ᠰᠢ ᠶᠢᠨ ᠫᠢᠩ ᠴᠠᠬᠢᠯᠭᠠᠨ ᠴᠢᠮᠡᠭᠡ ᠶᠠᠪᠤᠭᠤᠯᠵᠥ ᠯᠦᠺᠠᠱᠧᠨᠨᠺᠧ ᠶᠢᠨ ᠪᠧᠯᠤᠷᠦ᠋ᠰᠢᠶ᠎ᠠ ᠶᠢᠨ ᠶᠡᠷᠤᠩᠬᠡᠶᠢᠯᠡᠭᠴᠢ ᠪᠠᠷ ᠲᠠᠬᠢᠨᠲᠠ ᠰᠤᠩᠭᠤᠭᠳᠠᠬᠰᠠᠠ ᠳᠤ ᠪᠠᠶᠠᠷ ᠬᠦᠷᠬᠡᠪᠡ
ᠨᠡᠶᠢᠲᠡᠯᠡᠭᠰᠡᠨ ᠴᠠᠭ᠄
2020-08-11
     ᠤᠯᠤᠰ ᠤᠨ ᠲᠡᠷᠢᠬᠦᠯᠡᠭᠴᠢ ᠰᠢ ᠶᠢᠨ ᠫᠢᠩ 10 ᠤ ᠡᠳᠤᠷ ᠯᠦᠺᠠᠱᠧᠨᠨᠺᠧ ᠳᠤ ᠴᠠᠬᠢᠯᠭᠠᠨ ᠴᠢᠮᠡᠭᠡ ᠶᠠᠪᠤᠭᠤᠯᠵᠥ᠂ ᠲᠡᠬᠦᠨ ᠤ ᠪᠦᠬᠦᠳᠡ ᠨᠠᠶᠢᠷᠠᠮᠳᠠᠬᠤ ᠪᠧᠯᠤᠷᠦ᠋ᠰᠢᠶ᠎ᠡ ᠤᠯᠤᠰ ᠤᠨ ᠶᠡᠷᠤᠩᠬᠡᠶᠢᠯᠡᠭᠴᠢ ᠪᠠᠷ ᠲᠠᠬᠢᠨᠳᠠ ᠰᠤᠩᠭᠤᠭᠳᠠᠭᠰᠠᠠ ᠳᠤ ᠪᠠᠶᠠᠷ ᠬᠦᠷᠬᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠯᠦᠺᠠᠱᠧᠨᠨᠺᠧ ᠪᠦᠬᠦᠳᠡ ᠨᠠᠶᠢᠷᠠᠮᠳᠠᠬᠤ ᠪᠧᠯᠤᠷᠦ᠋ᠰᠢᠶ᠎ᠡ ᠤᠯᠤᠰ ᠤᠨ ᠶᠡᠷᠤᠩᠬᠡᠶᠢᠯᠡᠭᠴᠢ ᠪᠠᠷ ᠲᠠᠬᠢᠨᠳᠠ ᠰᠤᠩᠭᠤᠭᠳᠠᠭᠰᠠᠠ ᠲᠠᠰᠢᠷᠠᠮ ᠢᠶᠠᠷ᠂ ᠪᠢ ᠲᠤᠮᠳᠠᠳᠤ ᠤᠯᠤᠰ ᠤᠨ ᠵᠠᠰᠠᠭ ᠤᠨ ᠤᠷᠳᠤᠨ ᠪᠤᠯᠤᠨ ᠠᠷᠠᠳ ᠲᠦᠮᠡᠨ ᠤ ᠡᠮᠤᠨ᠎ᠡ ᠠᠴᠠ᠂ ᠲᠡᠷᠡᠴᠢᠯᠡᠨ ᠬᠤᠪᠢ ᠶᠢᠨ ᠨᠡᠷ᠎ᠡ ᠪᠠᠷ ᠢᠶᠠᠨ᠂ ᠶᠡᠷᠤᠩᠬᠡᠶᠢᠯᠡᠭᠴᠢ ᠯᠦᠺᠠᠱᠧᠨᠨᠺᠧ ᠳᠤ ᠬᠠᠯᠠᠭᠤᠨ ᠪᠠᠶᠠᠷ ᠪᠤᠯᠤᠨ ᠰᠠᠶᠢᠨ ᠰᠠᠶᠢᠬᠠᠨ ᠬᠦᠰᠡᠯ ᠵᠦᠩᠨᠡᠯ ᠲᠡᠪᠰᠢᠬᠦᠯᠵᠥ ᠪᠠᠶᠢᠨ᠎ᠠ᠃ ᠪᠢ ᠲᠤᠮᠳᠠᠳᠤ ᠪᠧᠯᠤᠷᠦ᠋ᠰᠢᠶ᠎ᠡ ᠶᠢᠨ ᠬᠠᠷᠢᠯᠴᠠᠭ᠎ᠠ ᠶᠢ ᠲᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ ᠲᠤᠷᠠᠳᠠᠶ᠎ᠠ ᠶᠡᠷᠤᠩᠬᠡᠶᠢᠯᠡᠭᠴᠢ ᠯᠦᠺᠠᠱᠧᠨᠨᠺᠧ ᠯᠦᠭᠡ ᠭᠠᠷ ᠬᠤᠯᠪᠤᠨ ᠴᠢᠷᠮᠡᠶᠢᠵᠥ᠂ ᠲᠤᠮᠳᠠᠳᠤ ᠪᠧᠯᠤᠷᠦ᠋ᠰᠢᠶ᠎ᠡ ᠶᠢᠨ ᠪᠦᠬᠦ ᠲᠡᠯ᠎ᠡ ᠶᠢᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠬᠠᠮᠳᠤ ᠪᠠᠷ ᠠᠬᠢᠭᠤᠯᠵᠥ᠂ ᠬᠤᠶᠠᠷ ᠤᠯᠤᠰ ᠤᠨ ᠡᠯ᠎ᠡ ᠬᠦᠷᠢᠶᠡᠨ ᠤ ᠬᠠᠷᠢᠯᠴᠠᠨ ᠠᠰᠢᠬᠳᠠᠢ ᠬᠠᠮᠳᠤᠷᠠᠯᠴᠠᠭᠠᠨ ᠤ ᠰᠢᠨ᠎ᠡ ᠪᠠᠶᠢᠳᠠᠯ ᠢ ᠨᠡᠬᠡᠬᠡᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号