8 ᠰᠠᠷ᠎ᠠ ᠶᠢᠨ 9 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠭᠤᠤᠯᠯᠠᠨ ᠡᠷᠭᠢᠯᠡᠵᠦ᠂ | ᠦᠪᠡᠷᠲᠡᠭᠡᠨ ᠵᠠᠰᠠᠬᠤ ᠤᠷᠤᠨ ᠤ ᠤᠷᠠᠨ ᠵᠢᠷᠤᠭᠴᠢᠳ ᠤᠨ ᠨᠡᠶᠢᠭᠡᠮᠯᠢᠭ᠂ ᠦᠪᠡᠷᠲᠡᠭᠡᠨ ᠵᠠᠰᠠᠬᠤ ᠤᠷᠤᠨ ᠤ ᠤᠷᠠᠨ | ᠪᠢᠴᠢᠯᠭᠡᠲᠡᠨ ᠤ ᠨᠡᠶᠢᠭᠡᠮᠯᠢᠭ᠂ ᠦᠪᠡᠷᠲᠡᠭᠡᠨ ᠵᠠᠰᠠᠬᠤ ᠤᠷᠤᠨ ᠤ ᠭᠡᠷᠡᠯ ᠵᠢᠷᠤᠭᠴᠢᠳ ᠤᠨ ᠨᠡᠶᠢᠭᠡᠮᠯᠢᠭ ᠪᠠ ᠥᠪᠥᠷ | ᠮᠣᠩᠭᠤᠯ ᠤᠨ ᠤᠷᠠᠨ ᠵᠢᠷᠤᠭ ᠤᠨ ᠣᠷᠳᠣᠨ ᠬᠠᠮᠲᠤᠷᠠᠨ ᠳᠠᠭᠠᠭᠠᠴᠢᠯᠠᠨ ᠡᠷᠭᠢᠯᠡᠭᠰᠡᠨ ︽ᠥᠪᠥᠷ ᠮᠣᠩᠭᠤᠯ ᠤᠨ | 2020 ᠣᠨ ᠤ ︿ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ | ᠤᠯᠰᠤᠭᠠᠢ﹀ ᠵᠢᠴᠢ ︿ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠰᠤᠭᠠᠢ﹀ ᠬᠡᠮᠡᠬᠦ ᠭᠤᠤᠯ ᠰᠡᠳᠦᠪᠲᠦ | ᠤᠷᠠᠨ ᠵᠢᠷᠤᠭ ᠤᠷᠠᠨ ᠪᠢᠴᠢᠯᠭᠡ ᠬᠡᠷᠡᠯ ᠵᠢᠷᠤᠭ ᠤᠨ ᠪᠦᠲᠦᠭᠡᠯ ᠤᠨ ᠦᠵᠡᠰᠭᠦᠯᠡᠩ︾ ᠥᠪᠥᠷ ᠮᠣᠩᠭᠤᠯ ᠤᠨ ᠤᠷᠠᠨ | ᠵᠢᠷᠤᠭ ᠤᠨ ᠣᠷᠳᠣᠨ ᠳᠤ ᠡᠬᠢᠯᠡᠪᠡ᠃ | ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ · ᠥᠪᠥᠷ ᠮᠣᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠲᠤᠰ ᠦᠵᠡᠰᠭᠦᠯᠡᠩ ᠨᠢ | ᠲᠤᠰᠤᠨ ᠪᠤᠳᠤᠭ ᠤᠨ ᠵᠢᠷᠤᠭ᠂ ᠱᠤᠭᠤᠮᠠᠯ᠂ ᠮᠤᠩᠭᠤᠯ ᠬᠢᠲᠠᠳ ᠤᠷᠠᠨ ᠪᠢᠴᠢᠯᠭᠡ᠂ ᠮᠤᠩᠭᠤᠯ ᠬᠢᠲᠠᠳ ᠭᠤᠷ | ᠰᠡᠶᠢᠯᠦᠮᠡᠯ᠂ ᠭᠡᠷᠡᠯ ᠵᠢᠷᠤᠭ ᠵᠡᠷᠭᠡ 8 ᠦᠵᠡᠰᠭᠦᠯᠡᠩ ᠬᠤᠪᠢᠶᠠᠵᠤ᠂ ᠨᠡᠶᠢᠲᠡ 1176 ᠬᠤᠪᠢ ᠤᠷᠠᠯᠢᠭ ᠤᠨ | ᠰᠣᠳᠣᠨ ᠪᠦᠲᠦᠭᠡᠯ ᠢ ᠳᠡᠯᠭᠡᠨ ᠦᠵᠡᠭᠦᠯᠵᠦ᠂ ᠡᠨᠡ ᠨᠢ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭᠴᠢᠳ ᠪᠣᠯᠤᠨ | ᠤᠳᠬ᠎ᠠ ᠤᠷᠠᠯᠢᠭ ᠤᠨ ᠠᠵᠢᠯᠲᠠᠳ ᠤᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠷᠢᠮᠲᠠᠯᠠᠵᠤ᠂ ᠠᠮᠢᠳᠤᠷᠠᠯ ᠳᠤ ᠭᠦᠨᠵᠡᠭᠡᠶᠢᠷᠡᠨ ᠠᠷᠠᠳ ᠲᠦᠮᠡᠨ ᠤ ᠳᠤᠮᠳᠠ ᠦᠨᠳᠦᠰᠦᠯᠡᠵᠦ᠂ | ᠦᠨᠳᠦᠰᠦᠨ ᠱᠠᠲᠤᠨ ᠳᠠᠬᠢ ᠦᠢᠯᠡᠳᠦᠯᠭᠡ ᠶᠢᠨ ᠳᠤᠮᠳᠠ ᠵᠤᠬᠢᠶᠠᠨ ᠪᠦᠲᠦᠭᠡᠭᠰᠡᠨ ᠤᠷᠠᠯᠢᠭ ᠤᠨ ᠪᠦᠲᠦᠭᠡᠯ ᠤᠳ | ᠪᠤᠯᠤᠨ᠎ᠠ᠃ ᠡᠳᠡᠭᠡᠷ ᠪᠦᠲᠦᠭᠡᠯ ᠨᠢ ᠣᠯᠠᠨ ᠵᠦᠢᠯ ᠤᠨ ᠤᠷᠠᠯᠢᠭ ᠤᠨ ᠬᠡᠯᠪᠡᠷᠢ ᠪᠠᠷ ︽ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠳᠤ ᠠᠭᠤᠯᠤᠭᠳᠠᠵᠤ ᠪᠠᠶᠢᠭ᠎ᠠ ︽ᠮᠣᠩᠭᠤᠯ ᠮᠣᠷᠢᠨ ᠤ ᠵᠣᠷᠢᠭ ᠰᠠᠨᠠᠭ᠎ᠠ︾ | ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ᠰᠢᠨ᠎ᠡ ᠴᠠᠭ ᠦᠶ᠎ᠡ ᠶᠢᠨ ᠥᠪᠡᠷᠲᠡᠭᠡᠨ ᠵᠠᠰᠠᠬᠤ ᠣᠷᠣᠨ ᠤ | ᠡᠯ᠎ᠡ ᠲᠦᠷᠦᠯ ᠤᠨ ᠠᠵᠢᠯ ᠦᠢᠯᠡᠰ ᠤᠨ ᠥᠷᠨᠢᠩᠭᠦᠢ ᠬᠥᠭᠵᠢᠯᠲᠡ ᠶᠢᠨ ᠲᠤᠬᠠᠢ ᠤᠷᠠᠯᠢᠭ ᠤᠨ ᠢᠯᠡᠷᠡᠭᠦᠯᠦᠯ | ᠪᠣᠯᠤᠨ᠎ᠠ᠃ | ᠲᠤᠰ ᠦᠵᠡᠰᠬᠦᠯᠡᠩ ᠢᠶᠠᠷ ᠳᠠᠮᠵᠢᠨ ᠥᠷᠭᠡᠨ ᠣᠯᠠᠨ ᠤᠳᠬ᠎ᠠ ᠤᠷᠠᠯᠢᠭᠴᠢᠳ ᠪᠣᠯᠤᠨ ᠤᠳᠬ᠎ᠠ | ᠤᠷᠠᠯᠢᠭ ᠤᠨ ᠠᠵᠢᠯᠲᠠᠳ ᠢ ᠲᠠᠯ᠎ᠠ ᠨᠤᠲᠤᠭ ᠤᠨ ᠰᠣᠶᠣᠯ ᠳᠤ ᠠᠩᠬᠠᠷᠤᠯ ᠢᠶᠠᠨ ᠨᠡᠩ ᠢᠯᠡᠭᠦᠦ ᠬᠠᠨᠳᠤᠭᠤᠯᠤᠨ᠂ | ᠰᠢᠨ᠎ᠡ ᠴᠠᠭ ᠦᠶ᠎ᠡ ᠶᠢᠨ ᠦᠪᠡᠷᠲᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠠᠵᠢᠯ ᠦᠢᠯᠡᠰ ᠤᠨ ᠥᠷᠨᠢᠩᠭᠦᠶ | ᠬᠥᠭᠵᠢᠯᠲᠡ ᠶᠢᠨ ᠠᠮᠢᠵᠢᠷᠠᠯ ᠤᠨ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠳᠡᠯᠭᠡᠷ ᠨᠥᠯᠥᠭᠡᠯᠡᠬᠦ | ᠬᠦᠴᠦᠨ ᠪᠠ ᠤᠯᠠᠮᠵᠢᠯᠠᠨ ᠳᠠᠮᠵᠢᠭᠤᠯᠬᠤ ᠬᠦᠴᠦᠨ ᠪᠥᠬᠦᠶ ᠨᠠᠩ ᠣᠯᠠᠨ ᠤᠷᠠᠯᠢᠭ ᠤᠨ ᠰᠣᠳᠣᠨ ᠪᠦᠲᠦᠭᠡᠯ ᠢ | ᠵᠣᠬᠢᠶᠠᠨ ᠪᠦᠲᠦᠭᠡᠵᠦ᠂ ᠡᠬᠡ ᠤᠯᠤᠰ ᠤᠨ ᠤᠮᠠᠷᠠᠲᠤ ᠬᠢᠯᠢ ᠶᠢᠨ ᠦᠵᠡᠰᠭᠦᠯᠡᠩᠲᠦ ᠰᠠᠶᠢᠬᠠᠨ ᠲᠠᠯ᠎ᠠ ᠨᠤᠲᠤᠭ ᠤᠨ | ᠡᠳᠦᠷ ᠠᠴᠠ ᠡᠳᠦᠷ ᠰᠢᠨᠡᠳᠴᠦ ᠪᠠᠶᠢᠭ᠎ᠠ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠭᠦᠢᠴᠡᠳ ᠢᠯᠡᠷᠡᠭᠦᠯᠬᠦ ᠶᠢ | ᠰᠠᠨᠠᠭᠠᠴᠢᠯᠠᠭᠰᠠᠨ ᠪᠠᠶᠢᠨ᠎ᠠ᠃ ᠲᠤᠰ ᠦᠵᠡᠰᠭᠦᠯᠡᠩ ᠨᠢ ᠥᠪᠥᠷ ᠮᠣᠩᠭᠤᠯ ᠤᠨ ᠤᠷᠠᠨ ᠵᠢᠷᠤᠭ ᠤᠨ ᠣᠷᠳᠣᠨ ᠤ | 3 — 12 ᠳ᠋ᠤᠭᠠᠷ ᠦᠵᠡᠭᠦᠯᠭᠡ ᠶᠢᠨ ᠲᠢᠩᠬᠢᠮ ᠳᠤ 8 ᠰᠠᠷ᠎ᠠ ᠶᠢᠨ 31 ᠤ ᠡᠳᠦᠷ ᠪᠣᠯᠲᠠᠯ᠎ᠠ ᠦᠷᠭᠦᠯᠵᠢᠯᠡᠵᠦ᠂ | ᠮᠦᠨ ᠰᠦᠯᠵᠢᠶᠡᠨ ᠳᠡᠭᠡᠷ᠎ᠡ ᠵᠡᠷᠭᠡ ᠪᠠᠷ ᠳᠡᠯᠭᠡᠨ ᠦᠵᠡᠭᠦᠯᠵᠦ᠂ ᠦᠪᠦᠷ ᠮᠤᠩᠭᠤᠯ ᠤᠨ ᠲᠠᠯ᠎ᠠ ᠨᠤᠲᠤᠭ ᠤᠨ | ᠰᠣᠶᠣᠯ ᠤᠨ ᠨᠠᠶᠢᠷ ᠤᠨ ᠬᠤᠭᠤᠴᠠᠭᠠᠨ ᠳᠤ ᠭᠦᠨ ᠵᠤᠵᠠᠭᠠᠨ ᠰᠣᠶᠣᠯ ᠤᠷᠠᠯᠢᠭ ᠤᠨ ᠠᠭᠤᠷ ᠠᠮᠢᠰᠬᠤᠯ ᠨᠡᠮᠡᠷᠢᠯᠡᠬᠦ | ᠪᠤᠯᠤᠨ᠎ᠠ᠃ |