ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2020/8/12
     8 ᠳ᠋ᠤᠭᠠᠷ ᠰᠠᠷ᠎ᠠ ᠶᠢᠨ 10᠎ ᠤ ᠡᠳᠦᠷ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ ᠦᠢᠯᠡᠰ ᠤᠨ ᠬᠠᠮᠢᠶᠠᠷᠤᠯᠲᠠ ᠶᠢᠨ ᠲᠣᠪᠴᠢᠶ᠎ᠠ ᠥᠨᠥᠬᠡᠨ ᠮᠡᠳᠡᠭᠳᠡᠯ ᠪᠠᠭᠤᠯᠭᠠᠵᠤ᠂ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠠᠵᠢᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠣᠳᠣᠷᠬᠠᠶᠢᠯᠠᠪᠠ᠃     ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠬᠡᠪᠴᠢᠶ᠎ᠡ ᠪᠣᠯ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠪᠣᠢ ᠪᠦᠬᠦᠢ ᠨᠢᠭᠡᠴᠢ ᠪᠣᠯᠤᠨ᠎ᠠ᠃ ᠳᠠᠭᠠᠳᠬᠠᠯ ᠳᠤ ᠣᠷᠣᠯᠴᠠᠭᠰᠠᠨ ᠨᠢᠭᠡᠴᠢ ᠨᠢ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠴᠠᠯᠢᠩ ᠤᠨ ᠶᠡᠷᠦᠩᠬᠡᠢ ᠲᠤᠭ᠎ᠠ ᠪᠠᠷ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠬᠡᠷᠡᠭᠲᠡᠶ᠃ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ 2019 ᠣᠨ ᠤ ᠥᠪᠡᠷᠲᠡᠭᠡᠨ ᠵᠠᠰᠠᠬᠤ ᠣᠷᠣᠨ ᠤ ᠪᠦᠬᠦ ᠰᠢᠰᠲ᠋ᠧᠮ ᠤᠨ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠤᠭᠰᠠᠳ ᠤᠨ ᠰᠠᠷ᠎ᠠ ᠶᠢᠨ ᠳᠤᠮᠳᠠᠴᠢ ᠴᠠᠯᠢᠩ ᠢᠶᠠᠷ ᠬᠢᠨᠠᠨ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠳᠡᠭᠡᠳᠦ ᠬᠢᠵᠠᠭᠠᠷ ᠢ 2019 ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤᠨ ᠤ ᠨᠢᠭᠡᠴᠢ ᠳᠤ ᠠᠵᠢᠯ ᠣᠯᠤᠭᠰᠠᠳ ᠤᠨ ᠰᠠᠷ᠎ᠠ ᠶᠢᠨ ᠳᠤᠮᠳᠠᠴᠢ ᠴᠠᠯᠢᠩ 5688 ᠲᠥᠭᠦᠷᠢᠭ ᠤᠨ 300%᠎ ᠪᠠᠷ ᠬᠢᠨᠠᠨ ᠲᠣᠭᠲᠠᠭᠠᠵᠤ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠬᠤ ᠳᠣᠣᠷᠠᠳᠤ ᠬᠢᠵᠠᠭᠠᠷ ᠢ 2019 ᠣᠨ ᠤ ᠥᠪᠡᠷᠲᠡᠭᠡᠨ ᠵᠠᠰᠠᠬᠤ ᠣᠷᠣᠨ ᠤ ᠪᠥᠬᠦ ᠰᠢᠰᠲ᠋ᠧᠮ ᠤᠨ ᠬᠤᠲᠠ ᠪᠠᠯᠭᠠᠰᠤ ᠶᠢᠨ ᠨᠢᠭᠡᠴᠢ ᠳᠤ ᠠᠵᠢᠯ ᠣᠯᠤᠭᠰᠠᠳ ᠤᠨ ᠰᠠᠷ᠎ᠠ ᠶᠢᠨ ᠳᠤᠮᠳᠠᠴᠢ ᠴᠠᠯᠢᠩ 5688 ᠲᠥᠭᠦᠷᠢᠭ ᠤᠨ 60%᠎ ᠪᠠᠷ ᠬᠢᠨᠠᠨ ᠲᠣᠭᠲᠠᠭᠠᠨ᠎ᠠ᠃ ᠳᠠᠭᠠᠳᠬᠠᠯ ᠳᠤ ᠣᠷᠣᠯᠴᠠᠭᠰᠠᠨ ᠨᠢᠭᠡᠴᠢ ᠰᠠᠭᠤᠷᠢ ᠲᠤᠭ᠎ᠠ ᠶᠢ ᠲᠠᠭᠯᠠᠨ ᠮᠡᠳᠡᠭᠦᠯᠬᠦ ᠳᠤ᠂ ᠡᠷᠬᠡᠪᠰᠢ ᠲᠣᠭᠲᠠᠭᠰᠠᠨ ᠰᠠᠷ᠎ᠠ ᠶᠢᠨ ᠰᠦᠢᠳᠬᠡᠯ ᠲᠤᠰᠢᠶᠠᠭᠰᠠᠨ ᠴᠠᠯᠢᠩ ᠤᠨ ᠣᠷᠣᠯᠭ᠎ᠠ ᠶᠢ ᠲᠠᠭᠯᠠᠨ ᠪᠢᠴᠢᠬᠦ ᠬᠡᠷᠡᠭᠲᠡᠢ᠂ ᠰᠢᠰᠲ᠋ᠧᠮ ᠨᠢ ᠳᠡᠭᠡᠳᠦ ᠳᠣᠤᠷᠠᠳᠤ ᠬᠢᠵᠠᠭᠠᠷ ᠤᠨ ᠱᠠᠭᠠᠷᠳᠠᠯᠭ᠎ᠠ ᠳᠤ ᠨᠡᠶᠢᠴᠡᠭᠰᠡᠨ ᠳᠠᠭᠠᠳᠬᠠᠯ ᠳᠤ ᠣᠷᠣᠯᠴᠠᠭᠰᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠠᠶᠠᠨᠳᠠᠭᠠᠨ ᠪᠣᠶ ᠪᠣᠯᠭᠠᠵᠤ ᠪᠣᠯᠤᠨ᠎ᠠ᠃ ᠳᠠᠭᠠᠳᠬᠠᠯ ᠳᠤ ᠣᠷᠣᠯᠴᠠᠭᠰᠠᠳ ᠤᠨ ᠰᠠᠷ᠎ᠠ ᠪᠦᠷᠢ ᠶᠢᠨ ᠰᠦᠢᠳᠬᠡᠯ ᠲᠤᠰᠢᠶᠠᠬᠤ ᠴᠠᠯᠢᠩ ᠪᠣᠯ ᠦᠨᠳᠦᠰᠦᠨ ᠴᠠᠯᠢᠩ᠂ ᠤᠯᠤᠰ ᠠᠴᠠ ᠨᠢᠭᠡᠳᠦᠯᠲᠡᠶ ᠣᠯᠭᠤᠬᠤ ᠨᠡᠮᠡᠭᠦᠷᠢ ᠨᠥᠬᠦᠪᠥᠷᠢ᠂ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠨᠥᠬᠦᠪᠥᠷᠢ ᠪᠠ ᠵᠢᠯ ᠤᠨ ᠡᠴᠦᠰ ᠤᠨ ᠨᠢᠭᠡ ᠯᠡ ᠤᠳᠠᠭ᠎ᠠ ᠶᠢᠨ ᠴᠢᠨᠠᠷᠲᠠᠶ ᠱᠠᠩᠨᠠᠯ ᠤᠨ ᠮᠥᠩᠭᠦ᠂ ᠠᠮᠵᠢᠯᠲᠠ ᠪᠦᠲᠦᠮᠵᠢ ᠶᠢᠨ ᠴᠠᠯᠢᠩ᠂ ᠠᠰᠠᠷᠠᠮᠵᠢ᠂ ᠱᠠᠩᠨᠠᠯ ᠤᠨ ᠮᠥᠩᠭᠦ ᠵᠢᠴᠢ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠳᠤ ᠵᠢᠭᠰᠠᠭᠠᠨ ᠣᠷᠣᠭᠤᠯᠬᠤ ᠴᠠᠯᠢᠩ ᠤᠨ ᠲᠥᠷᠥᠯ ᠵᠦᠢᠯ ᠤᠨ ᠨᠡᠶᠢᠯᠡᠪᠦᠷᠢ ᠪᠣᠯᠤᠨ᠎ᠠ᠃ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠳᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ ᠠᠷᠭ᠎ᠠ ᠬᠡᠯᠪᠡᠷᠢ ᠪᠠᠷ 8 ᠳ᠋ᠤᠭᠠᠷ ᠰᠠᠷ᠎ᠠ ᠶᠢᠨ 21᠎ ᠤ ᠡᠳᠦᠷ ᠬᠦᠷᠲᠡᠯ᠎ᠡ ᠶᠠᠪᠤᠭᠳᠠᠭᠤᠯᠤᠨ᠎ᠠ᠃ ᠡᠯ᠎ᠡ ᠳᠠᠭᠠᠳᠬᠠᠯ ᠳᠤ ᠣᠷᠣᠯᠴᠠᠭᠰᠠᠨ ᠨᠢᠭᠡᠴᠢ ᠰᠠᠭᠤᠷᠢ ᠲᠤᠭ᠎ᠠ ᠶᠢ ᠬᠢᠨᠠᠨ ᠲᠣᠭᠲᠠᠭᠠᠬᠤ ᠳᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠰᠢᠰᠲ᠋ᠧᠮ ᠳᠤ ᠣᠷᠣᠵᠤ᠂ ᠳᠠᠭᠠᠳᠬᠠᠯ ᠳᠤ ᠣᠷᠣᠯᠴᠠᠭᠰᠠᠨ  ᠰᠦᠢᠳᠬᠡᠯ ᠲᠤᠰᠢᠶᠠᠬᠤ ᠴᠠᠯᠢᠩ ᠤᠨ ᠮᠡᠳᠡᠭᠦᠯᠦᠯᠲᠡ ᠶᠢᠨ ᠬᠦᠰᠦᠨᠦᠭᠲᠦ ᠭᠠᠷᠭᠠᠨ ᠠᠪᠴᠤ᠂ ᠵᠠᠷᠤᠳᠠᠯ ᠲᠤᠰᠢᠶᠠᠬᠤ ᠴᠠᠯᠢᠩ ᠤᠨ ᠲᠤᠭ᠎ᠠ ᠶᠢ ᠲᠠᠭᠯᠠᠨ ᠮᠡᠳᠡᠭᠦᠯᠦᠭᠰᠡᠨ ᠤ ᠳᠠᠷᠠᠭ᠎ᠠ ᠰᠢᠰᠲ᠋ᠧᠮ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠠᠵᠢᠯᠲᠠᠨ ᠬᠢᠨᠠᠨ ᠬᠠᠷᠭᠤᠭᠤᠯᠤᠨ᠎ᠠ᠃      ᠮᠡᠳᠡᠭᠳᠡᠯ ᠳᠤ ᠪᠠᠰᠠ ᠲᠣᠲᠤᠷᠬᠠᠶᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠰᠦᠢᠳᠬᠡᠯ ᠤᠨ ᠨᠣᠷᠮ᠎ᠠ ᠶᠢ ᠱᠠᠲᠤ ᠦᠶᠡᠴᠢ ᠴᠢᠨᠠᠷᠲᠠᠶ ᠪᠠᠷ ᠪᠠᠭᠤᠷᠠᠭᠤᠯᠬᠤ ᠪᠠ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ︽ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ ᠨᠣᠷᠮ᠎ᠠ ᠶᠢ ᠪᠠᠭᠤᠷᠠᠭᠤᠯᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠪᠡᠯ᠂ 2020 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠭᠦᠢᠴᠡᠳᠬᠡᠬᠦ ᠰᠦᠢᠳᠬᠡᠯ ᠤᠨ ᠨᠣᠷᠮ᠎ᠠ ᠨᠢ᠄ ᠠᠵᠢᠯ ᠲᠥᠷᠥᠯ ᠤᠨ ᠨᠢᠭᠡᠳᠦᠭᠡᠷ ᠲᠥᠷᠥᠯ ᠠᠴᠠ ᠭᠤᠷᠪᠠᠳᠤᠭᠠᠷ ᠲᠥᠷᠥᠯ ᠨᠢ 0.2%᠂ ᠠᠵᠢᠯ ᠲᠥᠷᠥᠯ ᠤᠨ ᠳᠥᠷᠪᠡᠳᠦᠭᠡᠷ ᠲᠥᠷᠥᠯ ᠨᠢ 0.23%᠂ ᠠᠵᠢᠯ ᠲᠥᠷᠥᠯ ᠤᠨ ᠲᠠᠪᠤᠳᠤᠭᠠᠷ ᠲᠥᠷᠥᠯ ᠨᠢ 0.28%᠂ ᠠᠵᠢᠯ ᠲᠥᠷᠥᠯ ᠤᠨ ᠵᠢᠷᠭᠤᠳᠤᠭᠠᠷ ᠲᠥᠷᠥᠯ ᠨᠢ 0.33%᠂ ᠠᠵᠢᠯ ᠲᠥᠷᠥᠯ ᠤᠨ ᠳᠣᠯᠣᠳᠣᠭᠠᠷ ᠲᠥᠷᠥᠯ ᠨᠢ 0.4%᠂ ᠠᠵᠢᠯ ᠲᠥᠷᠥᠯ ᠤᠨ ᠨᠠᠢᠮᠠᠳᠤᠭᠠᠷ ᠲᠥᠷᠥᠯ ᠨᠢ 0.64% ᠪᠣᠯᠣᠨ᠎ᠠ᠂ ᠭᠦᠢᠴᠡᠳᠬᠡᠬᠦ ᠬᠤᠭᠤᠴᠠᠭ᠎ᠠ ᠶᠢ 2021 ᠣᠨ ᠤ 4 ᠳ᠋ᠦ᠋ᠭᠡᠷ ᠰᠠᠷ᠎ᠠ ᠶᠢᠨ 30᠎ ᠤ ᠡᠳᠦᠷ ᠢᠶᠠᠷ ᠬᠢᠵᠠᠭᠠᠷᠯᠠᠨ᠎ᠠ᠃ ᠡᠭᠦᠨ ᠤ ᠬᠠᠮᠲᠤ᠂ ︽ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶᠡᠴᠢ ᠴᠢᠨᠠᠷᠲᠠᠶ ᠬᠠᠰᠤᠵᠤ ᠬᠡᠯᠲᠦᠷᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠪᠣᠯᠤᠨ ︽ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠱᠠᠲᠤ ᠦᠶᠡᠴᠢ ᠴᠢᠨᠠᠷᠲᠠᠶ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠷᠲᠤᠳᠬᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠠᠰᠤᠵᠤ ᠬᠡᠯᠲᠦᠷᠢᠭᠦᠯᠬᠦ ᠬᠤᠭᠤᠴᠠᠭ᠎ᠠ ᠶᠢ 2020 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠢᠶᠠᠷ ᠬᠢᠵᠠᠭᠠᠷᠯᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号