2020 ᠳᠤᠮᠳᠠᠳᠤ ᠤᠯᠤᠰ · ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠭᠡᠵᠢᠩ ᠳᠤ ᠨᠡᠶᠢᠲᠡᠯᠡᠵᠠᠢ  ᠪᠦ᠋ ᠰᠢᠶᠤᠤ ᠯᠢᠨ ᠨᠡᠶᠢᠲᠡᠯᠡᠬᠦ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2020/7/29
     7 ᠰᠠᠷ᠎ᠠ ᠶᠢᠨ 28᠎ ᠤ ᠦᠳᠡ ᠶᠢᠨ ᠡᠮᠦᠨ᠎ᠡ᠂ 2020 ᠳᠤᠮᠳᠠᠳᠤ ᠤᠯᠤᠰ · ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠪᠡᠭᠡᠵᠢᠩ ᠳᠤ ᠵᠢᠩᠬᠢᠨᠢ ᠪᠠᠷ ᠨᠡᠶᠢᠲᠡᠯᠡᠪᠠ᠃ ᠡᠨᠡ ᠪᠣᠯ ᠪᠦᠬᠦ ᠤᠯᠤᠰ ᠤᠨ ᠡᠨᠧᠷᠭᠢ ᠶᠢᠨ ᠶᠡᠷᠦᠩᠬᠡᠶᠢᠯᠡᠭᠰᠡᠨ ᠬᠥᠭᠵᠢᠯᠲᠡ ᠶᠢᠨ ᠲᠦᠪᠰᠢᠨ ᠢ ᠦᠨᠡᠯᠡᠭᠰᠡᠨ ᠠᠩᠬᠠᠳᠠᠭᠴᠢ ᠵᠢᠭᠠᠯᠳᠠ ᠳᠤᠭ᠎ᠠ ᠪᠣᠯᠤᠨ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ᠂ ᠰᠢᠨᠬᠤᠸᠠ ᠬᠤᠷᠢᠶᠠᠨ ᠤ ᠳᠡᠳ᠋ ᠬᠤᠷᠢᠶᠠᠨ ᠳᠠᠷᠤᠭ᠎ᠠ ᠯᠢᠦ ᠵᠧᠩ ᠷᠦᠩ᠂ ᠤᠯᠤᠰ ᠤᠨ ᠡᠨᠧᠷᠭᠢ ᠶᠢᠨ ᠲᠤᠪᠴᠢᠶᠠᠨ ᠤ ᠶᠡᠷᠦᠩᠬᠡᠶ ᠢᠨᠵᠧᠨᠧᠷ ᠰᠢᠶᠠᠩ ᠬᠠᠶ ᠫᠢᠩ ᠰᠣᠨᠢᠨ ᠮᠡᠳᠡᠭᠡ ᠨᠡᠶᠢᠲᠡᠯᠡᠬᠦ ᠬᠤᠷᠠᠯ ᠳᠤ ᠣᠷᠣᠯᠴᠠᠭᠰᠠᠨ ᠪᠥᠭᠡᠳ 2020 ᠳᠤᠮᠳᠠᠳᠤ ᠤᠯᠤᠰ · ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠨᠡᠶᠢᠲᠡᠯᠡᠬᠦ ᠠᠵᠢᠯ ᠢ ᠬᠠᠮᠳᠤ ᠪᠠᠷ ᠡᠬᠢᠯᠡᠭᠦᠯᠪᠠ᠃ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ᠂ ᠤᠯᠤᠰ ᠤᠨ ᠴᠠᠬᠢᠯᠭᠠᠨ ᠲᠣᠤᠷ ᠤᠨ ᠬᠢᠵᠠᠭᠠᠷᠳᠤ ᠺᠤᠮᠫᠠᠨᠢ᠂ ᠬᠤᠸᠠ ᠨᠧᠩ ᠪᠦᠯᠦᠭᠯᠡᠯ ᠤᠨ ᠬᠢᠵᠠᠭᠠᠷᠳᠤ ᠺᠤᠮᠫᠠᠨᠢ᠂ ᠳ᠋ᠠ ᠲᠠᠩ ᠪᠦᠯᠦᠭᠯᠡᠯ ᠤᠨ ᠬᠢᠵᠠᠭᠠᠷᠳᠤ ᠺᠤᠮᠫᠠᠨᠢ᠂ ᠬᠤᠸᠠ ᠳ᠋ᠢᠶᠠᠨ ᠪᠦᠯᠦᠭᠯᠡᠯ ᠤᠨ ᠬᠢᠵᠠᠭᠠᠷᠳᠤ ᠺᠤᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ᠂ ᠰᠠᠨ ᠰᠢᠶᠠ ᠪᠦᠯᠦᠭᠯᠡᠯ᠂ ᠤᠯᠤᠰ ᠤᠨ ᠡᠨᠧᠷᠬᠢ ᠶᠢᠨ ᠪᠦᠯᠦᠭᠯᠡᠯ᠂ ᠳᠤᠮᠳᠠᠳᠤ ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠯᠠᠪᠯᠠᠭ᠎ᠠ ᠶᠢᠨ ᠬᠢᠵᠠᠭᠠᠷᠳᠤ ᠺᠣᠮᠫᠠᠨᠢ᠂ ᠳᠤᠮᠳᠠᠳᠤ ᠤᠯᠤᠰ ᠤᠨ ᠨᠡᠭᠦᠷᠡᠰᠦᠨ ᠤ ᠡᠬᠢ ᠪᠠᠶᠠᠯᠢᠭ ᠤᠨ ᠪᠦᠯᠦᠭᠯᠡᠯ ᠤᠨ ᠬᠢᠵᠠᠭᠠᠷᠳᠤ ᠺᠤᠮᠫᠠᠨᠢ᠂ ᠳᠤᠮᠳᠠᠳᠤ ᠤᠯᠤᠰ ᠤᠨ ᠡᠨᠧᠷᠬᠢ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠳᠤ ᠺᠤᠮᠫᠠᠨᠢ ᠵᠡᠷᠭᠡ ᠲᠥᠪ ᠤᠨ ᠠᠵᠤ ᠠᠬᠤᠶᠢᠯᠠᠯ ᠤᠨ ᠲᠥᠯᠥᠭᠡᠯᠡᠭᠴᠢᠳ ᠪᠠ ᠵᠠᠭᠤᠴᠢᠯᠠᠭᠤᠷ ᠤᠨ ᠰᠤᠷᠪᠤᠯᠵᠢᠯᠠᠭᠴᠢᠳ ᠨᠡᠶᠢᠲᠡᠯᠡᠬᠦ ᠬᠤᠷᠠᠯ ᠳᠤ ᠣᠷᠣᠯᠴᠠᠵᠠᠢ᠃
