7 ᠰᠠᠷ᠎ᠠ ᠶᠢᠨ 27 ᠤ ᠡᠳᠦᠷ᠂ ︽ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠮᠣᠷᠢᠨ ᠤᠷᠤᠯᠳᠤᠭᠠᠨ︾ | ᠤ ᠰᠤᠨᠢᠨ ᠮᠡᠳᠡᠭᠡ ᠨᠠᠶᠢᠳᠠᠯᠠᠬᠦ ᠬᠤᠷᠠᠯ ᠬᠥᠬᠡᠬᠤᠳᠠ ᠳᠤ ᠶᠠᠪᠤᠬᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ᠂ | ᠦᠪᠡᠷᠲᠡᠭᠡᠨ ᠵᠠᠰᠠᠬᠤ ᠤᠷᠤᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠤᠯᠯᠠᠨ ᠡᠷᠭᠢᠯᠡᠭᠰᠡᠨ ︽ᠰᠦᠯᠵᠢᠶᠡᠨ ᠳᠡᠭᠡᠷᠡᠬᠢ ᠥᠪᠥᠷ | ᠮᠣᠩᠭᠤᠯ ᠤᠨ ᠮᠣᠷᠢᠨ ᠤᠷᠤᠯᠳᠤᠭᠠᠨ︾ 8 — 10 ᠰᠠᠷ᠎ᠠ ᠶᠢᠨ ᠬᠤᠭᠤᠷᠤᠨᠳᠤ ᠶᠠᠪᠤᠬᠳᠠᠵᠤ᠂ ᠴᠠᠭ ᠪᠠ ᠤᠷᠤᠨ | ᠵᠠᠢ ᠶᠢ ᠲᠤᠪᠴᠢᠯᠠᠭᠰᠠᠨ ᠢᠨᠲ᠋ᠧᠷ ᠰᠦᠯᠵᠢᠶ᠎ᠠ ᠪᠠᠷ ᠲᠠᠮᠵᠢᠨ ᠪᠦᠬᠦ᠋ᠢᠯᠡ ᠤᠷᠤᠯᠳᠤᠭᠠᠨ ᠤ ᠠᠬᠤᠢ ᠪᠠᠶᠢᠳᠠᠯ ᠢ ᠲᠠᠯᠠᠬᠡᠢ | ᠳ᠋ᠠᠬᠢᠨ ᠳᠤ ᠰᠢᠭᠤᠳ ᠨᠡᠪᠳᠡᠷᠡᠬᠦᠯᠬᠦ ᠪᠤᠯᠤᠨ᠎ᠠ᠃ | ︽ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠮᠣᠷᠢᠨ ᠤᠷᠤᠯᠳᠤᠭᠠᠨ︾ ᠪᠤᠯ ᠡᠨᠡ ᠵᠢᠯ ᠤᠨ | ︽ᠳᠤᠮᠳᠠᠳᠤ ᠤᠯᠤᠰ · ᠥᠪᠥᠷ ᠮᠣᠩᠭᠤᠯ ᠤᠨ ᠮᠣᠷᠢᠨ ᠤᠷᠤᠯᠳᠤᠭᠠᠨ︾ ᠪᠤᠯᠬᠤ ᠶᠤᠮ᠃ ︽ᠳᠤᠮᠳᠠᠳᠤ ᠤᠯᠤᠰ · | ᠥᠪᠥᠷ ᠮᠣᠩᠭᠤᠯ ᠤᠨ ᠮᠣᠷᠢᠨ ᠤᠷᠤᠯᠳᠤᠭᠠᠨ︾ ᠪᠣᠯ ᠮᠠᠨ ᠤ ᠣᠷᠣᠨ ᠤ ᠬᠦᠴᠦᠯᠡᠨ ᠴᠤᠭᠴᠠᠯᠠᠭᠰᠠᠨ ᠣᠯᠠᠨ | ᠤᠯᠤᠰ ᠤᠨ ᠴᠢᠨᠠᠷᠲᠠᠶ ᠮᠣᠷᠢᠨ ᠤᠷᠤᠯᠳᠤᠭᠠᠨ ᠤ ᠨᠠᠷᠠᠲᠤ ᠲᠦᠷᠦᠯ ᠲᠡᠮᠳᠡᠭ ᠪᠠᠶᠢᠵᠤ᠂ ᠠᠳᠤᠭᠤᠨ ᠤ ᠠᠵᠤ | ᠦᠢᠯᠡᠰ ᠤᠨ ᠬᠥᠭᠵᠢᠯᠲᠡ ᠶᠢ ᠠᠬᠢᠭᠤᠯᠤᠨ᠂ ᠤᠯᠤᠰ ᠲᠠᠶᠠᠭᠠᠷ ᠲᠤ ᠥᠨᠳᠤᠰᠤᠳᠠᠨ ᠤ ᠤᠨᠴᠠᠯᠢᠬ ᠢᠶᠠᠷ ᠪᠢᠯᠬᠠᠮ᠎ᠠ | ᠲᠠᠯ᠎ᠠ ᠨᠤᠲᠤᠭ ᠤᠨ ᠰᠣᠶᠣᠯ ᠢᠷᠭᠡᠨᠰᠢᠯ ᠢ ᠲᠡᠯᠭᠡᠨ ᠢᠯᠡᠷᠡᠬᠦᠯᠵᠠᠢ᠃ ︽ᠰᠦᠯᠵᠢᠶᠡᠨ ᠳᠡᠭᠡᠷᠡᠬᠢ ᠥᠪᠥᠷ | ᠮᠣᠩᠭᠤᠯ ᠤᠨ ᠮᠣᠷᠢᠨ ᠤᠷᠤᠯᠳᠤᠭᠠᠨ︾ 8 ᠰᠠᠷ᠎ᠠ ᠳᠤ ᠡᠬᠢᠯᠡᠭᠰᠡᠨ ᠤ ᠳᠠᠷᠠᠭ᠎ᠠ᠂ ᠪᠦᠬᠦ ᠤᠷᠤᠨ ᠤ ᠡᠯ᠎ᠠ ᠠᠶᠢᠮᠠᠭ | ᠬᠤᠳᠠ ᠳᠤ ᠦᠨᠳᠦᠰᠦᠲᠡᠨ ᠤ ᠤᠯᠠᠮᠵᠢᠯᠠᠯᠲᠤ ᠮᠤᠷᠢᠨ ᠤᠷᠤᠯᠳᠤᠭᠠᠨ᠂ ᠰᠠᠭᠠᠳ ᠳᠠᠪᠠᠭ᠋ᠤ ᠤᠷᠤᠯᠳᠤᠭᠠᠨ᠂ | ᠬᠤᠷᠳᠤᠨ ᠮᠤᠷᠢᠨ ᠤ ᠤᠷᠤᠯᠳᠤᠭᠠᠨ᠂ ᠮᠤᠷᠢᠨ ᠪᠥᠮᠪᠦᠭᠡ ᠶᠢᠨ ᠦᠵᠡᠭᠦᠯᠭᠡ ᠶᠢᠨ ᠤᠷᠤᠯᠳᠤᠭᠠᠨ᠂ ᠤᠯᠠᠮᠵᠢᠯᠠᠯᠲᠤ | ᠬᠤᠯᠠ ᠮᠤᠷᠢᠨ ᠤ ᠤᠷᠤᠯᠳᠤᠭᠠᠨ ᠵᠡᠷᠭᠡ 5 ᠶᠡᠭᠡ ᠲᠦᠷᠦᠯ ᠤᠨ 11 ᠲᠦᠷᠦᠯ ᠵᠦᠢᠯ᠂ 30 ᠰᠢᠬᠠᠮ ᠲᠠᠯᠠᠪᠤᠷ | ᠤᠷᠤᠯᠳᠤᠭᠠᠨ ᠶᠠᠪᠤᠬᠳᠠᠨ᠎ᠠ᠃ ᠡᠭᠦᠨ ᠤ ᠬᠠᠮᠲᠤ ᠪᠡᠶ᠎ᠡ ᠶᠢᠨ ᠲᠠᠮᠢᠷ ᠬᠢᠬᠡᠳ ᠵᠢᠭᠤᠯᠴᠢᠯᠠᠯ ᠢ ᠠᠭᠤᠰᠤᠯᠴᠠᠭᠤᠯᠬᠤ | ᠲᠣᠭᠤᠷᠢᠨ ᠳᠤ ᠡᠮᠨᠢᠭ ᠰᠤᠷᠭᠠᠬᠤ ᠤᠷᠤᠯᠳᠤᠭᠠᠨ ᠢ ᠵᠤᠬᠢᠶᠠᠨ ᠪᠠᠶᠢᠭᠤᠯᠤᠨ ᠶᠠᠪᠤᠬᠳᠠᠭᠤᠯᠵᠥ᠂ 11 ᠠᠶᠢᠮᠠᠭ | ᠬᠤᠲᠠ ᠶᠢᠨ 24 ᠬᠤᠰᠢᠭᠤ ᠰᠢᠶᠠᠨ ᠤ 1000 ᠭᠠᠷᠤᠶ ᠲᠠᠮᠢᠷᠴᠢᠨ ᠪᠣᠯᠤᠨ ᠬᠡᠳᠦᠨ ᠮᠢᠩᠭᠠᠨ ᠮᠤᠷᠢ | ᠤᠷᠤᠯᠳᠤᠭᠠᠨ ᠤ ᠠᠬᠤᠢ ᠲᠠᠯᠠᠪᠠᠢ ᠳᠤ ᠭᠠᠷᠬᠤ ᠪᠤᠯᠤᠨ᠎ᠠ᠃ ᠮᠠᠨ ᠤ ᠤᠷᠤᠨ ᠰᠦᠯᠵᠢᠶᠡᠨ ᠤ ᠰᠢᠭᠤᠳ | ᠨᠡᠪᠳᠡᠷᠡᠬᠦᠯᠬᠡ ᠪᠠᠷ ᠲᠠᠮᠵᠢᠨ ︽ᠰᠦᠯᠵᠢᠶᠡᠨ ᠳᠡᠭᠡᠷᠡᠬᠢ ᠥᠪᠥᠷ ᠮᠣᠩᠭᠤᠯ ᠤᠨ ᠮᠣᠷᠢᠨ ᠤᠷᠤᠯᠳᠤᠭᠠᠨ︾ ᠢ | ᠦᠵᠡᠭᠴᠢ ᠤᠯᠠᠨ ᠳᠤ ᠡᠷᠬᠦᠨ ᠲᠡᠪᠰᠢᠬᠦᠯᠬᠦ ᠶᠢᠨ ᠬᠠᠮᠳᠤ ᠪᠤᠰᠢᠭᠤ ᠭᠠᠷ᠂ ᠴᠤᠤᠷᠢᠶ᠎ᠠ ᠵᠡᠷᠭᠡ ᠲᠠᠪᠴᠠᠩ ᠢᠶᠠᠷ ᠸᠢᠳᠢᠣ᠋ | ᠤᠬᠠᠭᠤᠯᠭ᠎ᠠ ᠶᠢᠨ ᠠᠵᠢᠯᠯᠠᠭ᠎ᠠ ᠥᠷᠨᠢᠬᠦᠯᠵᠥ᠂ ᠦᠪᠤᠷ ᠮᠤᠩᠭᠤᠯ ᠤᠨ ᠠᠳᠤᠭᠤᠨ ᠤ ᠠᠵᠤ ᠦᠢᠯᠡᠰ ᠤᠨ | ᠬᠥᠭᠵᠢᠯᠲᠡ ᠶᠢ ᠪᠦᠬᠦ ᠲᠠᠯ᠎ᠠ ᠪᠠᠷ ᠲᠠᠨᠢᠯᠴᠠᠭᠤᠯᠬᠤ ᠪᠤᠯᠤᠨ᠎ᠠ᠃ | |