ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠠᠯᠠᠰᠢᠨ ᠦᠬᠡᠷ ᠲᠡᠵᠢᠭᠡᠨ ᠦᠷᠡᠵᠢᠭᠦᠯᠵᠦ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2020/7/31
     7 ᠳ᠋ᠤᠭᠠᠷ ᠰᠠᠷ᠎ᠠ ᠶᠢᠨ 28᠎ ᠤ ᠡᠳᠦᠷ᠂ ᠮᠠᠯᠴᠢᠳ ᠠᠯᠠᠰᠢᠨ ᠦᠬᠡᠷ ᠲᠥᠪᠯᠡᠷᠡᠭᠦᠯᠦᠨ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠣᠷᠣᠨ ᠳᠤ ᠦᠬᠡᠷ ᠲᠡᠵᠢᠭᠡᠵᠦ ᠪᠠᠶᠢᠭ᠎ᠠ ᠨᠢ᠃      ᠣᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠠᠳᠠ ᠬᠤᠲᠠ ᠶᠢᠨ ᠪᠠᠭᠠᠷᠢᠨ ᠵᠡᠭᠦᠨ ᠬᠤᠰᠢᠭᠤ ᠲᠤᠬᠠᠶ ᠶᠢᠨ ᠭᠠᠵᠠᠷ ᠤᠨ ᠡᠯᠪᠡᠭ ᠪᠠᠶᠠᠯᠢᠭ ᠨᠤᠲᠤᠭ ᠪᠡᠯᠴᠢᠭᠡᠷ ᠤᠨ ᠡᠬᠢ ᠪᠠᠶᠠᠯᠢᠭ ᠲᠤ ᠲᠦᠰᠢᠭᠯᠡᠨ ︽ᠲᠥᠪᠯᠡᠷᠡᠭᠦᠯᠦᠨ ᠡᠷᠴᠢᠮᠵᠢᠭᠦᠯᠬᠦ︾ ᠬᠥᠭᠵᠢᠯᠲᠡ ᠶᠢᠨ ᠵᠠᠭᠪᠤᠷ ᠢᠶᠠᠷ ᠳᠠᠮᠵᠢᠨ ᠠᠯᠠᠰᠢᠨ ᠦᠬᠡᠷ ᠢ ᠲᠥᠪᠯᠡᠷᠡᠭᠦᠯᠦᠨ ᠦᠷᠡᠵᠢᠭᠦᠯᠦᠨ ᠪᠤᠶᠢᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠲᠡᠵᠢᠭᠡᠨ ᠦᠷᠡᠵᠢᠭᠦᠯᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠭᠤᠷᠪᠠ ᠶᠢ ᠨᠢᠭᠡ ᠴᠣᠭᠴᠠᠵᠢᠭᠤᠯᠤᠭᠰᠠᠨ ᠠᠯᠠᠰᠢᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠪᠦᠷᠢᠯᠳᠦᠭᠦᠯᠵᠦ᠂ ︽ᠪᠠᠭ᠎ᠠ ᠬᠡᠪᠴᠢᠶ᠎ᠡ ᠲᠣᠮᠣ ᠴᠣᠭᠴᠠ︾᠎ ᠶᠢᠨ ᠲᠡᠵᠢᠭᠡᠨ ᠦᠷᠡᠵᠢᠭᠦᠯᠬᠦ ᠵᠠᠭᠪᠤᠷ ᠢ ᠬᠡᠷᠡᠭᠯᠡᠨ ᠮᠠᠯᠵᠢᠬᠤ ᠲᠠᠷᠢᠶᠠᠯᠠᠬᠤ ᠡᠷᠦᠬᠡ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠳᠡᠯᠭᠡᠷᠡᠭᠦᠯᠪᠡ᠃ ᠡᠨᠡ ᠵᠢᠯ ᠤᠨ 7 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠠᠯᠠᠰᠢᠨ ᠦᠬᠡᠷ ᠲᠡᠵᠢᠭᠡᠬᠦ ᠬᠡᠮᠵᠢᠶ᠎ᠡ 30 ᠲᠦᠮᠡ ᠳᠤ ᠬᠦᠷᠴᠦ᠂ ᠡᠨᠡ ᠵᠢᠯ ᠳᠤ 12 ᠲᠦᠮᠡᠨ ᠠᠯᠠᠰᠢᠨ ᠦᠬᠡᠷ ᠪᠣᠷᠣᠯᠠᠭᠤᠯᠤᠨ ᠭᠠᠷᠭᠠᠵᠤ᠂ ᠠᠯᠠᠰᠢᠨ ᠦᠬᠡᠷ ᠤᠨ ᠠᠵᠤ ᠦᠢᠯᠡᠰ ᠨᠢ ᠲᠤᠰ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠨᠢᠭᠡᠳᠦᠭᠡᠷ ᠭᠤᠤᠯ ᠠᠵᠤ ᠦᠢᠯᠡᠰ ᠪᠣᠯᠵᠠᠶ᠃ ᠲᠠᠩᠰᠠ ᠪᠠ ᠺᠠᠷᠲ ᠲᠠᠢ 1226 ᠶᠠᠳᠠᠭᠤ ᠬᠦᠴᠢᠷᠳᠡᠯᠲᠡᠶ ᠡᠷᠦᠬᠡ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠪᠠᠷ ᠳᠡᠮᠵᠢᠨ ᠶᠠᠳᠠᠭᠤ ᠠᠴᠠ ᠠᠩᠭᠢᠵᠢᠷᠠᠨ ᠪᠠᠶᠠᠵᠢᠬᠤ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号