ᠪᠦᠬᠦ ᠤᠷᠤᠨ ᠤ ᠡᠮᠡᠭᠲᠡᠶᠢᠴᠦᠳ ᠤᠨ ᠭᠡᠷ ᠤᠨ ᠠᠳᠠᠯ ᠠᠬᠤᠢ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/7/30
     7 ᠰᠠᠷ᠎ᠠ ᠶᠢᠨ 28᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠭᠤᠤᠯᠯᠠᠨ ᠡᠷᠬᠢᠯᠡᠭᠰᠡᠨ ᠪᠦᠬᠦ ᠣᠷᠣᠨ ᠤ ᠡᠮᠡᠭᠲᠡᠶᠢᠴᠦᠳ ᠤᠨ ᠬᠡᠷ ᠤᠨ ᠠᠳᠠᠯ ᠠᠬᠤᠢ ᠶᠢᠨ ᠠᠵᠢᠯ ᠢ ᠠᠬᠢᠭᠤᠯᠬᠤ ᠬᠤᠷᠠᠯ ᠵᠢᠴᠢ ︽ᠤᠮᠠᠷᠠᠲᠤ ᠬᠢᠯᠢ ᠶᠢᠨ ᠦᠵᠡᠰᠬᠦᠯᠡᠩᠳᠤ ᠡᠭᠡᠴᠢ︾ ᠡᠮᠡᠭᠲᠡᠶᠢᠴᠦᠳ ᠤᠨ ᠬᠡᠷ ᠤᠨ ᠠᠳᠠᠯ ᠠᠬᠤᠢ ᠶᠢᠨ ᠬᠤᠯᠪᠣᠭ᠎ᠠ ᠪᠠᠶᠢᠭᠤᠯᠤᠬᠳᠠᠭᠰᠠᠨ ᠡᠬᠢᠯᠡᠯᠳᠠ ᠶᠢᠨ ᠶᠤᠰᠤᠯᠠᠯ ᠬᠥᠬᠡᠬᠤᠲᠠ ᠳᠤ ᠶᠠᠪᠤᠬᠳᠠᠪᠠ᠃      ᠬᠤᠷᠠᠯ ᠳᠤ᠂ ᠶᠡᠷᠦᠩᠬᠡᠶ ᠱᠦᠵᠢ ᠰᠢ ᠶᠢᠨ ᠫᠢᠩ ᠤᠨ ᠭᠡᠷ ᠤᠨ ᠠᠳᠠᠯ ᠠᠬᠤᠢ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠵᠤ᠂ ᠦᠢᠷ᠎ᠡ ᠶᠢᠨ ᠬᠡᠳᠦᠨ ᠵᠢᠯ ᠤᠨ ᠮᠠᠨ ᠤ ᠣᠷᠣᠨ ᠤ ᠡᠮᠡᠭᠲᠡᠶᠢᠴᠦᠳ ᠤᠨ ᠭᠡᠷ ᠤᠨ ᠠᠳᠠᠯ ᠠᠬᠤᠢ ᠶᠢᠨ ᠠᠵᠢᠯ ᠤᠨ ᠲᠤᠷᠰᠢᠯᠭ᠎ᠠ ᠶᠢ ᠳ᠋ᠦᠩᠨᠡᠵᠦ᠂ ᠲᠠᠷᠠᠭᠠᠴᠢ ᠶᠢᠨ ᠡᠮᠡᠭᠲᠡᠶᠢᠴᠦᠳ ᠤᠨ ᠬᠡᠷ ᠤᠨ ᠠᠳᠠᠯ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠢ ᠠᠵᠢᠯ ᠢ ᠪᠠᠶᠢᠷᠢᠯᠠᠭᠤᠯᠪᠠ᠃      ᠬᠤᠷᠠᠯ ᠲᠡᠭᠡᠷ᠎ᠠ᠂ ︽ᠤᠮᠠᠷᠠᠲᠤ ᠬᠢᠯᠢ ᠶᠢᠨ ᠦᠵᠡᠰᠬᠦᠯᠡᠩᠳᠦ ᠡᠭᠡᠴᠢ︾ ᠡᠮᠡᠭᠲᠡᠶᠢᠴᠦᠳ ᠤᠨ ᠬᠡᠷ ᠤᠨ ᠠᠳᠠᠯ ᠠᠬᠤᠢ ᠶᠢᠨ ᠬᠤᠯᠪᠣᠭ᠎ᠠ ᠵᠢᠩᠭᠢᠨᠢ ᠪᠠᠷ ᠪᠠᠶᠢᠭᠤᠯᠤᠬᠳᠠᠭᠰᠠᠨ ᠢ ᠨᠠᠶᠢᠳᠠᠯᠠᠪᠠ᠃ ᠲᠤᠰ ᠬᠤᠯᠪᠣᠭ᠎ᠠ ᠨᠢ ︽ᠶᠡᠭᠡ ᠲᠠᠯ᠎ᠠ ᠳᠤ ᠦᠢᠯᠡᠴᠢᠯᠡᠬᠦ᠂ ᠡᠮᠡᠭᠲᠡᠶᠢᠴᠦᠳ ᠲᠤ ᠦᠢᠯᠡᠴᠢᠯᠡᠬᠦ᠂ ᠭᠡᠷ ᠪᠦᠯᠢ ᠳᠤ ᠦᠢᠯᠡᠴᠢᠯᠡᠬᠦ︾᠎ ᠪᠠᠷ ᠵᠣᠷᠢᠯᠲᠠ ᠪᠣᠯᠭᠠᠵᠤ᠂ ᠡᠯ᠎ᠡ ᠠᠶᠢᠮᠠᠭ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠠᠴᠠ ᠵᠣᠬᠢᠶᠠᠨ ᠪᠠᠶᠢᠭᠤᠯᠵᠤ ᠲᠡᠪᠰᠢᠬᠦᠯᠦᠭᠰᠡᠨ ᠡᠮᠡᠭᠲᠡᠶᠢᠴᠦᠳ ᠤᠨ ᠭᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠪᠣᠯᠪᠠᠰᠤᠷᠠᠯ ᠬᠦᠷᠳᠡᠭᠡᠭᠦ ᠪᠠᠶᠢᠭᠤᠯᠤᠮᠵᠢ ᠪᠣᠯᠤᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠪᠠᠷ ᠪᠦᠷᠢᠯᠳᠦᠵᠦ᠂ ᠨᠡᠭᠡᠭᠡᠯᠲᠡᠲᠦ ᠴᠢᠨᠠᠷᠲᠠᠶ᠂ ᠠᠰᠢᠭ ᠬᠤᠨᠵᠢᠪᠣᠷᠢ ᠶᠢᠨ ᠪᠤᠰᠤ ᠴᠢᠨᠠᠷᠲᠠᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠᠶᠢᠵᠤ᠂ ᠤᠳᠤᠬᠠᠨ ᠳᠤ ᠨᠢᠭᠡᠨᠲᠡ 106 ᠪᠦᠷᠢᠯᠳᠦᠬᠦᠨ ᠨᠢᠭᠡᠴᠢ ᠲᠠᠢ ᠪᠤᠯᠵᠠᠢ᠃ ︽ᠤᠮᠠᠷᠠᠲᠤ ᠬᠢᠯᠢ ᠶᠢᠨ ᠦᠵᠡᠰᠭᠦᠯᠡᠩᠳᠦ ᠡᠭᠡᠴᠢ︾᠎ ᠶᠢᠨ ᠬᠤᠯᠪᠣᠭ᠎ᠠ ᠨᠢ ᠠᠵᠢᠯ ᠲᠥᠷᠥᠯ ᠤᠨ ᠵᠢᠷᠤᠮᠵᠢᠬᠰᠡᠨ ᠬᠥᠭᠵᠢᠯᠲᠡ ᠶᠢ ᠠᠬᠢᠭᠤᠯᠬᠤ᠂ ᠨᠡᠷᠡᠲᠦ ᠲᠡᠮᠳᠡᠭᠲᠦ ᠶᠢ ᠴᠤᠬᠴᠠᠯᠠᠬᠤ ᠵᠡᠷᠭᠡ ᠲᠠᠯ᠎ᠠ ᠪᠠᠷ ᠬᠥᠲᠥᠯᠥᠨ ᠳᠠᠭᠠᠭᠤᠯᠬᠤ ᠦᠢᠯᠡᠳᠦᠯ ᠦᠵᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号