᠢ ᠪᠡᠶᠡᠯᠡᠭᠦᠯᠵᠦ᠂ ᠪᠥᠬᠦ ᠵᠢᠯ ᠤᠨ ᠬᠢᠨᠠᠨ ᠲᠣᠭᠲᠠᠭᠠᠬᠤ | ᠠᠵᠢᠯ ᠢ 2020 ᠣᠨ ᠤ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠳᠠᠭᠤᠰᠬᠠᠬᠤ ᠬᠡᠷᠡᠭᠲᠡᠢ᠃ | 2020 ᠣᠨ ᠤ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠳᠤ | ᠪᠣᠳᠠᠲᠠᠶ ᠭᠠᠵᠠᠷ ᠲᠤ ᠨᠢ ᠲᠤᠯᠭᠠᠨ ᠪᠣᠳᠣᠬᠤ ᠪᠠ ᠪᠢᠴᠢᠭ ᠢᠶᠠᠷ ᠲᠤᠯᠭᠠᠨ ᠪᠣᠳᠣᠬᠤ ᠶᠢ ᠤᠶᠠᠯᠳᠤᠭᠤᠯᠬᠤ ᠠᠷᠭ᠎ᠠ ᠶᠢ | ᠠᠪᠴᠤ ᠬᠢᠨᠠᠨ ᠲᠣᠭᠲᠠᠭᠠᠨ᠎ᠠ᠃ ᠪᠣᠳᠠᠲᠠᠶ ᠭᠠᠵᠠᠷ ᠲᠤ ᠨᠢ ᠲᠤᠯᠭᠠᠨ ᠪᠣᠳᠣᠵᠤ ᠬᠢᠨᠠᠨ ᠲᠣᠭᠲᠠᠭᠠᠭᠰᠠᠨ ᠠᠵᠤ | ᠠᠬᠤᠶᠢᠯᠠᠯ ᠤᠳ ᠡᠳ᠋ ᠤᠨ ᠶᠠᠪᠤᠳᠠᠯ ᠤᠨ ᠲᠥᠰᠦᠪ ᠤᠨ ᠭᠦᠢᠴᠡᠳᠬᠡᠯ ᠤᠨ ᠬᠦᠰᠦᠨᠦᠭᠲᠦ᠂ ᠥᠭᠬᠦ ᠶᠣᠰᠣᠲᠠᠶ | ᠴᠠᠯᠢᠩ ᠤᠨ ᠳᠠᠩᠰᠠ ᠪᠤᠶᠤ ᠴᠠᠯᠢᠩ ᠤᠨ ᠬᠦᠰᠦᠨᠦᠭᠲᠦ ᠶᠢᠨ ᠤᠭ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ ᠨᠦᠭᠦᠳ ᠲᠣᠭᠲᠠᠭᠰᠠᠨ ᠴᠠᠭ ᠲᠤ ᠰᠦᠢᠳᠬᠡᠯ ᠲᠤᠰᠢᠶᠠᠬᠤ | ᠴᠠᠯᠢᠩ ᠤᠨ ᠰᠠᠭᠤᠷᠢ ᠲᠤᠭ᠎ᠠ ᠶᠢ ᠬᠢᠨᠠᠨ ᠲᠣᠭᠲᠠᠭᠠᠭᠰᠠᠨ ᠦᠭᠡᠢ ᠠᠴᠠ ᠪᠣᠯᠵᠤ ᠬᠢᠨᠠᠨ ᠲᠣᠭᠲᠠᠭᠠᠬᠤ ᠠᠵᠢᠯ ᠢ | ᠳᠠᠷᠠᠭ᠎ᠠ ᠵᠢᠯ ᠪᠣᠯᠲᠠᠯ᠎ᠠ ᠬᠤᠶᠢᠰᠢᠯᠠᠭᠤᠯᠤᠭᠠᠳ ᠠᠵᠢᠯᠲᠠᠨ ᠠᠵᠢᠯᠴᠢᠨ ᠤ ᠬᠤᠪᠢ ᠬᠥᠮᠦᠨ ᠤ ᠳᠠᠩᠰᠠᠨ ᠡᠷᠦᠬᠡ ᠶᠢ | ᠴᠠᠭ ᠲᠤᠬᠠᠶ ᠳᠤ ᠨᠢ ᠬᠤᠪᠢᠶᠠᠷᠢᠯᠠᠵᠤ ᠳᠡᠶᠢᠯᠬᠦ ᠦᠭᠡᠢ ᠪᠣᠯᠭᠠᠭᠰᠠᠨ ᠪᠠ ᠣᠯᠭᠤᠮᠵᠢ ᠶᠢ ᠪᠣᠳᠣᠵᠤ ᠣᠯᠭᠤᠬᠤ ᠶᠢᠨ | ᠠᠷᠭ᠎ᠠ ᠦᠭᠡᠢ ᠪᠣᠯᠭᠠᠭᠰᠠᠨ ᠵᠡᠷᠭᠡ ᠦᠷ᠎ᠡ ᠳ᠋ᠦᠩ ᠢ ᠳᠠᠭᠠᠳᠬᠠᠯ ᠳᠤ ᠣᠷᠣᠯᠴᠠᠭᠰᠠᠨ ᠨᠢᠭᠡᠴᠢ ᠥᠪᠡᠰᠦᠪᠡᠨ | ᠬᠠᠷᠢᠭᠤᠴᠠᠨ᠎ᠠ᠃ |