ᠱᠢ ᠲᠠᠢ ᠹᠧᠩ ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠰᠢᠤᠢ ᠲᠠᠢ ᠠᠭᠤᠯᠵᠠᠪᠠ
ᠨᠡᠶᠢᠲᠡᠯᠡᠭᠰᠡᠨ ᠴᠠᠭ᠄
2020/7/31
     7 ᠰᠠᠷ᠎ᠠ ᠶᠢᠨ 30᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠥᠬᠡᠬᠤᠲᠠ ᠳᠤ ᠴᠢᠩᠬᠤᠸᠠ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠧᠨ ᠰᠢᠦᠢ ᠲᠠᠢ ᠠᠭᠤᠯᠵᠠᠪᠠ᠃      ᠱᠢ ᠲᠠᠢ ᠹᠧᠩ ᠴᠧᠨ ᠰᠢᠦᠢ ᠨᠡᠷ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠴᠢᠩᠬᠤᠸᠠ ᠶᠡᠭᠡ ᠰᠤᠷᠭᠠᠭᠤᠯᠢ ᠶᠢᠨ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠵᠢᠯ ᠤᠨ ᠲᠤᠷᠰᠢᠬᠢ ᠣᠷᠣᠨ ᠰᠤᠷᠭᠠᠭᠤᠯᠢ ᠶᠢᠨ ᠬᠠᠮᠳᠤᠷᠠᠯᠴᠠᠭ᠎ᠠ ᠶᠢᠨ ᠣᠯᠤᠭᠰᠠᠨ ᠦᠷ᠎ᠡ ᠪᠦᠲᠦᠮᠵᠢ ᠶᠢ ᠡᠷᠭᠢᠴᠡᠭᠦᠯᠵᠥ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠵᠢᠭᠠᠨ ᠰᠤᠷᠭᠠᠯᠲᠠ᠂ ᠴᠢᠳᠠᠪᠤᠷᠢᠲᠠᠨ ᠬᠥᠮᠦᠵᠢᠭᠦᠯᠬᠦ᠂ ᠠᠵᠤ ᠦᠢᠯᠡᠰ ᠤᠨ ᠬᠥᠭᠵᠢᠯᠲᠡ ᠵᠡᠷᠭᠡ ᠶᠢᠨ ᠲᠣᠭᠤᠷᠢᠨ ᠳᠤ ᠨᠢᠭᠲᠠ ᠵᠣᠯᠭᠠᠯᠴᠠᠭ᠎ᠠ ᠪᠠᠨ ᠴᠢᠩᠭᠠᠳᠬᠠᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠤᠨ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠬᠠᠮᠲᠤᠷᠠᠯᠴᠠᠭᠠᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ ᠬᠡᠵᠥ ᠬᠠᠮᠳᠤ ᠪᠠᠷ ᠢᠯᠡᠳᠬᠡᠪᠡ᠃        ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠵᠠᠩ ᠱᠤᠤ ᠴᠦᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号