ᠥᠪᠥᠷ ᠮᠣᠩᠭᠤᠯ᠄ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ 8 ᠳ᠋ᠤᠭᠠᠷ ᠰᠠᠷ᠎ᠠ ᠶᠢᠨ 2᠎ ᠤᠨ ᠡᠳᠦᠷ ᠠᠩᠬ᠎ᠠ ᠤᠳᠠᠭ᠎ᠠ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ
ᠨᠡᠶᠢᠲᠡᠯᠡᠭᠰᠡᠨ ᠴᠠᠭ᠄
2020/7/31
     7 ᠳ᠋ᠤᠭᠠᠷ ᠰᠠᠷ᠎ᠠ ᠶᠢᠨ 30᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠥᠪ ᠮᠡᠳᠡᠭᠡ ᠨᠡᠶᠢᠲᠡᠯᠡᠵᠦ᠂ 8 ᠳ᠋ᠤᠭᠠᠷ ᠰᠠᠷ᠎ᠠ ᠶᠢᠨ 2᠎ ᠤᠨ ᠡᠳᠦᠷ᠂ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ A ᠪᠦᠯᠦᠭ ᠠᠩᠬ᠎ᠠ ᠤᠳᠠᠭ᠎ᠠ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠨ᠎ᠠ᠃      ᠲᠣᠰ ᠤᠳᠠᠭᠠᠨ ᠤ ᠰᠦᠯᠵᠢᠶᠡᠨ ᠳᠡᠭᠡᠷ᠎ᠡ ᠲᠠᠭᠯᠠᠬᠤ ᠡᠷᠡᠮᠡᠯᠵᠡᠯ ᠤᠨ ᠰᠢᠨᠵᠢᠯᠡᠭᠡᠨ ᠤ ᠲᠥᠷᠥᠯ ᠳᠤ᠄ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ᠂ ᠪᠤᠰᠤᠳ ᠤᠷᠠᠯᠢᠭ ᠤᠨ ᠲᠥᠷᠥᠯ᠂ ᠪᠡᠶ᠎ᠡ ᠶᠢᠨ ᠲᠠᠮᠢᠷ ᠤᠨ ᠲᠥᠷᠥᠯ ᠪᠠᠶᠢᠨ᠎ᠠ᠃ ᠰᠢᠯᠭᠠᠭᠤᠯᠤᠭᠴᠢ ᠡᠷᠬᠡᠪᠰᠢ ︽ᠴᠢᠯᠥᠭᠡᠲᠡᠶ ᠲᠠᠭᠯᠠᠵᠤ ᠪᠣᠯᠬᠤ︾ ᠪᠠᠶᠢᠳᠠᠯ ᠲᠠᠢ ᠪᠠᠶᠢᠬᠤ ᠬᠡᠷᠡᠭᠲᠡᠶ︔ ᠲᠡᠭᠦᠨ ᠤ ᠰᠣᠶᠣᠯ ᠤᠨ ᠬᠢᠴᠢᠶᠡᠯ ᠤᠨ ᠬᠢᠷᠢ ᠪᠦᠲᠦᠮᠵᠢ ︵ᠳᠠᠷᠤᠶ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠶᠢᠨ ᠶᠡᠷᠦᠩᠬᠡᠶ ᠬᠤᠪᠢ ᠳᠡᠭᠡᠷ᠎ᠡ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠤᠪᠢ ᠶᠢ ᠨᠡᠮᠡᠨ᠎ᠡ︶᠎ ᠨᠢ ᠵᠣᠬᠢᠴᠠᠩᠭᠤᠢ ᠰᠢᠨᠵᠢᠯᠡᠭᠡᠨ ᠤ ᠲᠥᠷᠥᠯ ᠤᠨ ᠵᠢᠩᠬᠢᠨᠢ ᠠᠩᠭᠢ ᠶᠢᠨ ᠰᠣᠷᠣᠭᠴᠢ ᠡᠯᠰᠡᠬᠦ ᠬᠠᠮᠤᠭ ᠤᠨ ᠳᠣᠤᠷ᠎ᠠ ᠬᠢᠵᠠᠭᠠᠷ ᠬᠤᠪᠢ ᠶᠢᠨ ᠱᠤᠭᠤᠮ ᠳᠤ ᠬᠦᠷᠦᠭᠰᠡᠨ ᠪᠠᠶᠢᠬᠤ ᠬᠡᠷᠡᠭᠲᠡᠶ︔ ᠭᠡᠪᠡᠴᠦ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠡᠯᠰᠡᠬᠦ ᠠᠷᠭ᠎ᠠ ᠶᠢ ᠬᠡᠷᠡᠭᠵᠢᠭᠦᠯᠵᠦ ᠪᠠᠶᠢᠭ᠎ᠠ᠂ ᠰᠤᠷᠭᠠᠨ ᠬᠥᠮᠦᠵᠢᠯ ᠤᠨ ᠶᠠᠮᠤᠨ ᠤ ᠵᠥᠪᠰᠢᠶᠡᠷᠡᠯ ᠢᠶᠠᠷ ᠲᠤᠰᠠᠭᠠᠷ ᠪᠠᠶᠢᠭᠤᠯᠤᠭᠰᠠᠨ ᠬᠡᠰᠡᠭ ᠵᠢᠩᠬᠢᠨᠢ ᠠᠩᠭᠢ ᠶᠢᠨ ᠤᠷᠠᠯᠢᠭ ᠤᠨ ᠳᠡᠭᠡᠳᠦ ᠰᠤᠷᠭᠠᠭᠤᠯᠢ ︵ᠬᠡᠰᠡᠭ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠴᠥᠭᠡᠨ ᠲᠣᠭᠠᠨ ᠤ ᠶᠡᠭᠡ ᠳᠡᠭᠡᠳᠦ ᠰᠤᠷᠭᠠᠭᠤᠯᠢ ᠪᠠᠭᠲᠠᠨ᠎ᠠ︶᠎ ᠳᠤ ᠨᠡᠷ᠎ᠡ ᠮᠡᠳᠡᠭᠦᠯᠦᠭᠰᠡᠨ ᠤᠷᠠᠯᠢᠭ ᠤᠨ ᠲᠥᠷᠥᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠤᠨ ᠰᠢᠯᠭᠠᠭᠤᠯᠤᠭᠴᠢ ᠳᠡᠭᠡᠷ᠎ᠡ ᠳᠤᠷᠠᠳᠤᠭᠰᠠᠨ ᠬᠤᠪᠢ ᠳᠤ ᠬᠢᠵᠠᠭᠠᠷᠯᠠᠭᠳᠠᠬᠤ ᠥᠬᠡᠶ᠃      ᠰᠢᠯᠭᠠᠭᠤᠯᠤᠭᠴᠢ ᠪᠦᠬᠦᠨ ᠪᠠᠰᠠ ᠳᠣᠤᠷ᠎ᠠ ᠳᠤᠷᠠᠳᠤᠭᠰᠠᠨ ᠨᠥᠬᠦᠴᠡᠯ ᠢ ᠬᠠᠮᠲᠤ ᠳᠤ ᠨᠢ ᠬᠠᠩᠭᠠᠬᠤ ᠬᠡᠷᠡᠭᠲᠡᠶ᠄ ᠤᠷᠠᠨ ᠵᠢᠷᠤᠭ ᠤᠨ ᠲᠥᠷᠥᠯ᠂ ᠳᠠᠭᠤᠤ ᠬᠥᠭᠵᠢᠮ ᠤᠨ ᠲᠥᠷᠥᠯ᠂ ᠨᠠᠶᠢᠷᠠᠭᠤᠯᠤᠨ ᠤᠳᠤᠷᠢᠳᠤᠭᠠᠴᠢ ᠶᠢᠨ ᠲᠥᠷᠥᠯ᠄ ᠡᠶᠢᠮᠦ ᠲᠥᠷᠥᠯ ᠤᠨ ᠲᠤᠰᠬᠠᠶ ᠮᠡᠷᠭᠡᠵᠢᠯ ᠳᠤ ᠡᠷᠡᠮᠡᠯᠵᠡᠯ ᠲᠠᠭᠯᠠᠬᠤ ᠰᠢᠯᠭᠠᠭᠤᠯᠤᠭᠴᠢᠳ ᠤᠨ ᠲᠤᠰᠬᠠᠶ ᠮᠡᠷᠭᠡᠵᠢᠯ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠬᠠᠷᠢᠴᠠᠩᠭᠤᠢ ᠬᠢᠴᠢᠶᠡᠯ ᠲᠥᠷᠥᠯ ᠤᠨ ᠵᠢᠩᠬᠢᠨᠢ ᠠᠩᠭᠢ ᠶᠢᠨ ᠨᠠᠭᠠᠳᠤ ᠵᠠᠬ᠎ᠠ ᠶᠢᠨ ᠬᠢᠵᠠᠭᠠᠷ ᠬᠤᠪᠢ ᠶᠢᠨ ᠱᠤᠭᠤᠮ ᠳᠤ ᠬᠦᠷᠦᠭᠰᠡᠨ ᠪᠠᠶᠢᠬᠤ ᠬᠡᠷᠡᠭᠲᠡᠢ︔ ᠵᠥᠪᠬᠡᠨ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠮᠡᠳᠡᠷᠡᠬᠦ ᠶᠡᠭᠡ ᠳᠡᠭᠡᠳᠦ ᠰᠤᠷᠭᠠᠭᠤᠯᠢ ᠳᠤ ᠡᠷᠡᠮᠡᠯᠵᠡᠯ ᠲᠠᠭᠯᠠᠬᠤ ᠳᠤ᠂ ᠰᠢᠯᠭᠠᠭᠤᠯᠤᠭᠴᠢᠳ ᠡᠷᠬᠡᠪᠰᠢ ᠪᠠᠰᠠ ᠬᠠᠷᠢᠴᠠᠩᠭᠤᠢ ᠪᠦᠬᠦᠢ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠬᠢᠷᠢ ᠲᠡᠩᠴᠡᠭᠰᠡᠨ ᠪᠠᠶᠢᠬᠤ ᠬᠡᠷᠡᠭᠲᠡᠶ︔ ᠳᠠᠭᠤᠤ ᠬᠥᠭᠵᠢᠮ ᠤᠨ ᠲᠥᠷᠥᠯ ᠤᠨ ᠰᠢᠯᠭᠠᠭᠤᠯᠤᠭᠴᠢᠳ ᠮᠠᠨ ᠤ ᠣᠷᠣᠨ ᠤ ᠳᠠᠭᠤᠤ ᠬᠥᠭᠵᠢᠮ ᠤᠨ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠪᠠᠷ ᠡᠯᠰᠡᠬᠦ ᠠᠷᠭ᠎ᠠ ᠶᠢ ᠬᠡᠷᠡᠭᠵᠢᠭᠦᠯᠵᠦ ᠪᠠᠶᠢᠭ᠎ᠠ ᠲᠤᠰᠬᠠᠶ ᠮᠡᠷᠭᠡᠵᠢᠯ ᠳᠤ ᠡᠷᠡᠮᠡᠯᠵᠡᠯ ᠲᠠᠭᠯᠠᠬᠤ ᠳᠤ ᠪᠠᠨ᠂ ᠳᠠᠭᠤᠤ ᠬᠥᠭᠵᠢᠮ ᠤᠨ ᠨᠢᠭᠡᠳᠦᠯᠲᠡᠶ ᠰᠢᠯᠭᠠᠯᠲᠠ ᠶᠢᠨ ᠳᠠᠭᠤᠯᠠᠬᠤ ᠠᠷᠭ᠎ᠠ᠂ ᠬᠥᠭᠵᠢᠮᠳᠡᠭᠦᠷ ᠤᠨ ᠲᠥᠷᠥᠯ ᠵᠦᠢᠯ ᠵᠡᠷᠭᠡ ᠨᠢ ᠡᠷᠬᠡᠪᠰᠢ ᠲᠠᠭᠯᠠᠨ ᠮᠡᠳᠡᠭᠦᠯᠦᠭᠰᠡᠨ ᠲᠤᠰᠬᠠᠶ ᠮᠡᠷᠭᠡᠵᠢᠯ ᠤᠨ ᠡᠷᠡᠮᠡᠯᠵᠡᠯ ᠤᠨ ᠱᠠᠭᠠᠷᠳᠠᠯᠭ᠎ᠠ ᠲᠠᠢ ᠨᠡᠶᠢᠴᠡᠭᠰᠡᠨ ᠪᠠᠶᠢᠬᠤ ᠬᠡᠷᠡᠭᠲᠡᠶ᠃      ᠪᠤᠰᠤᠳ ᠤᠷᠠᠯᠢᠭ ᠤᠨ ᠲᠥᠷᠥᠯ᠄ ᠡᠨᠡ ᠲᠥᠷᠥᠯ ᠤᠨ ᠰᠢᠯᠭᠠᠭᠤᠯᠤᠭᠴᠢ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠪᠠᠷ ᠱᠠᠭᠠᠷᠳᠠᠵᠤ ᠪᠠᠶᠢᠭ᠎ᠠ ᠶᠡᠭᠡ ᠳᠡᠭᠡᠳᠦ ᠰᠤᠷᠭᠠᠭᠤᠯᠢ ᠳᠤ ᠡᠷᠡᠮᠡᠯᠵᠡᠯ ᠲᠠᠭᠯᠠᠬᠤ ᠳᠤ ᠪᠠᠨ᠂ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠬᠢᠷᠢ ᠲᠡᠩᠴᠡᠭᠰᠡᠨ ᠪᠠᠶᠢᠬᠤ ᠬᠡᠷᠡᠭᠲᠡᠢ᠃      ᠪᠡᠶ᠎ᠡ ᠶᠢᠨ ᠲᠠᠮᠢᠷ ᠤᠨ ᠲᠥᠷᠥᠯ᠄ ᠡᠶᠢᠮᠦᠷᠬᠦᠤ ᠲᠤᠰᠬᠠᠶ ᠮᠡᠷᠭᠡᠵᠢᠯ ᠢ ᠲᠠᠭᠯᠠᠨ ᠮᠡᠳᠡᠭᠦᠯᠦᠭᠰᠡᠨ ᠰᠢᠯᠭᠠᠭᠤᠯᠤᠭᠴᠢ ᠶᠢᠨ ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠬᠠᠷᠢᠴᠠᠩᠭᠤᠢ ᠪᠦᠬᠦᠢ ᠵᠢᠩᠬᠢᠨᠢ ᠠᠩᠭᠢ ᠶᠢᠨ ᠬᠠᠮᠤᠭ ᠤᠨ ᠳᠣᠣᠷ᠎ᠠ ᠬᠢᠵᠠᠭᠠᠷ ᠬᠤᠪᠢ ᠶᠢᠨ ᠱᠤᠭᠤᠮ ᠳᠤ ᠬᠦᠷᠦᠭᠰᠡᠨ ᠪᠠᠶᠢᠬᠤ ᠬᠡᠷᠡᠭᠲᠡᠶ᠃      ᠲᠣᠰ ᠤᠳᠠᠭᠠᠨ ᠤ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠴᠠᠭ᠄ 8 ᠳ᠋ᠤᠭᠠᠷ ᠰᠠᠷ᠎ᠠ ᠶᠢᠨ 2᠎ ᠤᠨ ᠡᠳᠦᠷ ᠤᠨ 8 ᠴᠠᠭ ᠠᠴᠠ ᠡᠬᠢᠯᠡᠨ ᠡᠷᠡᠮᠡᠯᠵᠡᠯ ᠲᠠᠭᠯᠠᠬᠤ ᠪᠣᠯᠤᠨ᠎ᠠ᠃ 12 ᠴᠠᠭ ᠠᠴᠠ ᠬᠤᠶᠢᠰᠢ ᠡᠷᠡᠮᠡᠯᠵᠡᠯ ᠢᠶᠠᠨ ᠬᠠᠰᠤᠵᠤ ᠪᠣᠯᠬᠤ ᠦᠭᠡᠢ᠂ 16 : 00 ᠴᠠᠭ ᠠᠴᠠ ᠬᠤᠶᠢᠰᠢ ᠰᠢᠨ᠎ᠡ ᠪᠠᠷ ᠡᠷᠡᠮᠡᠯᠵᠡᠯ ᠲᠠᠭᠯᠠᠬᠤ ᠶᠢ ᠵᠥᠪᠰᠢᠶᠡᠷᠡᠬᠦ ᠦᠭᠡᠢ᠂ ᠭᠡᠪᠡᠴᠦ ᠡᠷᠡᠮᠡᠯᠵᠡᠯ ᠳᠤ ᠪᠠᠨ ᠵᠠᠰᠠᠪᠤᠷᠢ ᠣᠷᠣᠭᠤᠯᠬᠤ ᠶᠢ ᠨᠢ ᠵᠥᠪᠰᠢᠶᠡᠷᠡᠨ᠎ᠡ᠂ 17᠄ 00 ᠴᠠᠭ ᠲᠤ ᠡᠷᠡᠮᠡᠯᠵᠡᠯ ᠲᠠᠭᠯᠠᠬᠤ ᠠᠵᠢᠯ ᠳᠠᠭᠤᠰᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号