ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠰᠢᠷᠣᠶ ᠶᠢᠨ ᠪᠠᠶᠢᠴᠠᠭᠠᠯᠲᠠ ᠶᠢᠨ | ᠲᠥᠯᠥᠪᠵᠢᠭᠦᠯᠭᠡ ᠶᠢᠨ ᠬᠦᠷᠢᠶᠡᠯᠡᠩ ᠠᠶᠢᠯ ᠲᠣᠰᠬᠤᠨ ᠤ ᠲᠥᠯᠥᠪᠵᠢᠭᠦᠯᠭᠡ ᠶᠢᠨ ᠲᠤᠰᠬᠠᠶ ᠰᠡᠳᠦᠪᠲᠦ ᠬᠤᠷᠠᠯ ᠢ | ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠯᠠᠱᠠ ᠵᠡᠭᠦᠨ ᠬᠤᠰᠢᠭᠤᠨ ᠤ ᠪᠠᠶᠠᠨ ᠰᠤᠮᠤᠨ ᠤ ᠬᠠᠮᠲᠤᠷᠠᠭᠰᠠᠨ | ᠭᠠᠴᠠᠭ᠎ᠠ᠂ ᠬᠤᠩᠱᠠᠨ ᠲᠣᠭᠤᠷᠢᠭ ᠤᠨ ᠸᠧᠨ ᠵᠥᠩ ᠪᠠᠯᠭᠠᠰᠤᠨ ᠤ ᠨᠠᠨ ᠳ᠋ᠠ ᠶᠢᠩ ᠽᠢ ᠲᠣᠰᠬᠤᠨ ᠵᠢᠴᠢ | ᠦᠶᠤᠸᠠᠨ ᠰᠢᠶᠠᠨ ᠤ ᠲᠠᠷᠬᠤ ᠪᠠᠯᠭᠠᠰᠤ ᠶᠢᠨ ᠴᠦᠨ ᠭᠤᠸᠠᠩ ᠲᠣᠰᠬᠤᠨ ᠤ 3 ᠲᠤᠷᠰᠢᠯᠲᠠ ᠶᠢᠨ ᠲᠣᠰᠬᠤᠨ ᠤ | ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ ᠲᠤᠷᠰᠢᠯᠲᠠ ᠶᠢᠨ ᠴᠡᠭ ᠤᠨ ᠲᠣᠰᠬᠤᠨ ᠤ ᠲᠣᠰ ᠲᠣᠰ ᠤᠨ | ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠨᠢ᠂ ᠮᠠᠨ ᠤ ᠣᠷᠣᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠲᠥᠯᠥᠪᠵᠢᠭᠦᠯᠭᠡ ᠶᠢᠨ ᠰᠢᠰᠲ᠋ᠧᠮᠵᠢ ᠶᠢᠨ ᠳᠣᠤᠷᠠᠬᠢ ᠠᠶᠢᠯ ᠲᠣᠰᠬᠤᠨ ᠤ ᠲᠥᠯᠥᠪᠵᠢᠭᠦᠯᠭᠡ ᠶᠢᠨ ᠭᠤᠤᠯ | ᠠᠭᠤᠯᠭ᠎ᠠ ᠪᠣᠯ ᠳᠠᠷᠤᠢ ᠲᠣᠰᠬᠤᠨ ᠤ ᠬᠡᠪᠴᠢᠶᠡᠨ ᠳᠠᠬᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ | ᠪᠠᠶᠢᠷᠢᠰᠢᠭᠤᠯᠤᠯᠲᠠ᠂ ᠠᠮᠢ ᠠᠬᠤᠢ ᠶᠢᠨ ᠤᠯᠠᠭᠠᠨ ᠱᠤᠭᠤᠮ ᠤᠨ ᠪᠠᠶᠢᠷᠢᠰᠢᠭᠤᠯᠤᠯᠲᠠ᠂ ᠬᠡᠷᠡᠭᠯᠡᠭᠡᠨ ᠤ ᠬᠤᠪᠢᠶᠠᠷᠢ | ᠲᠣᠭᠤᠷᠢᠭ᠂ ᠠᠶᠢᠯ ᠲᠣᠰᠬᠤᠨ ᠤ ᠳᠣᠲᠣᠭᠠᠳᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠪᠠᠶᠢᠷᠢᠰᠢᠭᠤᠯᠤᠯᠲᠠ ᠪᠠ ᠠᠶᠢᠯ ᠲᠣᠰᠬᠤᠨ ᠤ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠲᠣᠷᠬᠠᠶᠢᠯᠠᠵᠤ᠂ ᠡᠩ | ᠲᠡᠷᠢᠭᠦᠨ ᠳᠤ ᠪᠣᠬᠢᠷᠲᠤᠯ ᠥᠬᠡᠶ ᠬᠥᠭᠵᠢᠯᠲᠡ ᠶᠢ ᠬᠠᠮᠠᠭᠠᠯᠠᠬᠤ ᠶᠢ ᠪᠠᠷᠢᠮᠲᠠᠯᠠᠵᠤ᠂ ᠬᠥᠮᠦᠨ ᠢᠶᠠᠷ ᠦᠨᠳᠦᠰᠦ | ᠪᠣᠯᠭᠠᠬᠤ᠂ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠬᠤ᠂ ᠲᠥᠷᠥᠯ ᠬᠤᠪᠢᠶᠠᠨ ᠠᠬᠢᠭᠤᠯᠬᠤ ᠶᠢ ᠪᠠᠷᠢᠮᠲᠠᠯᠠᠵᠤ᠂ | ᠬᠦᠬᠡᠮᠳᠦᠭ ᠠᠭᠤᠯᠠ ᠨᠣᠮᠢᠨ ᠤᠰᠤ ᠲᠠᠢ᠂ ᠨᠤᠲᠤᠭ ᠤᠰᠤᠨ ᠤ ᠥᠨᠥᠷ ᠠᠮᠲᠠ ᠲᠠᠢ ᠠᠶᠢᠯ ᠲᠣᠰᠬᠤᠨ ᠤ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠪᠦᠷᠢᠯᠳᠦᠭᠦᠯᠬᠦ ᠶᠠᠪᠤᠳᠠᠯ ᠪᠣᠯᠣᠨ᠎ᠠ᠃ | |