︽ᠪᠠᠶᠠᠰᠬᠤᠯᠠᠩᠳᠤ ᠲᠠᠯ᠎ᠠ ᠨᠤᠳᠤᠭ · ᠡᠷᠡᠬᠦᠯ ᠡᠩᠬᠡ ᠦᠪᠤᠷ ᠮᠤᠩᠭᠤᠯ︾ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠡᠬᠢᠯᠡᠪᠡ  ᠵᠧᠩ ᠬᠤᠩ ᠹᠠᠨ ᠲᠠᠮᠢᠷ ᠤᠨ ᠴᠤᠭᠯᠠᠭᠠᠨ ᠡᠬᠢᠯᠡᠭᠰᠡᠡ ᠢ ᠵᠠᠷᠯᠠᠵᠠᠢ
ᠨᠡᠶᠢᠲᠡᠯᠡᠭᠰᠡᠨ ᠴᠠᠭ᠄
2020/8/10
     8 ᠰᠠᠷ᠎ᠠ ᠶᠢᠨ 8᠎ ᠤ ᠤᠷᠤᠢ᠂ ︽ᠪᠠᠶᠠᠰᠬᠤᠯᠠᠩᠳᠤ ᠲᠠᠯ᠎ᠠ ᠨᠤᠳᠤᠭ · ᠡᠷᠡᠬᠦᠯ ᠡᠩᠬᠡ ᠦᠪᠤᠷ ᠮᠤᠩᠭᠤᠯ︾ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠷᠤᠨ ᠤ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠤ ᠡᠬᠢᠯᠡᠯᠳᠡ ᠶᠢᠨ ᠶᠤᠰᠤᠯᠠᠯ ᠦᠪᠤᠷ ᠮᠤᠩᠭᠤᠯ ᠤᠨ ᠪᠡᠶ᠎ᠡ ᠶᠢᠨ ᠲᠠᠮᠢᠷ ᠤᠨ ᠤᠷᠳᠤᠨ ᠳᠤ ᠶᠠᠪᠤᠭᠳᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠧᠩ ᠬᠤᠩ ᠹᠠᠨ ᠶᠤᠰᠤᠯᠠᠯ ᠳᠤ ᠤᠷᠤᠯᠴᠠᠬᠰᠠᠠ ᠪᠦᠬᠡᠳ ᠲᠠᠮᠢᠷ ᠤᠨ ᠴᠤᠭᠯᠠᠭᠠᠨ ᠡᠬᠢᠯᠡᠭᠰᠡᠡ ᠢ ᠵᠠᠷᠯᠠᠵᠠᠢ᠃      ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ 13 ᠵᠦᠢᠯ ᠤᠨ ᠤᠷᠤᠯᠳᠤᠭᠠᠨ ᠤ ᠠᠵᠢᠯᠯᠠᠭ᠎ᠠ ᠶᠠᠪᠤᠭᠤᠯᠤᠨ᠎ᠠ᠂ ᠡᠬᠦᠨ ᠳᠤ ᠪᠦᠬᠡ ᠵᠡᠷᠬᠡ 3 ᠵᠦᠢᠯ ᠤᠨ ᠦᠨᠳᠦᠰᠦᠳᠡᠨ ᠤ ᠤᠯᠠᠮᠵᠢᠯᠠᠯᠳᠤ ᠪᠡᠶ᠎ᠡ ᠶᠢᠨ ᠲᠠᠮᠢᠷ ᠤᠨ ᠲᠦᠷᠦᠯ ᠵᠦᠢᠯ᠂ ᠪᠡᠶ᠎ᠡ ᠴᠢᠬᠢᠷᠠᠬᠵᠢᠭᠤᠯᠬᠤ ᠠᠮᠢᠰᠬᠤᠯ ᠤᠨ ᠲᠠᠮᠢᠷ ᠵᠡᠷᠬᠡ 5 ᠵᠦᠢᠯ ᠤᠨ ᠦᠷᠬᠡᠨ ᠢᠶᠠᠷ ᠲᠦᠬᠡᠮᠡᠯᠵᠢᠬᠦᠯᠬᠦ ᠲᠦᠷᠦᠯ ᠵᠦᠢᠯ᠂ ᠬᠦᠷᠳᠤᠳᠤ ᠭᠤᠯᠭᠤᠭᠤᠷ ᠵᠡᠷᠬᠡ 3 ᠵᠦᠢᠯ ᠤᠨ ᠲᠡᠯᠬᠡᠷᠡᠬᠦᠯᠬᠦ ᠲᠦᠷᠦᠯ ᠵᠦᠢᠯ ᠵᠢᠴᠢ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠡᠳᠤᠷ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠵᠡᠷᠬᠡ 2 ᠵᠦᠢᠯ ᠤᠨ ᠦᠵᠡᠬᠦᠯᠬᠡ ᠶᠢᠨ ᠠᠵᠢᠯᠯᠠᠭ᠎ᠠ ᠪᠠᠭᠳᠠᠨ᠎ᠠ᠂ ᠬᠦᠬᠡᠬᠤᠳᠠ ᠳᠤ ᠭᠤᠤᠯ ᠤᠷᠤᠯᠳᠤᠭᠠᠨ ᠤ ᠲᠤᠭᠤᠷᠢᠭ ᠭᠠᠷᠭᠠᠵᠠᠢ᠃      ︽ᠪᠠᠶᠠᠰᠬᠤᠯᠠᠩᠳᠤ ᠲᠠᠯ᠎ᠡ ᠨᠤᠳᠤᠭ · ᠡᠷᠡᠬᠦᠯ ᠡᠩᠭᠡ ᠦᠪᠤᠷ ᠮᠤᠩᠭᠤᠯ︾ ᠪᠦᠬᠦ ᠤᠷᠤᠨ ᠤ ᠪᠦᠬᠦ ᠠᠷᠠᠳ ᠎ ᠤᠨ ᠪᠡᠶ᠎ᠡ ᠴᠢᠬᠢᠷᠠᠬᠵᠢᠭᠤᠯᠬᠤ ᠲᠠᠮᠢᠷ ᠤᠨ ᠴᠤᠭᠯᠠᠭᠠᠨ ᠨᠢ ᠦᠪᠡᠷᠳᠡᠭᠡᠨ ᠵᠠᠰᠬᠠᠤ ᠤᠷᠤᠨ ᠤ ᠤᠯᠠᠨ ᠲᠦᠮᠡᠨ ᠤ ᠪᠠᠶ᠎ᠡ ᠲᠠᠮᠢᠷ ᠤᠨ ᠲᠦᠷᠦᠯ ᠲᠡᠮᠳᠡᠭ ᠤᠨ ᠤᠷᠤᠯᠳᠤᠭᠠᠨ ᠤ ᠠᠵᠢᠯᠯᠠᠭ᠎ᠠ ᠪᠤᠯᠤᠬᠰᠡᠨ ᠤ ᠬᠤᠪᠢ ᠳᠤ᠂ ᠨᠢᠭᠡᠨᠳᠠ ᠵᠠᠯᠭᠠᠭ᠎ᠠ ᠪᠠᠷ ᠠᠷᠪᠡᠨ ᠨᠢᠭᠡᠨ ᠬᠤᠭᠤᠴᠠᠭ᠎ᠠ ᠠᠮᠵᠢᠯᠳᠠ ᠲᠠᠢ ᠶᠠᠪᠤᠬᠳᠠᠪᠠ᠃ ᠠᠵᠢᠯᠯᠠᠭ᠎ᠠ ᠶᠢᠨ ᠵᠠᠯᠭᠠᠭ᠎ᠠ ᠪᠠᠷ ᠶᠠᠪᠤᠬᠳᠠᠬᠰᠡᠨ ᠨᠢ ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠠᠭᠤᠷ ᠠᠮᠢᠰᠬᠤᠯ ᠢ ᠪᠤᠢ ᠪᠤᠯᠭᠠᠵᠤ᠂ ᠪᠦᠬᠦ ᠠᠷᠠᠳ ᠎ ᠤᠨ ᠡᠷᠡᠬᠦᠯ ᠮᠠᠨᠳᠤ ᠪᠤᠯᠤᠨ ᠪᠦᠬᠦ ᠠᠷᠠᠳ ᠤᠨ ᠪᠡᠶ᠎ᠡ ᠴᠢᠬᠢᠷᠠᠬᠵᠢᠭᠤᠯᠬᠤ ᠶᠢᠨ ᠬᠦᠨ ᠠᠭᠤᠰᠤᠯᠴᠠᠬᠤ ᠶᠢ ᠠᠬᠢᠭᠤᠯᠤᠬᠰᠡᠨ ᠪᠠᠶᠢᠨ᠎ᠡ᠃      ᠡᠬᠢᠯᠡᠯᠳᠠ ᠶᠢᠨ ᠡᠳᠦᠷ ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢᠨ ᠭᠠᠷᠠᠭ ᠤᠨ ᠡᠬᠢᠯᠡᠯᠳᠠ ᠶᠢᠨ ᠶᠤᠰᠤᠯᠠᠯ᠂ 2020 ᠣᠨ ᠤ ︽ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ᠡᠳᠦᠷ︾ ᠲᠠᠯᠠᠨ ᠬᠠᠷ᠎ᠡ ᠠᠭᠤᠯᠠ ᠳᠠᠬᠢ ᠬᠦᠶᠤᠯᠳᠠ᠂ ᠪᠦᠬᠦ ᠠᠷᠠᠳ ᠤᠨ ᠪᠠᠶ᠎ᠡ ᠴᠢᠬᠢᠷᠠᠬᠵᠢᠭᠤᠯᠬᠤ ︽ᠭᠠᠶᠢᠬᠠᠮᠰᠢᠬᠳᠤ ᠰᠦᠨᠢ︾᠎ ᠶᠢᠨ ᠲᠡᠯᠭᠡᠨ ᠦᠵᠡᠬᠦᠯᠭᠡ ᠵᠡᠷᠭᠡ ᠠᠵᠢᠯᠯᠠᠭ᠎ᠠ ᠦᠷᠨᠢᠬᠦᠯᠪᠠ᠃      ᠲᠤᠰ ᠤᠳᠠᠭ᠎ᠠ ᠶᠢᠨ ᠠᠵᠢᠯᠯᠠᠭ᠎ᠠ ᠶᠢ ᠦᠪᠡᠷᠳᠡᠭᠡᠨ ᠵᠠᠰᠬᠠᠤ ᠤᠷᠤᠨ ᠤ ᠪᠠᠶ᠎ᠡ ᠶᠢᠨ ᠲᠠᠮᠢᠷ ᠤᠨ ᠲᠤᠪᠴᠢᠶ᠎ᠡ᠂ ᠬᠦᠭᠡᠬᠤᠳᠠ ᠶᠢᠨ ᠠᠷᠠᠳ ᠤᠨ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠦᠪᠡᠷᠳᠡᠭᠡᠨ ᠵᠠᠰᠬᠠᠤ ᠤᠷᠤᠨ ᠤ ᠨᠡᠶᠢᠭᠡᠮ ᠤᠨ ᠪᠠᠶ᠎ᠡ ᠶᠢᠨ ᠲᠠᠮᠢᠷ ᠤᠨ ᠦᠢᠯᠡᠴᠢᠯᠡᠭᠡᠨ ᠤ ᠲᠦᠪ᠂ ᠬᠦᠭᠡᠬᠤᠳᠠ  ᠶᠢᠨ ᠪᠠᠶ᠎ᠡ ᠶᠢᠨ ᠲᠠᠮᠢᠷ ᠤᠨ ᠲᠤᠪᠴᠢᠶ᠎ᠡ ᠠᠴᠠ ᠲᠠᠭᠠᠭᠠᠴᠢᠯᠡᠨ ᠡᠷᠬᠢᠯᠡᠵᠤ᠂ ᠨᠡᠶᠢᠳᠠ 4 ᠡᠳᠦᠷ ᠶᠠᠪᠤᠬᠳᠠᠬᠤ ᠪᠤᠯᠤᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号