ᠲᠤᠮᠳᠠ ᠪᠠᠭ᠎ᠠ ᠠᠵᠤ ᠠᠬᠤᠢᠢᠯᠠᠯ ᠤᠨ ᠬᠤᠪᠢᠴᠠᠭ᠎ᠠ ᠰᠢᠯᠵᠢᠬᠦᠯᠤᠨ ᠦᠭᠬᠦ ᠰᠢᠰᠲ᠋ᠧᠮ ᠤᠨ ᠨᠠᠷᠢᠯᠢᠭ ᠰᠤᠩᠭᠤᠬᠤ ᠲᠠᠪᠬᠤᠷᠭ᠎ᠠ ᠪᠠᠶᠢᠭᠤᠯᠬᠤ ᠵᠢᠴᠢ ᠳ᠋ᠠ ᠲᠠᠩ ᠡᠮ ᠤᠨ ᠦᠢᠯᠡᠰ ᠤᠨ ᠫᠠᠶᠢᠰᠠ ᠡᠯᠬᠦᠭᠦ ᠶᠤᠰᠤᠯᠠᠯ ᠶᠠᠪᠤᠬᠳᠠᠪᠠ  ᠸᠠᠩ ᠯᠢ ᠰᠢᠶᠠ ᠶᠤᠰᠤᠯᠠᠯ ᠳᠤ ᠤᠷᠤᠯᠴᠠᠵᠤ ᠬᠤᠸᠠᠩ ᡁᠢ ᠴᠢᠶᠠᠩ ᠶᠡᠷᠢᠶ᠎ᠡ ᠲᠠᠯᠪᠢᠵᠠᠢ
ᠨᠡᠶᠢᠲᠡᠯᠡᠭᠰᠡᠨ ᠴᠠᠭ᠄
2020/7/29
     7 ᠰᠠᠷ᠎ᠡ ᠶᠢᠨ 27᠎ ᠤ ᠡᠳᠦᠷ᠂ ᠲᠤᠮᠳᠠ ᠪᠠᠭ᠎ᠠ ᠠᠵᠤ ᠠᠬᠤᠢᠢᠯᠠᠯ ᠤᠨ ᠬᠤᠪᠢᠴᠠᠭ᠎ᠠ ᠰᠢᠯᠵᠢᠬᠦᠯᠤᠨ ᠦᠭᠬᠦ ᠰᠢᠰᠲ᠋ᠧᠮ ᠤᠨ ᠨᠠᠷᠢᠯᠢᠭ ᠰᠤᠩᠭᠤᠬᠰᠡᠨ ᠲᠠᠪᠬᠤᠷᠭ᠎ᠠ ᠪᠠᠶᠢᠭᠤᠯᠬᠤ ᠵᠢᠴᠢ ᠳ᠋ᠠ ᠲᠠᠩ ᠡᠮ ᠤᠨ ᠦᠢᠯᠡᠰ ᠤᠨ ᠫᠠᠶᠢᠰᠠ ᠡᠯᠬᠦᠬᠦ ᠶᠤᠰᠤᠯᠠᠯ ᠦᠪᠤᠷ ᠮᠤᠩᠭᠤᠯ ᠤᠨ ᠰᠲ᠋ᠤᠺ ᠤᠨ ᠡᠷᠭᠡ ᠶᠢ ᠠᠷᠠᠯᠵᠢᠶᠠᠯᠠᠬᠤ ᠲᠦᠪ ᠲᠤ ᠶᠠᠪᠤᠬᠳᠠᠵᠤ᠂ ᠦᠪᠤᠷ ᠮᠤᠩᠭᠤᠯ ᠤᠨ ᠳ᠋ᠠ ᠲᠠᠩ ᠡᠮ ᠤᠨ ᠦᠢᠯᠡᠰ ᠤᠨ ᠬᠤᠪᠢᠴᠠᠭᠠᠳᠤ ᠬᠢᠵᠠᠭᠠᠷᠳᠤ ᠺᠤᠮᠫᠠᠨᠢ ᠲᠤᠮᠳᠠ ᠪᠠᠭ᠎ᠠ ᠠᠵᠤ ᠠᠬᠤᠢᠢᠯᠠᠯ ᠤᠨ ᠬᠤᠪᠢᠴᠠᠭ᠎ᠠ ᠰᠢᠯᠵᠢᠬᠦᠯᠤᠨ ᠦᠭᠬᠦ ᠰᠢᠰᠲ᠋ᠧᠮ ᠤᠨ ᠨᠠᠷᠢᠯᠢᠭ ᠰᠤᠩᠭᠤᠬᠰᠡᠨ ᠲᠠᠪᠬᠤᠷᠭ᠎ᠠ ᠳᠤ ᠠᠮᠵᠢᠯᠳᠠᠳᠠᠢ ᠪᠠᠷ ᠲᠠᠪᠰᠢᠵᠤ᠂ ᠦᠪᠤᠷ ᠮᠤᠩᠭᠤᠯ ᠤᠨ ᠠᠩᠬᠠᠳᠠᠬᠴᠢ ᠲᠤᠮᠳᠠ ᠪᠠᠭ᠎ᠠ ᠠᠵᠤ ᠠᠬᠤᠢᠢᠯᠠᠯ ᠤᠨ ᠬᠤᠪᠢᠴᠠᠭ᠎ᠠ ᠰᠢᠯᠵᠢᠬᠦᠯᠤᠨ ᠦᠭᠬᠦ ᠰᠢᠰᠲ᠋ᠧᠮ ᠤᠨ ᠨᠠᠷᠢᠯᠢᠭ ᠰᠤᠩᠭᠤᠬᠰᠡᠨ ᠲᠠᠪᠬᠤᠷᠭ᠎ᠠ ᠳᠤ ᠫᠠᠶᠢᠰᠠ ᠡᠯᠬᠦᠭᠰᠡᠨ ᠠᠵᠤ ᠠᠬᠤᠢᠢᠯᠠᠯ ᠪᠤᠯᠤᠬᠰᠡᠨ ᠪᠦᠭᠡᠳ ᠪᠠᠰᠠ ᠪᠦᠬᠦ ᠤᠯᠤᠰ ᠤᠨ ᠲᠦᠷᠦᠬᠦᠤ ᠪᠦᠯᠦᠭ ᠲᠤᠮᠳᠠ ᠪᠠᠭ᠎ᠠ ᠠᠵᠤ ᠠᠬᠤᠢᠢᠯᠠᠯ ᠤᠨ ᠬᠤᠪᠢᠴᠠᠭ᠎ᠠ ᠰᠢᠯᠵᠢᠬᠦᠯᠤᠨ ᠦᠭᠬᠦ ᠰᠢᠰᠲ᠋ᠧᠮ ᠤᠨ ᠨᠠᠷᠢᠯᠢᠭ ᠰᠤᠩᠭᠤᠬᠤ ᠲᠠᠪᠬᠤᠷᠭ᠎ᠠ ᠶᠢᠨ ᠫᠠᠶᠢᠰᠠ ᠡᠯᠬᠦᠭᠰᠡᠨ ᠠᠵᠤ ᠠᠬᠤᠢᠢᠯᠠᠯ ᠤᠨ ᠨᠢᠭᠡ ᠪᠤᠯᠪᠠ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠬᠦᠭᠡᠬᠤᠳᠠ ᠶᠢᠨ ᠨᠠᠮ ᠎ ᠤᠨ ᠬᠤᠷᠢᠶᠠᠨ ᠤ ᠱᠦᠵᠢ ᠸᠠᠩ ᠯᠢ ᠰᠢᠶᠠ ᠫᠠᠶᠢᠰᠠ ᠡᠯᠬᠦᠬᠦ ᠶᠤᠰᠤᠯᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠬᠤᠸᠠᠩ ᡁᠢ ᠴᠢᠶᠠᠩ ᠶᠤᠰᠤᠯᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃      ᠬᠤᠸᠠᠩ ᡁᠢ ᠴᠢᠶᠠᠩ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ ᠲᠡᠯᠭᠡᠬᠦᠷ ᠲᠤ ᠭᠠᠷᠭᠠᠬᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠢᠮᠠᠬᠳᠠ ᠲᠡᠬᠦᠨ ᠢ ᠬᠤᠳᠠᠯᠳᠤᠭ᠎ᠠ ᠡᠵᠡᠩᠨᠡᠬᠦ ᠤᠷᠴᠢᠨ ᠢ ᠰᠠᠶᠢᠵᠢᠷᠠᠭᠤᠯᠬᠤ ᠶᠢᠨ ᠰᠢᠯᠭᠠᠭᠤᠷ᠂ ᠵᠠᠬ᠎ᠠ ᠲᠡᠯᠭᠡᠬᠦᠷ ᠤᠨ ᠭᠤᠤᠯ ᠴᠤᠬᠴᠠ ᠶᠢ ᠬᠦᠭᠵᠢᠭᠡᠬᠦ ᠬᠦᠳᠡᠯᠭᠡᠬᠦ ᠬᠦᠴᠤᠨ᠂ ᠠᠵᠤ ᠦᠢᠯᠡᠰ ᠤᠨ ᠬᠡᠯᠬᠢᠶ᠎ᠡ ᠶᠢᠨ ᠲᠦᠪᠰᠢᠨ ᠢ ᠲᠡᠭᠡᠭᠰᠢᠯᠡᠬᠦᠯᠬᠦ ᠶᠢᠨ ᠰᠢᠪᠳᠤᠯᠤᠯᠳᠠ ᠶᠢᠨ ᠴᠡᠭ ᠪᠤᠯᠭᠠᠬᠰᠠᠭᠠᠷ ᠢᠷᠠᠵᠠᠢ᠃ ᠵᠢᠯ ᠤᠨ ᠡᠬᠢᠨ ᠠᠴᠠ ᠨᠠᠭᠠᠰᠢ᠂ ᠤᠷᠤᠨ ᠲᠠᠶᠠᠭᠠᠷ ᠢᠶᠠᠨ ᠤᠨᠤᠴᠠᠳᠠᠢ ᠬᠦᠴᠤᠯᠠᠵᠤ᠂ ᠲᠠᠪᠴᠠᠩ ᠪᠠᠶᠢᠭᠤᠯᠤᠨ᠂ ᠨᠦᠬᠦᠴᠡᠯ ᠡᠬᠦᠳᠴᠤ᠂ ᠨᠢᠭᠡ ᠠᠵᠤ ᠠᠬᠤᠢᠢᠯᠠᠯ ᠳᠤ ᠨᠢᠭᠡ ᠠᠷᠭ᠎ᠠ ᠪᠤᠳᠤᠯᠭ᠎ᠠ ᠭᠡᠷᠡᠭᠵᠢᠬᠦᠯᠤᠨ᠂ ᠦᠢᠯᠡᠴᠢᠯᠡᠭᠡ ᠪᠠᠨ ᠰᠢᠯᠢᠳᠡᠭᠵᠢᠬᠦᠯᠵᠤ᠂ ᠰᠢᠯᠢᠳᠡᠭ ᠠᠵᠤ ᠠᠬᠤᠢᠢᠯᠠᠯ ᠤᠳ ᠤᠨ ᠬᠦᠷᠤᠩᠭᠡ ᠶᠢᠨ ᠵᠠᠬ᠎ᠠ ᠲᠡᠯᠭᠡᠬᠦᠷ ᠲᠤ ᠤᠷᠤᠬᠤ ᠶᠢ ᠪᠤᠶᠢᠵᠢᠭᠤᠯᠤᠨ ᠠᠬᠢᠭᠤᠯᠬᠤ ᠳᠤ ᠢᠯᠡᠳᠳᠠ ᠦᠷ᠎ᠡ ᠪᠦᠳᠦᠮᠵᠢ ᠤᠯᠵᠠᠢ ᠭᠡᠵᠤ ᠵᠢᠭᠠᠵᠤ ᠭᠠᠷᠭᠠᠪᠠ᠃      ᠬᠤᠸᠠᠩ ᡁᠢ ᠴᠢᠶᠠᠩ᠂ ᠬᠦᠭᠡᠬᠤᠳᠠ ᠶᠢᠨ ᠬᠢᠨ ᠺᠤᠮᠫᠠᠨᠢ ᠶᠢᠨ ᠰᠲ᠋ᠤᠺ ᠢᠶᠠᠨ ᠵᠠᠬ᠎ᠠ ᠲᠡᠯᠭᠡᠬᠦᠷ ᠲᠤ ᠭᠠᠷᠭᠠᠬᠤ ᠶᠢ ᠠᠬᠢᠭᠤᠯᠬᠤ ᠲᠤᠷᠰᠢᠯᠭ᠎ᠠ ᠪᠠᠨ ᠨᠠᠷᠢᠨ ᠬᠢᠨᠠᠮᠠᠭᠠᠢ ᠳ᠋ᠦᠡᠭᠨᠡᠨ᠂ ᠠᠵᠢᠯ ᠤᠨ ᠲᠤᠬᠳᠠᠴᠠ ᠪᠠ ᠬᠡᠪ ᠵᠠᠬᠪᠤᠷ ᠎ ᠢ ᠪᠦᠷᠢᠯᠳᠦᠬᠦᠯᠵᠤ᠂ ᠨᠡᠩ ᠤᠯᠠᠨ ᠰᠢᠯᠢᠳᠡᠭ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ ᠲᠡᠯᠭᠡᠬᠦᠷ ᠲᠤ ᠭᠠᠷᠭᠠᠬᠤ ᠶᠢ ᠪᠤᠶᠢᠵᠢᠭᠤᠯᠤᠨ ᠠᠬᠢᠭᠤᠯᠵᠤ᠂ ᠪᠦᠬᠦ ᠤᠷᠤᠨ ᠤ ᠬᠦᠷᠤᠩᠭᠡ ᠶᠢᠨ ᠵᠠᠬ᠎ᠠ ᠲᠡᠯᠭᠡᠬᠦᠷ ᠤᠨ ᠬᠦᠭᠵᠢᠯᠳᠠ ᠎ ᠶᠢ ᠲᠠᠶᠢᠴᠢᠯᠠᠬᠤ ᠭᠡᠷᠡᠭᠳᠠᠢ᠃ ᠡᠯ᠎ᠡ ᠱᠠᠳᠤᠨ ᠤ ᠵᠠᠰᠠᠭ ᠤᠨ ᠤᠷᠳᠤᠨ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠵᠠᠭᠤᠴᠢ ᠪᠠᠶᠢᠭᠤᠯᠤᠮᠵᠢ ᠶᠢᠨ ᠬᠢᠨ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠦᠢᠯᠡᠴᠢᠯᠡᠭᠡ ᠶᠢᠨ ᠶᠠᠰᠤ ᠴᠢᠨᠠᠷ ᠦᠷ᠎ᠡ ᠪᠦᠳᠦᠮᠵᠢ ᠪᠠᠨ ᠲᠡᠭᠡᠭᠰᠢᠯᠡᠬᠦᠯᠤᠨ᠂ ᠰᠠᠶᠢᠨ ᠰᠠᠶᠢᠬᠠᠨ ᠤᠷᠴᠢᠨ ᠲᠤᠭᠤᠷᠢᠨ ᠢ ᠡᠬᠦᠳᠴᠤ᠂ ᠠᠵᠤ ᠠᠬᠤᠢᠢᠯᠠᠯ ᠤᠨ ᠰᠲ᠋ᠤᠺ ᠢᠶᠠᠨ ᠵᠠᠬ᠎ᠠ ᠲᠡᠯᠭᠡᠬᠦᠷ ᠲᠤ ᠭᠠᠷᠭᠠᠬᠤ ᠶᠢ ᠪᠦᠬᠦ ᠬᠦᠴᠤᠨ ᠢᠶᠠᠷ ᠢᠶᠠᠨ ᠠᠬᠢᠭᠤᠯᠬᠤ ᠭᠡᠷᠡᠭᠳᠠᠢ᠃ ᠤᠷᠤᠨ ᠤ ᠲᠤᠳᠤᠭᠠᠳᠤ ᠶᠢᠨ ᠰᠢᠯᠢᠳᠡᠭ ᠠᠵᠤ ᠠᠬᠤᠢᠢᠯᠠᠯ ᠤᠨ ᠬᠢᠨ ᠰᠲ᠋ᠤᠺ ᠤᠨ ᠡᠷᠭᠡ ᠶᠢᠨ ᠬᠤᠪᠢᠶᠠᠷᠢᠯᠠᠯᠳᠠ ᠶᠢᠨ ᠦᠭᠡᠷᠡᠴᠢᠯᠡᠯᠳᠠ ᠶᠢᠨ ᠠᠬᠢᠴᠠ ᠪᠠᠨ ᠲᠦᠷᠭᠡᠳᠭᠡᠨ᠂ ᠬᠦᠷᠤᠩᠭᠡ ᠶᠢᠨ ᠵᠠᠬ᠎ᠠ ᠲᠡᠯᠭᠡᠬᠦᠷ ᠤᠨ ᠦᠭᠡᠷᠡᠴᠢᠯᠡᠯᠳᠠ ᠶᠢ ᠬᠦᠨᠵᠡᠭᠡᠶᠢᠷᠠᠬᠦᠯᠬᠦ ᠠᠵᠠ ᠲᠤᠬᠢᠶᠠᠯ ᠤᠨ ᠬᠤᠭᠤᠴᠠᠭ᠎ᠠ ᠪᠠ ᠴᠤᠩᠬᠤᠪᠴᠢ ᠶᠢᠨ ᠬᠤᠭᠤᠴᠠᠭ᠎ᠠ ᠶᠢ ᠴᠢᠩᠭ᠎ᠠ ᠠᠳᠬᠤᠵᠤ᠂ ᠬᠦᠷᠤᠩᠭᠡ ᠶᠢᠨ ᠵᠠᠬ᠎ᠠ ᠲᠡᠯᠭᠡᠬᠦᠷ ᠲᠤ ᠤᠷᠤᠬᠤ ᠠᠬᠢᠴᠠ ᠪᠠᠨ ᠲᠦᠷᠭᠡᠳᠭᠡᠬᠦ ᠭᠡᠷᠡᠭᠳᠠᠢ ᠭᠡᠵᠤ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号