     ᠠᠶ ᠯᠢ ᠬᠤᠸᠠ᠂ ᠯᠢᠦ ᠵᠧᠩ ᠷᠦᠩ᠂ ᠰᠢᠶᠠᠩ ᠬᠠᠢ ᠫᠢᠩ ᠨᠡᠶᠢᠲᠡᠯᠡᠬᠦ ᠬᠤᠷᠠᠯ ᠳᠡᠭᠡᠷ᠎ᠡ ᠲᠤᠰ ᠲᠤᠰ ᠪᠠᠶᠠᠷ ᠎ ᠤᠨ ᠦᠭᠡ ᠬᠡᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠰᠠᠶᠢᠲᠤᠷ ᠬᠢᠵᠥ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠯᠳᠠ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠢᠳᠡᠪᠬᠢᠳᠡᠢ ᠬᠠᠶᠢᠨ ᠰᠦᠪᠡᠭᠴᠢᠯᠡᠬᠦ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠤᠯ ᠡᠨᠧᠷᠭᠢ ᠶᠢᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠴᠢᠬᠤᠯᠠ ᠠᠷᠭ᠎ᠠ ᠵᠠᠮ ᠮᠦᠨ᠂ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠦᠨᠳᠦᠰᠦᠨ ᠵᠢᠷᠤᠮᠯᠠᠯ ᠮᠥᠨ᠂ ᠨᠡᠩ ᠴᠤ ᠥᠪᠥᠷ ᠮᠣᠩᠭᠤᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠤᠭ ᠤᠨ ᠶᠡᠭᠡ ᠳᠠᠪᠠᠭᠤᠯᠢᠭ ᠪᠤᠯᠤᠨ᠎ᠠ᠃ ᠡᠨᠡ ᠤᠳᠠᠭ᠎ᠠ ᠶᠢᠨ ᠨᠡᠶᠢᠲᠡᠯᠡᠭᠰᠡᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠨᠢ ᠲᠣᠭᠠᠴᠢᠯᠠᠭᠰᠠᠨ ᠠᠷᠭ᠎ᠠ ᠪᠠᠷᠢᠯ ᠢᠶᠠᠷ ᠥᠪᠥᠷ ᠮᠣᠩᠭᠤᠯ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠪᠣᠰᠤᠭ᠎ᠠ ᠴᠤᠭᠴᠠ ᠪᠠᠷ ᠦᠨᠡᠯᠡᠨ ᠵᠢᠱᠢᠵᠦ᠂ ︽ᠪᠠᠶᠢᠳᠠᠯ ᠎ ᠤᠨ ᠬᠡᠮᠵᠢᠬᠦᠷ︾ ᠪᠠ ︽ᠬᠠᠨᠳᠤᠰᠢ ᠶᠢᠨ ᠵᠦᠭᠯᠡᠭᠦᠷ︾᠎ ᠢ ᠴᠤᠬᠴᠠᠯᠠᠨ᠂ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢ ᠭᠦᠨᠵᠡᠭᠡᠶ ᠠᠬᠢᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢ ᠳᠤᠭᠠᠴᠢᠵᠢᠭᠤᠯᠤᠨ ᠠᠬᠢᠭᠤᠯᠬᠤ ᠲᠡᠤᠬᠡᠨ ᠳᠠᠬᠢ ᠴᠢᠬᠤᠯᠠ ᠬᠦᠰᠢᠶ᠎ᠠ ᠲᠡᠮᠳᠡᠭ ᠪᠤᠯᠵᠠᠢ᠃ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠣᠷᠴᠢᠨ ᠪᠠ ᠪᠠᠶᠢᠳᠠᠯ ᠤᠨ ᠬᠤᠪᠢᠷᠠᠯᠲᠠ ᠳᠤ ᠵᠤᠬᠢᠴᠠᠨ᠂ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠥᠯᠳᠦᠭᠡᠨ ᠢ ᠲᠤᠬᠢᠳᠠᠢ ᠠᠷᠭᠠᠴᠠᠭᠠᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠳᠤᠮᠳᠠ ᠡᠨᠧᠷᠭᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠨ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠬᠡᠵᠥ ᠵᠢᠭᠠᠵᠥ ᠭᠠᠷᠭᠠᠪᠠ᠃      ᠨᠡᠶᠢᠲᠡᠯᠡᠬᠦ ᠬᠤᠷᠠᠯ ᠳᠡᠭᠡᠷ᠎ᠡ 2020 ᠳᠤᠮᠳᠠᠳᠤ ᠤᠯᠤᠰ · ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠳᠤ ᠨᠠᠷᠢᠨ ᠲᠠᠶᠢᠯᠤᠮᠵᠢ ᠬᠢᠵᠠᠢ᠃ ᠵᠢᠭᠠᠯᠲᠠ ᠲᠤᠭ᠎ᠠ ᠨᠢ ᠪᠣᠬᠢᠷᠲᠤᠯ ᠦᠭᠡᠢ ᠬᠥᠭᠵᠢᠯᠲᠡ᠂ ᠠᠷᠪᠢᠳᠠᠢ ᠪᠦᠬᠡᠳ ᠠᠰᠢᠭ ᠰᠠᠶᠢᠳᠠᠢ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠪᠠ ᠨᠡᠶᠢᠭᠡᠮ ᠤᠨ ᠬᠤᠪᠢ ᠨᠡᠮᠡᠷᠢ ᠳᠥᠷᠪᠡᠨ ᠲᠠᠯ᠎ᠠ ᠠᠴᠠ ᠶᠡᠷᠦᠩᠬᠡᠶᠢᠯᠡᠨ ᠦᠨᠡᠯᠡᠬᠦ ᠰᠢᠰᠲ᠋ᠧᠮ ᠎ ᠢ ᠪᠠᠶᠢᠭᠤᠯᠵᠤ᠂ ᠥᠪᠥᠷ ᠮᠣᠩᠭᠤᠯ ᠤᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ ᠢ ᠪᠤᠰᠤᠳᠴᠢ ᠪᠠᠷ ᠰᠤᠳᠤᠯᠤᠨ ᠮᠠᠭᠠᠳᠯᠠᠵᠤ᠂ ᠰᠠᠭᠤᠷᠢ ᠬᠤᠭᠤᠴᠠᠭ᠎ᠠ ᠨᠢ 2013 ᠣᠨ᠂ ᠰᠠᠭᠤᠷᠢ ᠪᠠᠷᠢᠮᠵᠢᠶᠠᠳᠤ ᠬᠡᠮᠵᠢᠭᠳᠡᠯ ᠨᠢ 100 ᠴᠡᠭ ᠪᠣᠯᠤᠨ᠎ᠠ᠃ ᠡᠷᠬᠢᠯᠳᠡ ᠶᠢᠨ ᠦᠷ᠎ᠡ ᠳ᠋ᠦᠩ ᠠᠴᠠ ᠦᠵᠡᠪᠡᠯ᠂ 2019 ᠣᠨ ᠤ ᠵᠢᠭᠠᠯᠲᠠ ᠲᠤᠭ᠎ᠠ 232.45 ᠴᠡᠭ ᠲᠤ ᠬᠦᠷᠴᠦ᠂ ᠰᠠᠭᠤᠷᠢ ᠬᠤᠭᠤᠴᠠᠭ᠎ᠠ ᠠᠴᠠ 132.45%᠎ ᠪᠠᠷ ᠳᠡᠭᠡᠭᠰᠢᠯᠡᠵᠦ᠂ ᠵᠢᠯ ᠳᠤᠮᠳᠠᠴᠢ ᠶᠢᠨ ᠨᠡᠶᠢᠯᠡᠮᠡᠯ ᠦᠰᠦᠯᠳᠡ ᠶᠢᠨ ᠨᠣᠷᠮ᠎ᠠ 15.09%᠎ ᠳᠤ ᠬᠦᠷᠴᠠᠢ᠂ ᠥᠪᠥᠷ ᠮᠣᠩᠭᠤᠯ ᠤᠨ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠳᠤᠬᠠᠢ ᠬᠠᠶᠢᠨ ᠰᠥᠪᠡᠭᠴᠢᠯᠡᠯᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠶᠡᠷᠦᠩᠬᠡᠶ ᠬᠥᠭᠵᠢᠯᠲᠡ ᠶᠢᠨ ᠪᠠᠶᠢᠳᠠᠯ ᠰᠠᠶᠢᠵᠢᠷᠠᠬᠤ ᠬᠠᠨᠳᠤᠰᠢ ᠲᠠᠢ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号