ᠥᠪᠥᠷ ᠮᠣᠩᠭᠤᠯ ᠤᠨ ᠠᠵᠢᠯ ᠤᠨ ᠬᠠᠷᠠᠭ᠎ᠠ ᠠᠴᠠ ᠪᠣᠯᠤᠭᠰᠠᠨ ᠰᠢᠷᠬᠠᠲᠤᠯ ᠤᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠳᠠᠯ ᠥᠬᠡᠶ ᠰᠦᠯᠵᠢᠶᠡᠨ ᠳᠤ ᠭᠠᠷᠬᠤ ᠪᠠᠷ ᠪᠣᠢ
ᠨᠡᠶᠢᠲᠡᠯᠡᠭᠰᠡᠨ ᠴᠠᠭ᠄
2020/7/30
     7 ᠳ᠋ᠤᠭᠠᠷ ᠰᠠᠷ᠎ᠠ ᠶᠢᠨ 28᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ︽ᠪᠥᠬᠦ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ︿ᠨᠢᠭᠡ ᠰᠦᠯᠵᠢᠶ᠎ᠡ ᠨᠢᠭᠡ ᠡᠭᠦᠳᠡ ᠨᠢᠭᠡ ᠯᠡ ᠤᠳᠠᠭ᠎ᠠ﹀᠎ ᠶᠢᠨ ᠥᠭᠡᠷᠡᠴᠢᠯᠡᠯᠲᠡ ᠶᠢᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠲᠥᠰᠦᠯ︾ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠬᠠᠷᠠᠭ᠎ᠠ ᠠᠴᠠ ᠪᠣᠯᠤᠭᠰᠠᠨ ᠰᠢᠷᠬᠠᠲᠤᠯ ᠤᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠠᠵᠢᠯ ᠢ 2019 ᠣᠨ ᠤ 10 ᠳ᠋ᠤᠭᠠᠷ ᠰᠠᠷ᠎ᠠ ᠳᠤ ᠡᠬᠢᠯᠡᠭᠦᠯᠵᠦ᠂ 2020 ᠣᠨ ᠤ 7 ᠳ᠋ᠤᠭᠠᠷ ᠰᠠᠷ᠎ᠠ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤ ᠶᠢ ᠪᠠᠭᠲᠠᠭᠠᠭᠰᠠᠨ 9 ᠠᠶᠢᠮᠠᠭ ᠬᠤᠲᠠ ᠨᠢᠭᠡᠨᠲᠡ ᠰᠦᠯᠵᠢᠶᠡᠨ ᠳᠤ ᠭᠠᠷᠬᠤ ᠪᠠᠷ ᠭᠤᠶᠤᠴᠢᠯᠠᠵᠤ᠂ ᠡᠭᠦᠨ ᠳᠤ ᠰᠢᠯᠢ ᠶᠢᠨ ᠭᠤᠤᠯ ᠠᠶᠢᠮᠠᠭ ᠤᠨ ᠬᠢ ᠰᠦᠯᠵᠢᠶᠡᠨ ᠳᠤ ᠭᠠᠷᠬᠤ ᠪᠠᠷ ᠪᠡᠯᠡᠬᠡᠨ ᠪᠣᠯᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠵᠢᠴᠢ ᠲᠥᠬᠦᠭᠡᠷᠦᠮᠵᠢ ᠶᠢᠨ ᠲᠣᠬᠢᠷᠠᠭᠤᠯᠤᠯᠲᠠ ᠨᠢ ᠪᠠᠷᠢᠮᠵᠢᠶ᠎ᠠ ᠳᠤ ᠨᠡᠶᠢᠴᠡᠵᠦ᠂ 8 ᠳ᠋ᠤᠭᠠᠷ ᠰᠠᠷ᠎ᠠ ᠶᠢᠨ 1᠎ ᠤ ᠡᠳᠦᠷ ᠵᠢᠩᠬᠢᠨᠢ ᠪᠠᠷ ᠰᠦᠯᠵᠢᠶᠡᠨ ᠳᠤ ᠭᠠᠷᠬᠤ ᠪᠠᠷ ᠲᠥᠯᠥᠪᠯᠡᠨ᠂ ᠪᠦᠬᠦ ᠣᠷᠣᠨ ᠤ ᠠᠩᠬᠠᠳᠠᠭᠴᠢ ᠠᠵᠢᠯ ᠠᠴᠠ ᠪᠣᠯᠤᠭᠰᠠᠨ ᠰᠢᠷᠬᠠᠲᠤᠯ ᠤᠨ ᠳᠠᠭᠠᠳᠬᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠰᠦᠯᠵᠢᠶᠡᠨ ᠳᠤ ᠭᠠᠷᠭᠠᠭᠰᠠᠨ ᠭᠠᠵᠠᠷ ᠣᠷᠣᠨ ᠪᠣᠯᠬᠤ ᠪᠦᠭᠡᠳ ᠪᠤᠰᠤᠳ ᠠᠶᠢᠮᠠᠭ ᠬᠤᠲᠠ ᠴᠤ ᠢᠳᠡᠪᠬᠢᠲᠡᠢ ᠪᠡᠯᠡᠳᠬᠡᠯ ᠬᠢᠵᠦ ᠪᠠᠶᠢᠨ᠎ᠠ᠃      ᠣᠶᠢᠯᠠᠭᠠᠭᠰᠠᠨ ᠢᠶᠠᠷ᠂ ᠪᠦᠬᠦ ᠣᠷᠣᠨ ᠤ ᠠᠵᠢᠯ ᠤᠨ ᠬᠠᠷᠠᠭ᠎ᠠ ᠠᠴᠠ ᠪᠣᠯᠤᠭᠰᠠᠨ ᠰᠢᠷᠬᠠᠲᠤᠯ ᠤᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠡᠨᠡ ᠵᠢᠯ ᠤᠨ 11 ᠳ᠋ᠦ᠋ᠭᠡᠷ ᠰᠠᠷ᠎ᠠ ᠶᠢᠨ ᠰᠡᠭᠦᠯᠴᠢ ᠳᠤ ᠰᠦᠯᠵᠢᠶᠡᠨ ᠳᠡᠭᠡᠷ᠎ᠡ ᠠᠵᠢᠯᠯᠠᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ 12 ᠳ᠋ᠤᠭᠠᠷ ᠰᠠᠷ᠎ᠠ ᠳᠤ ᠲᠣᠭᠲᠠᠭᠤᠨ ᠠᠵᠢᠯᠯᠠᠭᠠᠨ ᠤ ᠬᠤᠭᠤᠴᠠᠭᠠᠨ ᠳᠤ ᠪᠠᠨ ᠣᠷᠣᠵᠣ᠂ 2021 ᠣᠨ ᠤ 1 ᠳ᠋ᠦ᠋ᠭᠡᠷ ᠰᠠᠷ᠎ᠠ ᠠᠴᠠ ᠡᠬᠢᠯᠡᠨ ᠪᠥᠬᠦ ᠣᠷᠣᠨ ᠳᠤ ᠨᠢᠭᠡᠳᠦᠯᠲᠡᠶ ᠠᠵᠢᠯ ᠠᠴᠠ ᠪᠣᠯᠤᠭᠰᠠᠨ ᠰᠢᠷᠬᠠᠲᠤᠯ ᠤᠨ ᠳᠠᠭᠠᠳᠬᠠᠯ ᠤᠨ ᠰᠢᠰᠲ᠋ᠧᠮ ᠢ ᠬᠡᠷᠡᠭᠯᠡᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠣᠯᠣᠨ᠎ᠠ᠃ ᠲᠤᠬᠠᠶ ᠶᠢᠨ ᠦᠶ᠎ᠡ ᠳᠤ᠂ ᠭᠠᠷ ᠠᠵᠢᠯᠯᠠᠭ᠎ᠠ ᠪᠠ ᠮᠠᠰᠢᠨᠲᠤ ᠪᠣᠰᠤ ᠠᠵᠢᠯᠯᠠᠭ᠎ᠠ ᠶᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠵᠤ᠂ ᠠᠵᠢᠯ ᠤᠨ ᠬᠠᠷᠠᠭ᠎ᠠ ᠠᠴᠠ ᠪᠣᠯᠤᠭᠰᠠᠨ ᠰᠢᠷᠬᠠᠲᠤᠯ ᠢ ᠮᠠᠭᠠᠳᠯᠠᠨ ᠲᠣᠭᠲᠠᠭᠠᠬᠤ᠂ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠪᠠ ᠣᠯᠭᠤᠮᠵᠢ ᠣᠯᠭᠤᠬᠤ ᠲᠤᠬᠠᠶᠢᠯᠠᠭᠰᠠᠨ ᠠᠵᠢᠯ ᠤᠨ ᠪᠦᠬᠦ ᠶᠠᠪᠤᠴᠠ ᠶᠢ ᠴᠠᠭ ᠲᠤᠬᠠᠶ ᠳᠤ ᠨᠢ ᠲᠡᠮᠳᠡᠭᠯᠡᠬᠦ᠂ ᠴᠠᠭ ᠲᠤᠬᠠᠶ ᠳᠤ ᠨᠢ ᠰᠣᠯᠢᠯᠴᠠᠬᠤ᠂ ᠬᠠᠷᠢᠯᠴᠠᠨ ᠬᠢᠨᠠᠨ ᠰᠢᠯᠭᠠᠬᠤ᠂ ᠲᠦᠢᠯ ᠤᠨ ᠣᠨᠣᠪᠴᠢᠲᠠᠶ ᠪᠠᠷ ᠬᠠᠮᠢᠶᠠᠷᠬᠤ ᠪᠣᠯᠭᠠᠵᠤ᠂ ︽ᠲᠤᠭ᠎ᠠ ᠪᠠᠷᠢᠮᠲᠠ ᠶᠢ ᠢᠯᠡᠭᠦᠤ ᠭᠦᠶᠦᠯᠭᠡᠬᠦ᠂ ᠣᠯᠠᠨ ᠲᠦᠮᠡᠨ ᠢ ᠳᠤᠲᠠᠭᠤ ᠭᠦᠶᠦᠯᠭᠡᠬᠦ︾ ᠬᠠᠷᠠᠯᠲᠠ ᠶᠢ ᠦᠨᠡᠨ ᠬᠦ ᠪᠡᠶᠡᠯᠡᠭᠦᠯᠵᠦ᠂ ᠥᠷᠭᠡᠨ ᠣᠯᠠᠨ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯ ᠤᠨ ᠬᠠᠷᠠᠭ᠎ᠠ ᠠᠴᠠ ᠪᠣᠯᠵᠤ ᠰᠢᠷᠬᠠᠲᠤᠭᠰᠠᠨ ᠠᠵᠢᠯᠲᠠᠨ ᠠᠵᠢᠯᠴᠢᠨ ᠳᠤ ᠲᠥᠷᠭᠡᠨ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号