ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ ᠤᠯᠤᠰ ᠤᠨ ᠲᠡᠷᠢᠬᠦᠯᠡᠭᠴᠢ ᠰᠢ ᠶᠢᠨ ᠫᠢᠩ ᠪᠤᠯᠤᠨ ᠮᠤᠩᠭᠤᠯ ᠤᠯᠤᠰ ᠤᠨ ᠠᠷᠠᠳ ᠤᠨ ᠨᠠᠮ ᠤᠨ ᠲᠡᠷᠢᠬᠦᠯᠡᠭᠴᠢ ᠵᠠᠰᠠᠭ ᠤᠨ ᠤᠷᠳᠤᠨ ᠤ ᠶᠡᠷᠤᠩᠬᠡᠢ ᠰᠠᠶᠢᠳ ᠬᠦᠷᠡᠯᠰᠦ᠋ᠬᠡ ᠬᠠᠷᠢᠯᠴᠠᠨ ᠵᠠᠬᠢᠳᠠᠯ ᠢᠯᠡᠬᠡᠪᠡ
ᠨᠡᠶᠢᠲᠡᠯᠡᠭᠰᠡᠨ ᠴᠠᠭ᠄
2020-07-06
     7 ᠰᠠᠷ᠎ᠠ ᠳ᠋ᠤᠭᠠᠷ ᠶᠢᠨ 3 ᠤ ᠡᠳᠤᠷ᠂ ᠨᠠᠮ ᠤᠨ ᠲᠦᠪ ᠬᠤᠷᠢᠶᠠᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ ᠰᠢ ᠶᠢᠨ ᠫᠢᠩ ᠮᠤᠩᠭᠤᠯ ᠤᠯᠤᠰ ᠤᠨ ᠠᠷᠠᠳ ᠤᠨ ᠨᠠᠮ ᠤᠨ ᠲᠡᠷᠢᠬᠦᠯᠡᠭᠴᠢ᠂ ᠵᠠᠰᠠᠭ ᠤᠨ ᠤᠷᠳᠤᠨ ᠤ ᠶᠡᠷᠤᠩᠬᠡᠢ ᠰᠠᠶᠢᠳ ᠬᠦᠷᠡᠯᠰᠦ᠋ᠬᠡ ᠳᠤ ᠵᠠᠬᠢᠳᠠᠯ ᠢᠯᠡᠬᠡᠪᠡ᠃      ᠰᠢ ᠶᠢᠨ ᠫᠢᠩ᠂ ᠲᠤᠮᠳᠠᠳᠤ ᠮᠤᠩᠭᠤᠯ ᠪᠤᠯ ᠠᠭᠤᠯᠠ ᠤᠰᠤ ᠪᠠᠷ ᠢᠶᠠᠨ ᠵᠠᠯᠭᠠᠯᠳᠤᠭᠰᠠᠠ ᠰᠠᠶᠢᠨ ᠬᠦᠷᠰᠢ ᠶᠤᠮ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠡ ᠤ ᠲᠠᠷᠠᠭ᠎ᠠ᠂ ᠲᠤᠮᠳᠠᠳᠤ ᠮᠤᠩᠭᠤᠯ ᠬᠢᠵᠢᠭ ᠲᠠᠢ ᠲᠡᠮᠡᠴᠡᠬᠦ ᠬᠠᠮᠳᠤᠷᠠᠯᠴᠠᠭ᠎ᠠ ᠪᠠᠨ ᠨᠢᠬᠳᠠ ᠦᠷᠨᠢᠬᠦᠯᠵᠥ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠥ᠂ ᠴᠠᠭ ᠤᠨ ᠪᠡᠷᠭᠡ ᠶᠢ ᠬᠠᠮᠳᠤ ᠪᠠᠷ ᠢᠯᠠᠨ ᠲᠠᠪᠠᠭᠰᠠᠠ ᠬᠦᠨ ᠵᠤᠵᠠᠭᠠᠨ ᠨᠦᠬᠦᠷᠯᠡᠯ ᠢ ᠬᠦᠢᠴᠡᠳ ᠢᠯᠡᠷᠡᠬᠦᠯᠪᠡ᠃ ᠲᠡᠷᠢᠬᠦᠯᠡᠭᠴᠢ ᠠᠪᠤᠭᠠᠢ ᠲᠤᠮᠳᠠᠳᠤ ᠤᠯᠤᠰ ᠤᠨ ᠬᠢᠨ ᠤ ᠪᠦᠬᠦ ᠪᠦᠮᠪᠦᠷᠴᠡᠭ ᠤᠨ ᠬᠢᠵᠢᠭ ᠲᠠᠢ ᠲᠡᠮᠡᠴᠡᠬᠦ ᠳᠤ ᠦᠵᠡᠬᠦᠯᠥᠭᠰᠡᠡ ᠬᠤᠪᠢ ᠨᠡᠮᠡᠷᠢ ᠶᠢ ᠲᠡᠬᠡᠳᠤ ᠬᠡᠮᠵᠢᠶ᠎ᠡ ᠪᠠᠷ ᠦᠨᠡᠯᠡᠭᠰᠡᠡ ᠪᠠᠶᠢᠨ᠎ᠠ᠃ ᠲᠤᠮᠳᠠᠳᠤ ᠤᠯᠤᠰ ᠲᠤᠷᠠᠳᠠᠶ᠎ᠠ ᠮᠤᠩᠭᠤᠯ ᠤᠯᠤᠰ ᠢ ᠪᠠᠭᠳᠠᠭᠠᠭᠰᠠᠠ ᠲᠡᠯᠡᠬᠡᠢ ᠶᠢᠨ ᠡᠯ᠎ᠡ ᠤᠯᠤᠰ ᠯᠤᠭ᠎ᠠ ᠬᠢᠵᠢᠭ ᠲᠠᠢ ᠲᠡᠮᠡᠴᠡᠬᠦ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠥ᠂ ᠬᠦᠮᠥᠨ ᠲᠦᠷᠦᠯᠬᠢᠳᠡᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠬᠠᠮᠳᠤ ᠶᠢᠨ ᠴᠤᠭᠴᠠ ᠶᠢ ᠬᠠᠮᠳᠤ ᠪᠠᠷ ᠪᠠᠶᠢᠭᠤᠯᠤᠨ᠎ᠠ᠃      ᠮᠤᠩᠭᠤᠯ ᠤᠯᠤᠰ ᠤᠨ ᠠᠷᠠᠳ ᠤᠨ ᠨᠠᠮ ᠪᠤᠯᠤᠨ ᠵᠠᠰᠠᠭ ᠤᠨ ᠤᠷᠳᠤᠨ ᠵᠢᠴᠢ ᠨᠡᠶᠢᠬᠡᠮ ᠤᠨ ᠡᠯ᠎ᠡ ᠡᠳᠡᠬᠡᠳ ᠤᠨ ᠬᠢᠨ ᠤ ᠬᠠᠮᠳᠤ ᠶᠢᠨ ᠴᠢᠷᠮᠡᠶᠢᠯᠭ᠎ᠠ ᠪᠠᠷ᠂ ᠮᠤᠩᠭᠤᠯ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢᠯᠡᠳᠳᠡ ᠦᠷ᠎ᠡ ᠪᠦᠳᠦᠮᠵᠢ ᠤᠯᠵᠥ᠂ ᠠᠵᠥ ᠠᠬᠤᠢ ᠨᠡᠶᠢᠬᠡᠮ ᠲᠤᠭᠳᠠᠭᠤᠨ ᠢᠶᠠᠷ ᠬᠦᠭᠵᠢᠵᠥ᠂ ᠤᠷᠴᠢᠮᠬᠠᠨ ᠪᠠᠰᠠ ᠵᠦᠪᠯᠡᠯᠬᠡᠨ ᠤ ᠬᠤᠷᠡᠯ ᠤᠨ ᠰᠤᠩᠭᠤᠭᠤᠯᠢ ᠶᠢ ᠤᠷᠤᠭᠰᠢᠳᠠᠢ ᠶᠠᠪᠤᠭᠤᠯᠤᠬᠰᠠᠠ ᠪᠠᠶᠢᠨ᠎ᠠ᠃      ᠡᠮᠤᠨᠡᠭᠡᠨ᠂ ᠲᠡᠷᠢᠬᠦᠯᠡᠭᠴᠢ ᠠᠪᠤᠭᠠᠢ ᠲᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠡᠨ 99 ᠵᠢᠯ ᠤᠨ ᠤᠢ ᠶᠢᠨ ᠲᠠᠰᠢᠷᠠᠮ ᠢᠶᠠᠷ ᠨᠠᠳᠠ ᠳᠤ ᠲᠤᠰᠬᠠᠢᠢᠯᠡᠨ ᠵᠠᠬᠢᠳᠠᠯ ᠢᠯᠡᠭᠡᠭᠰᠡᠨ ᠨᠢ ᠲᠠ ᠪᠤᠯᠤᠨ ᠮᠤᠩᠭᠤᠯ ᠤᠯᠤᠰ ᠤᠨ ᠠᠷᠠᠳ ᠤᠨ ᠨᠠᠮ ᠤᠨ ᠲᠤᠮᠳᠠᠳᠤ ᠮᠤᠩᠭᠤᠯ ᠤᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠬᠦᠢᠴᠡᠳ ᠢᠯᠡᠷᠡᠬᠦᠯᠪᠠ᠃ ᠲᠤᠮᠳᠠᠳᠤ ᠤᠯᠤᠰ ᠤᠨ ᠡᠪ ᠬᠠᠮᠳᠤ ᠨᠠᠮ ᠲᠤᠷᠠᠳᠠᠶ᠎ᠡ ᠮᠤᠩᠭᠤᠯ ᠤᠯᠤᠰ ᠤᠨ ᠠᠷᠠᠳ ᠤᠨ ᠨᠠᠮ ᠤᠨ ᠬᠢᠨ ᠲᠠᠢ ᠡᠯ᠎ᠡ ᠲᠡᠰ ᠲᠠᠪᠬᠤᠷᠭ᠎ᠠ ᠡᠯ᠎ᠡ ᠬᠦᠷᠢᠶᠠᠨ ᠤ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠲᠤᠮᠳᠠᠳᠤ ᠮᠤᠩᠭᠤᠯ ᠤᠨ ᠪᠦᠬᠦ ᠲᠠᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠨᠡᠩ ᠰᠠᠶᠢᠨ ᠬᠦᠭᠵᠢᠬᠦ ᠶᠢ ᠬᠦᠳᠤᠯᠤᠨ ᠲᠠᠭᠠᠭᠤᠯᠵᠤ᠂ ᠭᠠᠵᠠᠷ ᠤᠷᠤᠨ ᠤ ᠡᠩᠭᠡ ᠲᠠᠶᠢᠪᠤᠩ ᠪᠠ ᠬᠦᠭᠵᠢᠯ ᠴᠡᠴᠡᠭᠯᠡᠯ ᠳᠤ ᠦᠵᠡᠬᠦᠯᠪᠠᠰᠤ ᠵᠤᠬᠢᠬᠤ ᠬᠤᠪᠢ ᠨᠠᠮᠠᠷᠢ ᠪᠠᠨ ᠦᠵᠡᠬᠦᠯᠤᠨ᠎ᠡ ᠭᠡᠵᠤ ᠢᠯᠡᠳᠭᠡᠪᠡ᠃      ᠬᠦᠷᠡᠯᠰᠦ᠋ᠭᠡ ᠡᠮᠤᠨᠡᠭᠡᠨ ᠰᠢ ᠶᠢᠨ ᠫᠢᠩ ᠳᠤ ᠢᠯᠡᠭᠡᠭᠰᠡᠨ ᠵᠠᠬᠢᠳᠠᠯ ᠳᠠᠭᠠᠨ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠴᠦᠬᠦᠷᠡᠰᠢ ᠦᠭᠡᠢ ᠴᠢᠷᠮᠠᠶᠢᠯᠭ᠎ᠠ ᠪᠠᠷ᠂ ᠲᠤᠮᠳᠠᠳᠤ ᠤᠯᠤᠰ ᠠᠮᠵᠢᠯᠳᠠ ᠲᠠᠢ ᠪᠠᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠠᠮᠠᠴᠡᠵᠤ᠂ ᠲᠤᠰ ᠤᠯᠤᠰ ᠤᠨ ᠢᠶᠠᠨ ᠠᠷᠠᠳ ᠲᠦᠮᠡᠨ ᠤ ᠡᠷᠡᠬᠦᠯ ᠮᠠᠨᠳᠤ ᠶᠢᠨ ᠠᠮᠤᠷ ᠲᠦᠪᠰᠢᠨ ᠢ ᠬᠦᠴᠤᠳᠠᠢ ᠬᠠᠮᠠᠭᠠᠯᠠᠬᠰᠠᠨ ᠪᠦᠭᠡᠳ ᠪᠠᠰᠠ ᠲᠡᠯᠡᠭᠡᠢ ᠶᠢᠨ ᠠᠷᠠᠳ ᠲᠦᠮᠡᠨ ᠤ ᠡᠷᠡᠬᠦᠯ ᠮᠠᠨᠳᠤ ᠶᠢ ᠬᠠᠮᠠᠭᠠᠯᠠᠬᠤ ᠳᠤ ᠯᠤᠳᠤ ᠶᠡᠭᠡ ᠬᠤᠪᠢ ᠨᠠᠮᠠᠷᠢ ᠦᠵᠡᠬᠦᠯᠪᠠ᠂ ᠡᠬᠦᠨ ᠢ ᠪᠢ ᠮᠠᠰᠢ ᠪᠢᠰᠢᠷᠡᠵᠤ ᠪᠠᠶᠢᠨ᠎ᠡ ᠭᠡᠵᠤ ᠢᠯᠡᠳᠭᠡᠪᠡ᠃      ᠬᠦᠷᠡᠯᠰᠦ᠋ᠭᠡ᠂ ᠤᠢᠢᠷ᠎ᠡ ᠶᠢᠨ ᠵᠢᠯ ᠠᠴᠠ ᠬᠤᠶᠠᠷ ᠨᠠᠮ ᠤᠨ ᠰᠤᠯᠢᠯᠴᠠᠭ᠎ᠠ ᠬᠠᠮᠳᠤᠷᠠᠯᠴᠠᠭ᠎ᠠ ᠶᠢᠨ ᠰᠠᠨᠠᠮᠵᠢ ᠶᠢᠨ ᠪᠤᠷᠤ ᠲᠦᠯᠦᠪ ᠤᠨ ᠲᠤᠤᠷ᠎ᠡ᠂ ᠮᠤᠩᠭᠤᠯ ᠤᠯᠤᠰ ᠤᠨ ᠠᠷᠠᠳ ᠤᠨ ᠨᠠᠮ ᠪᠠ ᠲᠤᠮᠳᠠᠳᠤ ᠤᠯᠤᠰ ᠤᠨ ᠡᠪ ᠬᠠᠮᠳᠤ ᠨᠠᠮ ᠬᠤᠶᠠᠷ ᠲᠠᠯ᠎ᠡ ᠶᠢᠨ ᠬᠢᠨ ᠤ ᠡᠯ᠎ᠡ ᠲᠡᠰ ᠲᠠᠪᠬᠤᠷᠭ᠎ᠠ ᠶᠢᠨ ᠬᠠᠮᠳᠤᠷᠠᠯᠴᠠᠭ᠎ᠠ ᠰᠢᠨ᠎ᠡ ᠲᠡᠭᠳᠡᠷ ᠲᠤ ᠭᠠᠷᠬᠤ ᠶᠢ ᠠᠮᠵᠢᠯᠳᠠ ᠲᠠᠢ ᠠᠬᠢᠭᠤᠯᠪᠠ᠂ ᠡᠬᠦᠨ ᠳᠤ ᠪᠢ ᠮᠠᠰᠢ ᠪᠠᠶᠠᠷᠯᠠᠵᠤ ᠪᠠᠶᠢᠨ᠎ᠡ᠃ ᠮᠠᠨ ᠤ ᠬᠤᠶᠠᠷ ᠨᠠᠮ ᠬᠠᠮᠳᠤᠷᠠᠯᠴᠠᠭᠠᠨ ᠤ ᠦᠷ᠎ᠡ ᠪᠦᠳᠦᠭᠡᠯ ᠢᠶᠠᠨ ᠤᠯᠠᠮ ᠴᠢᠨᠠᠬᠰᠢᠳᠠ ᠪᠠᠬᠢᠵᠢᠬᠦᠯᠤᠨ᠂ ᠮᠤᠩᠭᠤᠯ ᠲᠤᠮᠳᠠᠳᠤ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠳᠠ ᠦᠭᠡᠢ ᠬᠦᠨᠵᠡᠭᠡᠶᠢᠷᠠᠨ ᠬᠦᠭᠵᠢᠬᠦ ᠶᠢ ᠠᠬᠢᠭᠤᠯᠵᠤ᠂ ᠴᠡᠴᠡᠭᠯᠡᠨ ᠬᠦᠭᠵᠢᠵᠤ ᠪᠠᠶᠠᠵᠢᠨ ᠬᠦᠴᠦᠷᠭᠡᠭᠵᠢᠬᠦ ᠲᠠᠶᠢᠰᠢ ᠬᠠᠮᠳᠤ ᠪᠠᠷ ᠤᠷᠤᠬᠰᠢᠯᠠᠬᠤ ᠪᠤᠯᠤᠨ᠎ᠡ ᠭᠡᠳᠡᠭ ᠢ ᠢᠳᠡᠭᠡᠵᠤ ᠪᠠᠶᠢᠨ᠎ᠡ ᠭᠡᠵᠤ ᠢᠯᠡᠳᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号