ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ︽ᠶᠠᠳᠠᠭᠤ ᠬᠦᠴᠢᠷᠳᠡᠯᠳᠠᠢ ᠶᠢ ᠢᠯᠭᠠᠨ ᠲᠤᠭᠳᠠᠭᠠᠬᠤ ᠪᠠ ᠶᠠᠳᠠᠭᠤ ᠬᠦᠴᠢᠷᠳᠡᠯᠳᠠᠢ ᠶᠢ ᠠᠪᠤᠷᠠᠨ ᠲᠤᠰᠠᠯᠠᠬᠤ ᠪᠠᠶᠢᠩᠭᠤᠵᠢᠬᠰᠠᠠ ᠲᠤᠭᠳᠠᠴᠠ ᠶᠢ ᠪᠠᠶᠢᠭᠤᠯᠬᠤ︾ ᠲᠤᠰᠬᠠᠢ ᠰᠡᠳᠤᠪᠳᠤ ᠵᠦᠪᠳᠡᠯᠴᠡᠬᠡᠨ ᠤ ᠬᠤᠷᠡᠯ ᠬᠤᠷᠡᠯᠳᠤᠭᠤᠯᠪᠠ  ᠡᠸᠥ ᠶᠠᠩ ᠰᠢᠶᠤᠤ ᠬᠤᠢ ᠶᠠᠷᠢᠶ᠎ᠠ ᠲᠠᠯᠪᠢᠵᠥ ᠯᠢᠦ ᠰᠢᠨ ᠯᠧ ᠬᠤᠷᠡᠯ ᠢ ᠡᠷᠬᠢᠯᠡᠵᠡᠢ
ᠨᠡᠶᠢᠲᠡᠯᠡᠭᠰᠡᠨ ᠴᠠᠭ᠄
2020/7/30
     7 ᠰᠠᠷ᠎ᠠ ᠶᠢᠨ 28᠎ ᠤ ᠦᠳᠡ ᠶᠢᠨ ᠡᠮᠤᠨ᠎ᠡ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ︽ᠶᠠᠳᠠᠭᠤ ᠬᠦᠴᠢᠷᠳᠡᠯᠳᠠᠢ ᠶᠢ ᠢᠯᠭᠠᠨ ᠲᠤᠭᠳᠠᠭᠠᠬᠤ ᠪᠠ ᠶᠠᠳᠠᠭᠤ ᠬᠦᠴᠢᠷᠳᠡᠯᠳᠠᠢ ᠶᠢ ᠠᠪᠤᠷᠠᠨ ᠲᠤᠰᠠᠯᠠᠬᠤ ᠪᠠᠶᠢᠩᠭᠤᠵᠢᠬᠰᠠᠠ ᠲᠤᠭᠳᠠᠴᠠ ᠶᠢ ᠪᠠᠶᠢᠭᠤᠯᠬᠤ︾ ᠲᠤᠰᠬᠠᠢ ᠰᠡᠳᠤᠪᠳᠤ ᠵᠦᠪᠳᠡᠯᠴᠡᠬᠡᠨ ᠤ ᠬᠤᠷᠡᠯ ᠬᠤᠷᠡᠯᠳᠤᠭᠤᠯᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠡᠸᠥ ᠶᠠᠩ ᠰᠢᠶᠤᠤ ᠬᠤᠢ ᠬᠤᠷᠡᠯ ᠳᠤ ᠤᠷᠤᠯᠴᠠᠨ ᠶᠠᠷᠢᠶ᠎ᠠ ᠲᠠᠯᠪᠢᠵᠥ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠯᠢᠦ ᠰᠢᠨ ᠯᠧ ᠬᠤᠷᠡᠯ ᠢ ᠡᠷᠬᠢᠯᠡᠪᠡ᠃      ᠬᠤᠷᠡᠯ ᠲᠡᠬᠡᠷ᠎ᠡ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠦᠨᠳᠦᠰᠦᠳᠡᠨ ᠪᠤᠯᠤᠨ ᠱᠠᠰᠢᠨ ᠰᠤᠷᠳᠠᠬᠤᠨ ᠤ ᠵᠦᠪᠯᠡᠯ ᠤᠨ ᠬᠠᠷᠢᠭᠤᠴᠠᠯᠭᠠᠳᠠᠨ ᠠᠴᠠ ᠵᠦᠪᠳᠡᠯᠴᠡᠬᠦ ᠭᠤᠤᠯ ᠰᠡᠳᠤᠪ ᠤᠨ ᠬᠠᠮᠢᠶ᠎ᠠ ᠪᠦᠬᠦᠢ ᠪᠠᠶᠢᠳᠠᠯ ᠤᠨ ᠲᠤᠬᠠᠢ ᠲᠤᠳᠤᠷᠬᠠᠢᠢᠯᠠᠯᠳᠡ ᠬᠢᠵᠥ᠂ ᠦᠪᠡᠷᠳᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠬᠦ ᠨᠡᠬᠡᠬᠡᠯᠳᠡ ᠶᠢᠨ ᠠᠯᠪᠠᠨ ᠬᠡᠷ᠂ ᠠᠷᠠᠳ ᠤᠨ ᠶᠠᠪᠤᠳᠠᠯ ᠤᠨ ᠲᠢᠩᠬᠢᠮ ᠤᠨ ᠬᠠᠷᠢᠭᠤᠴᠠᠯᠭᠠᠳᠠᠨ ᠬᠠᠮᠢᠶ᠎ᠠ ᠪᠦᠬᠦᠢ ᠪᠠᠶᠢᠳᠠᠯ ᠢ ᠮᠡᠳᠡᠭᠳᠡᠵᠥ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠤᠶᠤᠨ ᠎ ᠤ ᠬᠦᠮᠦᠷᠬᠡ ᠶᠢᠨ ᠲᠤᠰᠬᠠᠢ ᠮᠡᠷᠬᠡᠵᠢᠯᠳᠡᠨ ᠲᠤᠰᠬᠠᠢ ᠰᠡᠳᠤᠪ ᠢᠶᠠᠷ ᠦᠬᠡ ᠬᠡᠯᠡᠪᠡ᠃      ᠬᠤᠷᠡᠯ ᠠᠴᠠ᠂ ᠡᠨᠡ ᠵᠢᠯ ᠤᠨ ᠰᠡᠬᠦᠯᠴᠢ ᠪᠠᠷ ᠮᠠᠨ ᠤ ᠤᠯᠤᠰ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠭᠳᠠᠭᠰᠠᠠ ᠬᠠᠷᠠᠯᠳᠡ ᠶᠢ ᠪᠡᠶᠡᠯᠡᠬᠦᠯᠵᠥ᠂ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ︽ᠲᠤᠪᠤᠶᠢᠮ᠎ᠠ ᠲᠤᠳᠠᠭᠤᠳᠠᠯ︾᠎ ᠢ ᠨᠦᠬᠦᠪᠦᠷᠢᠯᠡᠬᠦ ᠪᠤᠯᠤᠨ᠎ᠠ᠃ ᠶᠠᠳᠠᠭᠤ ᠬᠦᠴᠢᠷᠳᠡᠯᠳᠠᠢ ᠶᠢᠨ ᠠᠰᠠᠭᠤᠳᠠᠯ ᠪᠤᠯ ᠬᠦᠳᠡᠯᠥᠩᠬᠦᠢ ᠠᠰᠠᠭᠤᠳᠠᠯ ᠪᠤᠯᠤᠨ᠎ᠠ᠂ ᠮᠠᠨ ᠤ ᠤᠯᠤᠰ ᠤᠨ ᠶᠠᠳᠠᠭᠤ ᠬᠦᠴᠢᠷᠳᠡᠯᠳᠠᠢ ᠶᠢᠨ ᠪᠠᠶᠢᠳᠠᠯ ᠳᠤ ᠴᠢᠬᠤᠯᠠ ᠶᠡᠭᠡ ᠬᠤᠪᠢᠷᠡᠯᠳᠡ ᠭᠠᠷᠬᠤ ᠶᠢ ᠲᠠᠭᠠᠯᠳᠤᠨ᠂ ᠶᠠᠳᠠᠭᠤ ᠬᠦᠴᠢᠷᠳᠡᠯᠳᠠᠢ ᠶᠢᠨ ᠵᠠᠰᠠᠬᠤ ᠡᠳᠡᠬᠡᠳ ᠨᠢ ᠮᠡᠳᠡᠭᠳᠡᠮ᠎ᠡ ᠬᠠᠷᠢᠴᠠᠯᠠᠰᠢ ᠦᠬᠡᠢ ᠶᠠᠳᠠᠭᠤ ᠬᠦᠴᠢᠷᠳᠡᠯᠳᠠᠢ ᠠᠴᠠ ᠨᠢᠭᠤᠬᠳᠠᠮᠠᠯ ᠬᠠᠷᠢᠴᠠᠩᠭᠤᠢ ᠶᠠᠳᠠᠭᠤ ᠬᠦᠴᠢᠷᠳᠡᠯᠳᠠᠢ ᠪᠤᠯᠤᠨ ᠬᠤᠪᠢᠷᠡᠵᠥ᠂ ᠶᠠᠳᠠᠭᠤ ᠬᠦᠴᠢᠷᠳᠡᠯᠳᠠᠢ ᠶᠢ ᠢᠯᠭᠠᠨ ᠲᠤᠭᠳᠠᠭᠠᠬᠤ ᠪᠠ ᠶᠠᠳᠠᠭᠤ ᠬᠦᠴᠢᠷᠳᠡᠯᠳᠠᠢ ᠶᠢ ᠠᠪᠤᠷᠠᠨ ᠲᠤᠰᠠᠯᠠᠬᠤ ᠪᠠᠶᠢᠩᠭᠤᠵᠢᠬᠰᠠᠠ ᠲᠤᠭᠳᠠᠴᠠ ᠪᠠᠶᠢᠭᠤᠯᠬᠤ ᠡᠬᠦᠷᠬᠡ ᠲᠤᠯᠭᠠᠮ ᠪᠤᠯᠵᠥ ᠪᠠᠶᠢᠨ᠎ᠠ ᠬᠡᠵᠥ ᠦᠵᠡᠪᠡ᠃ ᠬᠤᠷᠡᠯ ᠳᠤ ᠤᠷᠤᠯᠴᠠᠭᠰᠠᠳ ᠠᠴᠠ᠂ ᠶᠠᠳᠠᠭᠤ ᠶᠢ ᠪᠠᠭᠠᠰᠬᠠᠬᠤ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠢᠶᠠᠨ ᠤᠯᠠᠮ ᠴᠢᠨᠠᠬᠰᠢᠳᠠ ᠴᠢᠩᠭᠠᠳᠬᠠᠵᠥ᠂ ᠬᠠᠷᠢᠴᠠᠩᠭᠤᠢ ᠶᠠᠳᠠᠭᠤ ᠬᠦᠴᠢᠷᠳᠡᠯᠳᠠᠢ ᠶᠢ ᠰᠢᠢᠳᠪᠤᠷᠢᠯᠡᠬᠦ ᠪᠠ ᠬᠦᠳᠡᠭᠡ ᠲᠤᠰᠬᠤᠨ ᠢ ᠬᠦᠭᠵᠢᠬᠦᠯᠥᠨ ᠮᠠᠨᠳᠤᠭᠤᠯᠬᠤ ᠶᠢ ᠤᠷᠭᠠᠨᠢᠭ ᠢᠶᠠᠷ ᠵᠤᠯᠭᠠᠭᠤᠯᠬᠤ ᠵᠢᠯᠤᠭᠤᠳᠬᠤ ᠰᠠᠨᠠᠯ ᠢ ᠲᠠᠷᠦ᠋ᠢᠬᠠᠨ ᠲᠤᠭᠳᠠᠭᠠᠨ ᠨᠡᠶᠢᠳᠡᠯᠡᠬᠦ ᠬᠡᠷᠡᠭᠳᠡᠢ︔ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠡᠷᠳᠡᠬᠡᠨ ᠲᠤᠳᠤᠷᠬᠠᠢᠢᠯᠠᠵᠥ᠂ ᠠᠵᠢᠯ ᠤᠨ ᠰᠢᠰᠲ᠋ᠧᠮ ᠤᠨ ᠲᠤᠭᠳᠠᠭᠤᠨ ᠢᠶᠠᠷ ᠬᠡᠯᠪᠡᠷᠢ ᠪᠠᠨ ᠬᠤᠪᠢᠷᠡᠭᠤᠯᠬᠤ ᠶᠢ ᠠᠬᠢᠭᠤᠯᠬᠤ ᠬᠡᠷᠡᠭᠳᠡᠢ︔ ᠤᠷᠤᠨ ᠨᠤᠳᠤᠭ ᠤᠨ ᠬᠦᠭᠵᠢᠯᠳᠡ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠥ᠂ ᠬᠠᠷᠢᠴᠠᠩᠭᠤᠢ ᠶᠠᠳᠠᠭᠤ ᠬᠦᠴᠢᠷᠳᠡᠯᠳᠠᠢ ᠶᠢ ᠢᠯᠭᠠᠨ ᠲᠤᠭᠳᠠᠭᠠᠬᠤ ᠪᠠᠷᠢᠮᠵᠢᠶ᠎ᠠ ᠶᠢ ᠲᠤᠭᠳᠠᠭᠠᠵᠥ᠂ ᠬᠠᠷᠢᠴᠠᠩᠭᠤᠢ ᠶᠠᠳᠠᠭᠤ ᠬᠦᠴᠢᠷᠳᠡᠯᠳᠠᠢ ᠶᠢ ᠢᠯᠭᠠᠨ ᠲᠤᠭᠳᠠᠭᠠᠬᠤ ᠲᠡᠰ ᠲᠠᠷᠠᠭᠠᠯᠠᠯ ᠢ ᠰᠢᠯᠢᠳᠡᠭᠵᠢᠬᠦᠯᠬᠦ ᠬᠡᠷᠡᠭᠳᠡᠢ︔ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠬᠦᠯᠳᠡᠷᠵᠢᠬᠦᠯᠵᠥ᠂ ᠡᠯ᠎ᠡ ᠲᠡᠯ᠎ᠡ ᠶᠢᠨ ᠡᠬᠢ ᠪᠠᠶᠠᠯᠢᠭ ᠤᠨ ᠬᠦᠴᠦᠨ ᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠡᠷᠡᠭᠯᠡᠬᠦ ᠬᠡᠷᠡᠭᠳᠡᠢ︔ ᠨᠠᠮ ᠤᠨ ᠤᠳᠤᠷᠢᠳᠤᠯᠭ᠎ᠠ ᠶᠢ ᠴᠢᠩᠭᠠᠳᠬᠠᠵᠥ᠂ ᠵᠠᠰᠠᠭ ᠤᠨ ᠤᠷᠳᠤᠨ ᠤ ᠤᠳᠤᠷᠢᠳᠤᠮᠵᠢ ᠶᠢ ᠲᠤᠪᠤᠶᠢᠯᠭᠠᠵᠥ᠂ ᠬᠠᠷᠢᠴᠠᠩᠭᠤᠢ ᠶᠠᠳᠠᠭᠤ ᠬᠦᠴᠢᠷᠳᠡᠯᠳᠠᠢ ᠶᠢ ᠰᠢᠢᠳᠪᠤᠷᠢᠯᠡᠬᠦ ᠵᠤᠬᠢᠶᠠᠨ ᠪᠠᠶᠢᠭᠤᠯᠤᠯᠳᠠ ᠶᠢᠨ ᠪᠠᠳᠤᠯᠠᠭ᠎ᠠ ᠶᠢ ᠴᠢᠩᠭᠠᠳᠬᠠᠬᠤ ᠬᠡᠷᠡᠭᠳᠡᠢ ᠬᠡᠵᠥ ᠰᠠᠨᠠᠭᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号