ᠠᠵᠤ ᠦᠢᠯᠡᠰ ᠤᠨ ᠪᠦᠲᠦᠴᠡ ᠶᠢ ᠲᠣᠬᠢᠷᠠᠭᠤᠯᠵᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠪᠣᠢ
ᠨᠡᠶᠢᠲᠡᠯᠡᠭᠰᠡᠨ ᠴᠠᠭ᠄
2020/7/8
     7 ᠳ᠋ᠤᠭᠠᠷ ᠰᠠᠷ᠎ᠠ ᠶᠢᠨ 7᠎ ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠢᠦᠢ ᠯᠢᠨ ᠪᠠᠯᠭᠠᠰᠤᠨ ᠤ ᠾᠧᠨᠠᠨ ᠲᠣᠰᠬᠤᠨ ᠤ ᠰᠠᠷᠢᠮᠰᠠᠭ ᠲᠠᠷᠢᠬᠤ ᠰᠠᠭᠤᠷᠢᠨ ᠭᠠᠵᠠᠷ ᠲᠤ ᠨᠢᠭᠡ ᠲᠠᠷᠢᠶᠠᠴᠢᠨ ᠰᠠᠷᠢᠮᠰᠠᠭ ᠬᠤᠷᠢᠶᠠᠬᠤ ᠮᠠᠰᠢᠨ ᠢᠶᠠᠨ ᠵᠢᠯᠣᠭᠤᠳᠣᠨ ᠶᠠᠭᠠᠷᠠᠯᠲᠠᠢ ᠠᠵᠢᠯᠯᠠᠵᠤ ᠪᠠᠶᠢᠯ᠎ᠠ᠃ ᠡᠨᠡ ᠬᠡᠳᠦᠨ ᠡᠳᠦᠷ ᠾᠧᠨᠠᠨ ᠲᠣᠰᠬᠤᠨ ᠤ ᠬᠠᠮᠲᠤ ᠶᠢᠨ ᠲᠠᠷᠢᠭᠰᠠᠨ ᠰᠠᠷᠢᠮᠰᠠᠭ ᠡᠯᠪᠡᠭ ᠬᠤᠷᠢᠶᠠᠯᠲᠠ ᠣᠯᠵᠤ᠂ ᠪᠠᠷᠤᠭᠴᠠᠭᠠᠯᠠᠪᠠᠯ ᠮᠦ ᠪᠦᠷᠢ ᠠᠴᠠ 2000 ᠵᠢᠩ ᠰᠠᠷᠢᠮᠰᠠᠭ ᠬᠤᠷᠢᠶᠠᠵᠤ᠂ 7000 ᠲᠥᠭᠦᠷᠢᠭ ᠣᠷᠴᠢᠮ ᠠᠰᠢᠭ ᠬᠦᠷᠲᠡᠨ᠎ᠡ᠃ ᠣᠶᠢᠷ᠎ᠠ ᠶᠢᠨ ᠵᠢᠯ ᠤᠨ ᠲᠤᠷᠰᠢ᠂ ᠲᠣᠰᠬᠤᠨ ᠤ ᠪᠠᠶᠢᠳᠠᠯ ᠳᠤ ᠪᠠᠨ ᠰᠠᠭᠤᠷᠢᠯᠠᠨ᠂ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠰᠠᠷᠢᠮᠰᠠᠭ ᠢ ᠵᠢᠱᠢᠶ᠎ᠡ ᠦᠵᠡᠭᠦᠯᠦᠨ ᠲᠠᠷᠢᠬᠤ ᠪᠠᠷ ᠰᠢᠪᠲᠤᠯᠤᠯᠲᠠ ᠪᠣᠯᠭᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号