ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ  ᠱᠢ ᠲᠠᠢ ᠹᠧᠩ ᠪᠦ᠋ ᠰᠢᠶᠤᠤ ᠯᠢᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2020/7/31
     ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠵᠢᠷᠭᠤᠭ᠎ᠠ ᠶᠢ ᠳᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠳᠦᠯᠦᠬᠡ᠂ 7 ᠰᠠᠷ᠎ᠠ ᠶᠢᠨ 30᠎ ᠤ ᠡᠳᠦᠷ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠳᠠᠶᠢᠴᠢᠯᠠᠯᠲᠠ ᠶᠢᠨ ᠬᠤᠷᠠᠯ ᠳᠤ ᠣᠷᠣᠯᠴᠠᠭᠰᠠᠨ ᠪᠥᠭᠡᠳ ᠲᠥᠷᠥᠯ ᠵᠦᠢᠯ ᠳᠤ ᠰᠠᠭᠤᠷᠢ ᠲᠠᠯᠪᠢᠵᠤ ᠥᠭᠴᠡᠶ᠃
     ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠸᠠᠩ ᠯᠢ ᠰᠢᠶᠠ᠂ ᠵᠠᠩ ᠱᠣᠤ ᠴᠦᠨ᠂ ᠨᠠᠰᠤᠨᠮᠦ᠋ᠡᠭᠭᠡ᠂ ᠴᠠᠩ ᠵᠢᠶᠦ᠋ᠨ ᠵᠧᠩ᠂ ᠳᠤᠮᠳᠠᠳᠤ ᠤᠯᠤᠰ ᠤᠨ ᠤᠯᠠᠨ ᠤᠯᠤᠰ ᠤᠨ ᠢᠨᠵᠧᠨᠧᠷᠢᠩ ᠤᠨ ᠯᠠᠪᠯᠠᠭ᠎ᠠ ᠶᠢᠨ ᠬᠢᠵᠠᠭᠠᠷᠳᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠸᠦ ᠬᠤ᠋ ᠱᠧᠩ ᠨᠡᠷ ᠲᠠᠶᠢᠴᠢᠯᠠᠯᠳᠠ ᠶᠢᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠢ ᠯᠢ ᠬᠤᠸᠠ ᠲᠠᠶᠢᠴᠢᠯᠠᠯᠳᠠ ᠶᠢᠨ ᠬᠤᠷᠠᠯ ᠢ ᠡᠷᠬᠢᠯᠡᠭᠰᠡᠨ ᠪᠥᠭᠡᠳ ᠲᠠᠶᠢᠴᠢᠯᠠᠯᠳᠠ ᠬᠢᠵᠡᠢ᠃      ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠣᠶᠢᠷ᠎ᠠ ᠶᠢᠨ ᠬᠤᠭᠤᠴᠠᠭᠠᠨ ᠤ ᠲᠦᠯᠦᠪᠵᠢᠭᠦᠯᠭᠡ ᠳᠤ 12.6 ᠲᠡᠭᠰᠢ ᠳᠥᠷᠪᠡᠯᠵᠢᠨ ᠺᠢᠯᠣᠮᠧᠲᠷ ᠭᠠᠵᠠᠷ ᠬᠡᠷᠡᠭᠯᠡᠵᠤ᠂ ᠪᠠᠷᠢᠯᠭ᠎ᠠ ᠶᠢᠨ ᠶᠡᠷᠦᠩᠬᠡᠶ ᠪᠠᠯᠠ ᠣᠷᠣᠭᠤᠯᠤᠯᠲᠠ ᠨᠢ 231 ᠳ᠋ᠦᠩᠰᠢᠭᠤᠷ ᠲᠥᠭᠦᠷᠢᠭ ᠲᠤ ᠬᠦᠷᠬᠦ ᠪᠤᠯᠤᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠮᠵᠢᠶ᠎ᠠ ᠨᠢ ᠶᠡᠭᠡ᠂ ᠦᠶᠡᠯᠡᠯ ᠤᠨ ᠬᠤᠭᠤᠴᠠᠭ᠎ᠠ ᠨᠢ ᠣᠷᠳᠣ᠂ ᠪᠠᠷᠢᠮᠵᠢᠶ᠎ᠠ ᠨᠢ ᠥᠨᠳᠥᠷ ᠪᠠᠶᠢᠵᠤ᠂ ᠲᠤᠰᠬᠠᠶ ᠮᠡᠷᠭᠡᠵᠢᠯ ᠤᠨ ᠴᠢᠨᠠᠷ ᠢᠶᠠᠷ ᠮᠠᠰᠢ ᠴᠢᠩᠭ᠎ᠠ ᠶᠤᠮ᠃ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠦᠨᠳᠦᠰᠦᠯᠡᠪᠡᠯ᠂ ᠠᠶᠠᠯᠠᠯ ᠤᠨ ᠥᠷᠲᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ 26 ᠲᠦᠮᠡᠨ ᠲᠡᠭᠰᠢ ᠳᠥᠷᠪᠡᠯᠵᠢᠨ ᠮᠧᠲᠷ ᠤᠨ ᠠᠶᠠᠯᠠᠯ ᠤᠨ ᠥᠷᠲᠡᠭᠡᠨ ᠤ ᠠᠰᠠᠷ᠂ 130 ᠨᠢᠰᠬᠡᠯ ᠤᠨ ᠵᠤᠭᠰᠤᠭᠠᠯ ᠪᠠᠶᠢᠷᠢ᠂ 5 ᠲᠦᠮᠡᠨ ᠲᠡᠭᠰᠢ ᠳᠥᠷᠪᠡᠯᠵᠢᠨ ᠮᠧᠲᠷ ᠤᠨ ᠠᠶᠠᠯᠠᠯ ᠤᠨ ᠨᠢᠰᠭᠡᠯ ᠤᠨ ᠰᠤᠯᠢᠯᠳᠠ ᠶᠢᠨ ᠲᠥᠪ᠂ 9.5 ᠲᠦᠮᠡᠨ ᠲᠡᠭᠰᠢ ᠳᠥᠷᠪᠡᠯᠵᠢᠨ ᠮᠧᠲᠷ ᠤᠨ ᠲᠡᠷᠭᠡᠨ ᠵᠣᠭᠰᠣᠭᠠᠯ ᠤᠨ ᠠᠰᠠᠷ ᠵᠢᠴᠢ ᠰᠡᠯᠪᠢᠨ ᠵᠠᠰᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠯᠲᠠ ᠵᠡᠷᠭᠡ ᠲᠤᠰᠠᠯᠠᠬᠤ ᠦᠢᠯᠡᠳᠪᠦᠷᠢᠯᠡᠯ ᠠᠮᠢᠳᠤᠷᠠᠯ ᠤᠨ ᠳᠦᠬᠦᠬᠡᠷᠤᠮᠵᠢ ᠶᠢ ᠪᠦᠳᠦᠬᠡᠨ ᠪᠠᠶᠢᠭᠤᠯᠬᠤ ᠪᠤᠯᠤᠨ᠎ᠠ᠃      ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭ᠎ᠠ ᠶᠢ ᠠᠩᠬ᠎ᠠ ᠠᠯᠬᠤᠮ 4 ᠵᠢᠯ ᠢᠶᠠᠷ ᠲᠣᠭᠲᠠᠭᠠᠵᠤ᠂ 2023 ᠣᠨ ᠤ 12 ᠰᠠᠷ᠎ᠠ ᠳᠤ ᠪᠠᠷᠢᠯᠭ᠎ᠠ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ 2024 ᠣᠨ ᠤ 7 ᠰᠠᠷ᠎ᠠ ᠳᠤ ᠠᠰᠢᠭᠯᠠᠯᠳᠠ ᠳᠤ ᠤᠷᠤᠭᠤᠯᠬᠤ ᠪᠠᠷ ᠪᠤᠢ᠃ ᠰᠢᠨ᠎ᠡ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠨᠢ ᠬᠥᠬᠡᠬᠤᠲᠠ ᠶᠢᠨ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠭᠦᠨᠵᠡᠬᠡᠢ ᠠᠭᠤᠰᠤᠯᠴᠠᠬᠤ᠂ ᠬᠤᠲᠠ ᠶᠢᠨ ᠨᠥᠯᠥᠭᠡᠯᠡᠨ ᠳᠠᠶᠢᠴᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠬᠤ᠂ ᠪᠥᠬᠦ ᠬᠤᠲᠠ ᠶᠢ ᠳᠠᠶᠢᠴᠢᠯᠡᠨ ᠪᠥᠬᠦ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃
     ᠳᠠᠶᠢᠴᠢᠯᠠᠯᠲᠠ ᠶᠢᠨ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠨ ᠥᠪᠡᠷᠲᠡᠭᠡᠨ ᠵᠠᠰᠠᠬᠤ ᠣᠷᠣᠨ ᠤ ᠤᠳᠤᠷᠢᠳᠬᠤ ᠨᠥᠬᠦᠳ ᠰᠢᠨ᠎ᠡ ᠨᠢᠰᠬᠡᠯ ᠤᠨ ᠪᠠᠭᠤᠳᠠᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠵᠢᠴᠢ ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠠᠬᠤᠢ ᠲᠠᠯᠠᠪᠠᠢ ᠳᠤ ᠰᠢᠨᠵᠢᠯᠡᠨ ᠪᠠᠶᠢᠴᠠᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号