3 ᠡᠳᠦᠷ ᠶᠠᠪᠤᠭᠳᠠᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ 7 ᠳ᠋ᠤᠭᠠᠷ ᠰᠠᠷ᠎ᠠ ᠶᠢᠨ 9 ᠤ ᠡᠳᠦᠷ ᠵᠢᠩᠬᠢᠨᠢ ᠪᠠᠷ | ᠳᠠᠭᠤᠰᠪᠠ᠃ | 7 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠨ᠂ ᠡᠯ᠎ᠡ ᠰᠢᠯᠭᠠᠯᠲᠠ ᠬᠢᠨᠠᠬᠤ ᠴᠡᠭ ᠨᠢ ᠰᠢᠯᠭᠠᠯᠲᠠ ᠶᠢ | ᠡᠬᠢᠯᠡᠨ ᠬᠢᠨᠠᠵᠤ᠂ ᠵᠢᠱᠢᠯᠲᠡ ᠪᠠᠷ 7 ᠳ᠋ᠤᠭᠠᠷ ᠰᠠᠷ᠎ᠠ ᠶᠢᠨ 22 ᠤᠨ ᠡᠳᠦᠷ ᠰᠢᠯᠭᠠᠯᠲᠠ ᠬᠢᠨᠠᠬᠤ ᠠᠵᠢᠯ ᠳᠠᠭᠤᠰᠤᠨ᠎ᠠ᠃ | 7 ᠳ᠋ᠤᠭᠠᠷ ᠰᠠᠷ᠎ᠠ ᠶᠢᠨ 23 ᠤ ᠡᠳᠦᠷ᠂ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠢᠷᠢ ᠪᠦᠲᠦᠮᠵᠢ ᠶᠢ ᠪᠠᠶᠢᠴᠠᠭᠠᠨ ᠯᠠᠪᠯᠠᠵᠤ ᠪᠣᠯᠤᠨ᠎ᠠ᠂ ᠪᠣᠳᠠᠲᠠᠶ ᠬᠤᠪᠢ ᠪᠠᠶᠢᠴᠠᠭᠠᠬᠤ ᠠᠷᠭ᠎ᠠ ᠬᠡᠯᠪᠡᠷᠢ ᠨᠢ᠄ | 1. ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ ᠦᠨ᠎ᠡ ᠲᠥᠯᠥᠪᠦᠷᠢ | ᠦᠭᠡᠢ ᠪᠠᠷ ᠪᠠᠶᠢᠴᠠᠭᠠᠨ ᠯᠠᠪᠯᠠᠵᠤ ᠪᠣᠯᠣᠨ᠎ᠠ︔ 2. ᠭᠠᠷ ᠤᠲᠠᠰᠤ ᠪᠠᠷ ᠢᠶᠠᠨ 10628833 ᠭᠡᠬᠦ ᠨᠣᠮᠧᠷ ᠲᠤ | ︽gkcf ᠰᠢᠯᠭᠠᠭᠤᠯᠤᠭᠴᠢ ᠶᠢᠨ ᠳ᠋ᠤᠭᠠᠷ︾ ᠭᠡᠰᠡᠨ ᠣᠬᠤᠷ ᠮᠡᠳᠡᠭᠡ ᠶᠢ ᠳᠡᠪᠰᠢᠭᠦᠯᠦᠨ ᠬᠢᠷᠢ ᠪᠦᠲᠦᠮᠵᠢ ᠪᠠᠨ | ᠯᠠᠪᠯᠠᠵᠤ ᠪᠣᠯᠣᠨ᠎ᠠ︔ 3. ᠠᠦ᠋ᠲ᠋ᠣ᠋ ᠠᠪᠢᠶᠠᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠪᠠᠶᠢᠴᠠᠭᠠᠨ | ᠯᠠᠪᠯᠠᠬᠤ ᠳᠤ᠂ ᠣᠷᠣᠨ ᠤ ᠲᠣᠲᠣᠭᠠᠳᠤᠬᠢ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠬᠡᠷᠡᠭᠯᠡᠭᠴᠢ | 16897788 ᠳᠤ ᠤᠲᠠᠰᠤᠳᠠᠵᠤ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠬᠡᠷᠡᠭᠯᠡᠭᠴᠢ | 1681778 ᠳᠤ ᠤᠲᠠᠰᠤᠳᠠᠵᠤ᠂ ᠳᠤᠮᠳᠠᠳᠤ ᠤᠯᠤᠰ ᠤᠨ ᠲᠡᠮᠦᠷ ᠵᠠᠮ ᠤᠨ ᠬᠤᠯᠪᠣᠭᠠᠨ ᠤ ᠬᠡᠷᠡᠭᠯᠡᠭᠴᠢ | 95105168 ᠳᠤ ᠤᠲᠠᠰᠤᠳᠠᠵᠤ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠬᠡᠷᠡᠭᠯᠡᠭᠴᠢ | 1255088 ᠳᠤ ᠤᠲᠠᠰᠤᠳᠠᠨ᠎ᠠ︔ 4. ᠬᠥᠮᠦᠨ ᠤ ᠬᠦᠴᠦ ᠪᠠᠷ ᠮᠡᠳᠡᠭᠡ ᠵᠠᠩᠭᠢ ᠬᠠᠶᠢᠬᠤ ᠲᠠᠪᠴᠠᠩ ᠢᠶᠠᠷ | ᠪᠠᠶᠢᠴᠠᠭᠠᠨ ᠯᠠᠪᠯᠠᠬᠤ ᠳᠤ᠂ ᠨᠢᠭᠡᠳᠦᠮᠡᠯ ᠬᠤᠯᠪᠣᠭ᠎ᠠ ᠶᠢᠨ ᠬᠡᠷᠡᠭᠯᠡᠭᠴᠢ 1607788 ᠳᠤ ᠤᠲᠠᠰᠤᠳᠠᠵᠤ᠂ ᠤᠲᠠᠰᠤ | ᠵᠠᠯᠭᠠᠭᠴᠢ ᠪᠠᠷ ᠳᠠᠮᠵᠢᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠶᠢ | ᠪᠠᠶᠢᠴᠠᠭᠠᠨ ᠯᠠᠪᠯᠠᠵᠤ ᠪᠣᠯᠣᠨ᠎ᠠ᠃ | ᠡᠭᠦᠨ ᠤ ᠬᠠᠮᠲᠤ᠂ 7 ᠳ᠋ᠤᠭᠠᠷ ᠰᠠᠷ᠎ᠠ ᠶᠢᠨ 23 ᠤ ᠡᠳᠦᠷ ᠰᠤᠷᠭᠠᠭᠤᠯᠢ ᠳᠤ ᠡᠯᠰᠡᠬᠦ ᠬᠤᠪᠢ ᠶᠢᠨ | ᠱᠤᠭᠤᠮ ᠢ ᠲᠣᠭᠲᠠᠭᠠᠬᠤ ᠪᠠᠷ ᠪᠠᠶᠢᠨ᠎ᠠ᠃ 7 ᠳ᠋ᠤᠭᠠᠷ ᠰᠠᠷ᠎ᠠ ᠶᠢᠨ 26 ᠤ ᠡᠳᠦᠷ᠂ ᠰᠢᠯᠭᠠᠭᠤᠯᠤᠭᠴᠢ ᠴᠡᠷᠢᠭ ᠤᠨ | ᠶᠠᠪᠤᠳᠠᠯ ᠤᠨ ᠳᠣᠲᠣᠭᠠᠳᠤ ᠶᠢ ᠬᠠᠮᠠᠭᠠᠯᠠᠬᠤ ᠳᠡᠭᠡᠳᠦ ᠰᠤᠷᠭᠠᠭᠤᠯᠢ ᠳᠤ ᠰᠠᠨᠠᠮᠵᠢ ᠪᠠᠨ ᠲᠠᠭᠯᠠᠵᠤ᠂ ᠰᠣᠷᠣᠭᠴᠢ | ᠡᠯᠰᠡᠬᠦ ᠬᠥᠰᠢᠭᠡ ᠶᠢ ᠰᠡᠬᠦᠨ᠎ᠡ᠃ 8 ᠳ᠋ᠤᠭᠠᠷ ᠰᠠᠷ᠎ᠠ ᠶᠢᠨ ᠡᠬᠢ ᠪᠠᠷ᠂ ᠡᠯ᠎ᠡ ᠪᠦᠯᠦᠭ ᠤᠳᠠᠭ᠎ᠠ᠂ ᠡᠯ᠎ᠡ ᠲᠥᠷᠥᠯ ᠤᠨ | ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯ ᠢ ᠵᠠᠯᠭᠠᠭ᠎ᠠ ᠪᠠᠷ | ᠥᠷᠨᠢᠭᠦᠯᠵᠦ᠂ ᠵᠢᠱᠢᠯᠲᠡ ᠪᠠᠷ 9 ᠳ᠋ᠦ᠋ᠭᠡᠷ ᠰᠠᠷ᠎ᠠ ᠶᠢᠨ ᠡᠬᠢ ᠪᠠᠷ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠠᠵᠢᠯ ᠴᠥᠮ ᠳᠠᠭᠤᠰᠬᠤ ᠪᠣᠯᠣᠨ᠎ᠠ᠃ |