7 ᠳ᠋ᠤᠭᠠᠷ ᠰᠠᠷ᠎ᠠ ᠶᠢᠨ 8 ᠤ ᠡᠳᠦᠷ ᠣᠶᠢᠯᠠᠭᠠᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠤᠨ | ᠡᠪᠡᠳᠴᠢᠨ ᠦᠵᠡᠭᠦᠯᠵᠦ ᠡᠮ ᠠᠪᠬᠤ ᠳᠤ ᠨᠡᠩ ᠰᠠᠶᠢᠨ ᠦᠢᠯᠡᠴᠢᠯᠡᠭᠡ ᠬᠠᠩᠭᠠᠵᠦ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠲᠣᠭᠲᠠᠭᠰᠠᠨ | ᠴᠡᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠪᠠ ᠡᠭᠦᠳᠡᠨ ᠡᠮᠨᠡᠯᠭᠡ ᠶᠢᠨ ᠣᠨᠴᠠᠭᠠᠢ ᠤᠵᠢᠭ ᠴᠢᠨᠠᠷᠲᠠᠶ | ᠡᠪᠡᠳᠴᠢᠨ ᠤ ᠵᠥᠪᠳᠡᠯᠴᠡᠬᠡᠷ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ 7 | ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠰᠡᠭ ᠡᠭᠦᠳᠡᠨ ᠡᠮᠨᠡᠯᠭᠡ ᠶᠢᠨ ᠣᠨᠴᠠᠭᠠᠢ ᠤᠵᠢᠭ ᠴᠢᠨᠠᠷᠲᠠᠶ | ᠡᠪᠡᠳᠴᠢᠨ ᠤ ᠲᠣᠭᠲᠠᠭᠰᠠᠨ ᠴᠡᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠪᠴᠢᠶ᠎ᠡ ᠶᠢ ᠥᠷᠭᠡᠳᠬᠡᠪᠡ᠃ | ᠣᠶᠢᠯᠠᠭᠠᠭᠰᠠᠨ ᠢᠶᠠᠷ᠂ ᠰᠢᠰᠲ᠋ᠧᠮᠲᠦ ᠴᠢᠨᠠᠷᠲᠠᠶ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ ᠶᠢᠨ ᠲᠣᠭᠲᠠᠭᠰᠠᠨ | ᠴᠡᠭ ᠤᠨ ᠡᠮᠨᠡᠯᠭᠡ ᠶᠢᠨ ᠬᠤᠷᠢᠶ᠎ᠠ 1 ᠪᠠᠶᠢᠭᠰᠠᠨ ᠢ 5 ᠪᠣᠯᠭᠠᠨ ᠥᠷᠭᠡᠳᠬᠡᠪᠡ᠂ ᠡᠳᠡᠭᠡᠷ ᠨᠢ ᠲᠣᠰ ᠲᠣᠰ ᠵᠡᠪᠰᠡᠭᠲᠦ | ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠶ ᠠᠩᠭᠢ ᠶᠢᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠣᠯᠠᠨ | ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ᠂ ᠥᠪᠥᠷ ᠮᠣᠩᠭᠤᠯ ᠤᠨ ᠬᠢᠲᠠᠳ ᠡᠮᠨᠡᠯᠭᠡ ᠶᠢᠨ ᠬᠤᠷᠢᠶ᠎ᠠ ᠪᠣᠯᠤᠨ᠎ᠠ᠃ | ᠫᠠᠷᠺᠢᠨᠰᠤᠨ ᠡᠪᠡᠳᠴᠢᠨ ᠤ ᠲᠣᠭᠲᠠᠭᠰᠠᠨ ᠴᠡᠭ ᠤᠨ ᠡᠮ ᠤᠨ ᠳᠡᠯᠭᠡᠭᠦᠷ 1 ᠪᠠᠶᠢᠭᠰᠠᠨ ᠢ 3 ᠪᠣᠯᠭᠠᠨ ᠥᠷᠭᠡᠳᠬᠡᠪᠡ᠂ | ᠡᠳᠡᠭᠡᠷ ᠨᠢ ᠲᠤᠰ ᠲᠤᠰ ᠯᠢ ᠠᠨ ᠶᠡᠭᠡ ᠡᠮ ᠤᠨ ᠳᠡᠯᠭᠡᠭᠦᠷ᠂ ᠵᠢᠩ ᠶᠤᠸᠠᠨ ᠶᠡᠭᠡ ᠡᠮ ᠤᠨ ᠳᠡᠯᠭᠡᠭᠦᠷ᠂ ᠭᠦᠸᠧ | ᠳ᠋ᠡ ᠡᠮ ᠤᠨ ᠳᠡᠯᠭᠡᠭᠦᠷ ᠤᠨ ᠨᠢᠭᠡᠳᠦᠭᠡᠷ ᠬᠤᠳᠠᠯᠳᠤᠭ᠎ᠠ ᠪᠣᠯᠣᠨ᠎ᠠ᠃ ᠡᠨᠡ ᠤᠳᠠᠭ᠎ᠠ ᠬᠡᠰᠡᠭ ᠡᠭᠦᠳᠡᠨ ᠡᠮᠨᠡᠯᠭᠡ ᠶᠢᠨ | ᠣᠨᠴᠠᠭᠠᠢ ᠤᠵᠢᠭ ᠴᠢᠨᠠᠷᠲᠠᠶ ᠡᠪᠡᠳᠴᠢᠨ ᠤ ᠲᠣᠭᠲᠠᠭᠰᠠᠨ ᠴᠡᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠶᠢ | ᠥᠷᠭᠡᠳᠬᠡᠭᠰᠡᠨ ᠨᠢ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ | ᠲᠣᠪᠴᠢᠶ᠎ᠠ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ | ᠡᠪᠡᠳᠴᠢᠨ ᠦᠵᠡᠭᠦᠯᠵᠦ ᠡᠮ ᠠᠪᠬᠤ ᠳᠤ ᠳᠥᠭᠦᠮ ᠦᠭᠡᠢ ᠪᠠᠶᠢᠭᠰᠠᠨ ᠵᠢᠴᠢ ᠬᠡᠰᠡᠭ ᠤᠵᠢᠭ ᠴᠢᠨᠠᠷᠲᠠᠶ | ᠡᠪᠡᠳᠴᠢᠨ ᠤ ᠲᠣᠭᠲᠠᠭᠰᠠᠨ ᠴᠡᠭ ᠪᠦᠬᠦᠢ ᠡᠮ ᠡᠮᠨᠡᠯᠭᠡ ᠶᠢᠨ ᠪᠠᠶᠢᠭᠤᠯᠤᠮᠵᠢ ᠴᠥᠬᠡᠨ᠂ ᠪᠠᠶᠢᠷᠢᠯᠠᠭᠤᠯᠤᠯᠲᠠ ᠨᠢ ᠵᠦᠶ | ᠵᠣᠬᠢᠰ ᠦᠭᠡᠶ ᠪᠠᠶᠢᠬᠤ ᠠᠰᠠᠭᠤᠳᠠᠯ ᠳᠤ ᠴᠢᠭᠯᠡᠭᠦᠯᠦᠨ᠂ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠲᠣᠭᠲᠠᠭᠠᠭᠰᠠᠨ ᠶᠠᠪᠤᠳᠠᠯ ᠪᠣᠯᠬᠤ ᠶᠤᠮ᠃ |