7 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ | ᠲᠢᠩᠬᠢᠮ ᠠᠴᠠ ᠣᠶᠢᠯᠠᠭᠠᠭᠰᠠᠨ ᠢᠶᠠᠷ᠂ ᠠᠵᠢᠯ ᠣᠯᠤᠭᠠᠳᠤᠶ ᠲᠡᠭᠦᠰᠦᠭᠰᠡᠳ ᠤᠨ ᠡᠷᠲᠡᠬᠡᠨ ᠠᠵᠢᠯ ᠣᠯᠬᠤ ᠶᠢ ᠨᠢ | ᠬᠠᠪᠰᠤᠷᠬᠤ ᠶᠢᠨ ᠲᠥᠯᠥᠭᠡ᠂ ᠣᠳᠣᠬᠠᠨ ᠳᠤ ᠮᠠᠨ ᠤ ᠣᠷᠣᠨ 2020 ᠣᠨ ᠳᠤ ᠰᠤᠷᠭᠠᠭᠤᠯᠢ ᠠᠴᠠ ᠪᠠᠨ ᠰᠠᠯᠵᠤ | ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠦᠯᠵᠢᠶᠡᠨ ᠳᠡᠭᠡᠷ᠎ᠡ ᠠᠵᠢᠯᠲᠠᠨ ᠤᠷᠢᠨ | ᠡᠯᠰᠡᠬᠦ ᠠᠵᠢᠯᠯᠠᠭ᠎ᠠ ᠶᠢ ᠡᠬᠢᠯᠡᠭᠦᠯᠵᠡᠶ᠃ ᠠᠵᠢᠯᠯᠠᠭ᠎ᠠ ᠨᠢ 8 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ | ᠦᠷᠭᠦᠯᠵᠢᠯᠡᠨ᠎ᠡ᠃ | ᠬᠥᠮᠦᠨ ᠬᠡᠷᠡᠭᠯᠡᠬᠦ ᠨᠢᠭᠡᠴᠢ ᠨᠢ ᠥᠪᠥᠷ ᠮᠣᠩᠭᠤᠯ ᠤᠨ ᠤᠶᠤᠲᠠᠳ ᠤᠨ ᠣᠶᠤᠨᠯᠢᠭ ᠠᠵᠢᠯ ᠣᠯᠭᠤᠯᠲᠠ ᠠᠳᠠᠯ | ᠦᠢᠯᠡᠰ ᠴᠣᠭᠴᠠᠯᠠᠬᠤ ᠦᠢᠯᠡᠴᠢᠯᠡᠭᠡᠨ ᠤ ᠡᠭᠦᠯᠡᠨ ᠲᠠᠪᠴᠠᠩ ᠳᠤ ᠭᠠᠷᠴᠤ᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ 2020 ᠣᠨ ᠳᠤ ᠰᠤᠷᠭᠠᠭᠤᠯᠢ ᠠᠴᠠ ᠪᠠᠨ ᠰᠠᠯᠵᠤ ᠠᠵᠢᠯ ᠣᠯᠣᠭᠠᠳᠤᠢ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠰᠦᠯᠵᠢᠶᠡᠨ ᠳᠡᠭᠡᠷ᠎ᠡ ᠠᠵᠢᠯᠲᠠᠨ ᠤᠷᠢᠨ ᠡᠯᠰᠡᠬᠦ ᠰᠠᠷ᠎ᠠ︾ ᠶᠢᠨ ᠲᠤᠰᠬᠠᠶ | ᠪᠤᠯᠤᠩ ᠳᠤ᠂ ᠬᠠᠮᠢᠶ᠎ᠠ ᠪᠥᠬᠦᠶ ᠠᠵᠢᠯ ᠤᠨ ᠪᠠᠶᠢᠷᠢ ᠶᠢᠨ ᠮᠡᠳᠡᠭᠡ ᠵᠠᠩᠭᠢ ᠪᠠᠨ ᠳᠠᠩᠰᠠᠯᠠᠬᠤ ᠶᠢᠨ ᠬᠠᠮᠲᠤ ᠨᠡᠶᠢᠲᠡᠯᠡᠵᠦ | ᠪᠣᠯᠣᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠡᠷᠬᠡᠪᠰᠢ ᠲᠣᠰ ᠲᠠᠪᠴᠠᠩ ᠳᠤ ᠨᠡᠷ᠎ᠡ ᠮᠡᠳᠡᠭᠦᠯᠵᠦ | ᠬᠤᠷᠠᠯ ᠳᠤ ᠣᠷᠣᠯᠴᠠᠬᠤ ᠴᠢᠬᠤᠯᠠᠲᠠᠢ᠃ ᠣᠶᠢᠯᠠᠭᠠᠭᠰᠠᠨ ᠢᠶᠠᠷ᠂ 7 ᠳ᠋ᠤᠭᠠᠷ ᠰᠠᠷ᠎ᠠ ᠶᠢᠨ 27 ᠤ ᠦᠳᠡ ᠬᠤᠶᠢᠨ᠎ᠠ | ᠪᠣᠯᠲᠠᠯ᠎ᠠ᠂ ᠠᠵᠢᠯᠲᠠᠨ ᠤᠷᠢᠨ ᠡᠯᠰᠡᠬᠦ ᠰᠠᠷ᠎ᠠ ᠶᠢᠨ ᠠᠵᠢᠯᠯᠠᠭ᠎ᠠ ᠳᠤ 705 ᠨᠢᠭᠡᠴᠢ ᠣᠷᠣᠯᠴᠠᠵᠤ᠂ ᠨᠡᠶᠢᠲᠡ | 46908 ᠠᠵᠢᠯ ᠤᠨ ᠪᠠᠶᠢᠷᠢ ᠬᠠᠩᠭᠠᠵᠠᠢ᠃ | ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠵᠢᠯ ᠣᠯᠭᠤᠯᠲᠠ ᠶᠢ ᠵᠢᠯᠣᠭᠤᠳᠬᠤ ᠲᠥᠪ ᠤᠨ ᠡᠷᠬᠢᠯᠡᠭᠴᠢ ᠸᠠᠩ ᠵᠢᠶᠦ᠋ᠨ ᠸᠧᠶ | ᠲᠠᠨᠢᠯᠴᠠᠭᠤᠯᠬᠤ ᠳᠤ ᠪᠠᠨ᠄ ︽ᠮᠠᠨ ᠤ ᠲᠥᠪ ᠨᠢ ᠡᠯ᠎ᠡ ᠵᠦᠢᠯ ᠤᠨ ᠠᠵᠢᠯ ᠣᠯᠭᠤᠯᠲᠠ ᠶᠢᠨ ᠦᠢᠯᠡᠴᠢᠯᠡᠭᠡ ᠶᠢ | ᠦᠷᠭᠦᠯᠵᠢᠯᠡᠨ ᠦᠨᠡᠨᠴᠢ ᠪᠠᠷ ᠰᠠᠶᠢᠲᠤᠷ ᠬᠢᠵᠦ᠂ ᠬᠥᠮᠦᠨ ᠬᠡᠷᠡᠭᠯᠡᠬᠦ ᠨᠢᠭᠡᠴᠢ ᠬᠢᠭᠡᠳ ᠲᠡᠭᠦᠰᠦᠭᠰᠡᠳ ᠤᠨ | ᠬᠤᠭᠤᠷᠣᠨᠳᠣᠬᠢ ᠰᠣᠯᠢᠯᠴᠠᠭᠠᠨ ᠤ ᠲᠠᠪᠴᠠᠩ ᠢ ᠥᠷᠭᠦᠯᠵᠢᠯᠡᠨ ᠪᠠᠶᠢᠭᠤᠯᠵᠤ᠂ ᠲᠦᠢᠯ ᠤᠨ ᠣᠨᠤᠪᠴᠢᠲᠠᠢ ᠪᠠᠷ | ᠵᠣᠯᠭᠠᠭᠤᠯᠬᠤ ᠶᠢ ᠪᠡᠶᠡᠯᠡᠭᠦᠯᠦᠨ᠂ ᠬᠤᠶᠠᠷ ᠲᠠᠯ᠎ᠠ ᠳᠤ ᠳᠥᠭᠦᠮ ᠳᠥᠲᠡ᠂ ᠥᠨᠳᠥᠷ ᠪᠦᠲᠦᠮᠵᠢᠲᠡᠶ ᠮᠡᠳᠡᠭᠡ | ᠵᠠᠩᠭᠢ ᠶᠢᠨ ᠨᠡᠪᠲᠡᠷᠡᠯᠴᠡᠭᠡ ᠪᠠ ᠦᠢᠯᠡᠴᠢᠯᠡᠭᠡ ᠬᠠᠩᠭᠠᠨ᠎ᠠ︾ ᠭᠡᠪᠡ᠃ |