ᠦᠨᠦᠬᠡᠨ᠂ ᠮᠠᠨ ᠤ ᠣᠷᠣᠨ ᠤ ᠪᠤᠭᠤᠲᠤ ᠬᠤᠲᠠ᠂ ᠪᠠᠶᠠᠨᠨᠠᠭᠤᠷ ᠬᠤᠲᠠ ᠳᠤ ᠬᠤᠯᠤᠭᠠᠨ᠎ᠠ ᠶᠢᠨ ᠬᠢᠵᠢᠭ | ᠭᠠᠷᠴᠠᠶ᠃ ᠬᠢᠵᠢᠭ ᠡᠭᠦᠰᠦᠭᠰᠡᠨ ᠤ ᠳᠠᠷᠠᠭ᠎ᠠ᠂ ᠮᠠᠨ ᠤ ᠣᠷᠣᠨ ᠬᠢᠵᠢᠭ ᠤᠨ ᠢᠷᠡᠯᠲᠡ ᠶᠢᠨ ᠴᠡᠭ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠪᠠᠨ ᠦᠳᠲᠡᠷ ᠲᠦᠷᠭᠡᠨ ᠴᠢᠩᠭᠠᠳᠬᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠵᠦ | ᠪᠣᠯᠬᠤ ᠡᠵᠡᠮᠳᠡᠵᠦ ᠪᠣᠯᠬᠤ ᠶᠢ ᠦᠨᠡᠨ ᠬᠦ ᠪᠠᠲᠤᠯᠠᠵᠤ ᠪᠣᠢ᠃ | ᠬᠢᠵᠢᠭ ᠡᠭᠦᠰᠦᠭᠰᠡᠨ ᠤ ᠳᠠᠷᠠᠭ᠎ᠠ᠂ ᠪᠤᠭᠤᠲᠤ ᠬᠤᠲᠠ ᠪᠣᠯᠤᠨ ᠪᠠᠶᠠᠨᠨᠠᠭᠤᠷ ᠬᠤᠲᠠ ᠬᠤᠯᠤᠭᠠᠨ᠎ᠠ ᠶᠢᠨ | ᠬᠢᠵᠢᠭ ᠢ ᠰᠡᠷᠭᠡᠶᠢᠯᠡᠨ ᠡᠵᠡᠮᠳᠡᠬᠦ Ⅲ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠨᠡᠶᠢᠲᠡᠯᠡᠵᠦ᠂ ᠨᠢᠭᠲᠠ | ᠣᠶᠢᠷᠠᠲᠤᠭᠰᠠᠳ ᠢ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢᠨ ᠬᠠᠮᠲᠤ | ᠤᠷᠢᠳᠴᠢᠯᠠᠨ ᠰᠡᠷᠭᠡᠶᠢᠯᠡᠬᠦ ᠴᠢᠨᠠᠷᠲᠠᠶ ᠡᠮ ᠬᠡᠷᠡᠭᠯᠡᠬᠦ ᠵᠢᠴᠢ ᠬᠤᠯᠤᠭᠠᠨ᠎ᠠ ᠶᠢᠨ ᠬᠢᠵᠢᠭ ᠤᠨ PCR ᠪᠠᠶᠢᠴᠠᠭᠠᠯᠲᠠ | ᠬᠢᠪᠠ᠃ ᠣᠳᠣᠬᠠᠨ ᠳᠤ᠂ ᠲᠤᠰᠠᠭᠠᠷᠯᠠᠭᠳᠠᠵᠤ ᠪᠠᠶᠢᠭ᠎ᠠ ᠬᠥᠮᠦᠰ ᠲᠤ ᠴᠥᠮ ᠬᠠᠯᠠᠭᠤᠷᠠᠬᠤ ᠵᠡᠷᠭᠡ ᠬᠡᠪ ᠤᠨ ᠪᠤᠰᠤ | ᠪᠠᠶᠢᠳᠠᠯ ᠭᠠᠷᠤᠭᠰᠠᠨ ᠦᠭᠡᠶ᠂ ᠬᠤᠯᠤᠭᠠᠨ᠎ᠠ ᠶᠢᠨ ᠬᠢᠵᠢᠭ ᠤᠨ ᠪᠥᠭᠡᠮ ᠬᠦᠴᠢᠯ ᠤᠨ PCR ᠪᠠᠶᠢᠴᠠᠭᠠᠯᠲᠠ ᠶᠢᠨ | ᠦᠷ᠎ᠡ ᠳ᠋ᠦᠩ ᠨᠢ ᠴᠥᠮ ᠪᠢᠯᠢᠭ ᠴᠢᠨᠠᠷ ᠲᠠᠢ ᠪᠠᠶᠢᠯ᠎ᠠ᠃ | ᠳᠠᠷᠬᠠᠨ ᠮᠤᠤᠮᠢᠩᠭᠠᠨ ᠬᠤᠰᠢᠭᠤ ᠪᠣᠯᠤᠨ ᠤᠷᠠᠳ ᠤᠨ ᠡᠮᠦᠨᠡᠲᠦ ᠬᠤᠰᠢᠭᠤ ᠨᠢᠭᠡᠨᠲᠡ ᠲᠠᠯᠢᠢᠭᠴᠢ ᠶᠢᠨ | ᠰᠠᠭᠤᠭ᠎ᠠ ᠭᠠᠵᠠᠷ ᠢ ᠪᠢᠲᠡᠭᠦᠮᠵᠢᠯᠡᠨ ᠲᠤᠰᠠᠭᠠᠷᠯᠠᠵᠤ᠂ ᠲᠤᠰᠠᠭᠠᠷᠯᠠᠬᠤ ᠬᠦᠷᠢᠶᠡᠨ ᠳᠠᠬᠢ ᠪᠣᠢ ᠪᠦᠬᠦᠢ ᠬᠥᠮᠦᠰ ᠲᠤ | ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠬᠤᠯᠤᠭᠠᠨ᠎ᠠ ᠶᠢᠨ ᠬᠢᠵᠢᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ | ᠬᠢᠵᠦ᠂ ᠬᠢᠵᠢᠭ ᠢᠶᠠᠷ ᠲᠠᠯᠢᠢᠭᠴᠢ ᠶᠢᠨ ᠣᠷᠣᠨ ᠰᠠᠭᠤᠴᠠ ᠵᠢᠴᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ | ᠣᠷᠣᠰᠢᠨ ᠰᠠᠭᠤᠬᠤ ᠲᠠᠯᠠᠪᠤᠷ ᠭᠠᠵᠠᠷ ᠢ ᠡᠳᠦᠷ ᠪᠦᠷᠢ ᠪᠦᠬᠦ ᠲᠠᠯ᠎ᠠ ᠪᠠᠷ ᠠᠷᠢᠭᠤᠳᠬᠠᠵᠠᠢ᠃ ︽ᠬᠤᠶᠠᠷ ᠭᠠᠵᠠᠷ ᠤᠨ | ᠬᠢᠵᠢᠭ ᠢ ᠣᠳᠣᠬᠠᠨ ᠳᠤ ᠴᠥᠮ ᠪᠦᠲᠦᠮᠵᠢᠲᠡᠶ ᠡᠵᠡᠮᠳᠡᠪᠡ᠂ ᠡᠨᠡ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ 2019 ᠣᠨ ᠠᠴᠠ ᠨᠠᠭᠠᠰᠢ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠲᠠᠯ᠎ᠠ ᠪᠠᠷ ᠦᠷᠭᠦᠯᠵᠢᠯᠡᠨ ᠬᠦᠴᠦᠯᠡᠵᠦ ᠪᠠᠶᠢᠭᠰᠠᠨ ᠤ ᠠᠴᠢ ᠲᠤᠰᠠ ᠮᠦᠨ︾ ᠬᠡᠮᠡᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠰᠠᠯᠠᠭᠠᠨ ᠤ ᠳᠠᠷᠤᠭ᠎ᠠ ᠯᠢ ᠵᠢᠶᠠᠨ ᠶᠦᠨ ᠬᠡᠯᠡᠪᠡ᠃ | ᠬᠥᠮᠦᠨ ᠠᠴᠠ ᠬᠦᠮᠦᠨ ᠳᠤ ᠬᠠᠯᠳᠠᠪᠤᠷᠢᠯᠠᠬᠤ ᠶᠢ ᠬᠤᠷᠢᠭᠯᠠᠬᠤ ᠶᠢᠨ ᠲᠥᠯᠥᠭᠡ᠂ ᠡᠯ᠎ᠡ ᠭᠠᠵᠠᠷ ᠤᠳ | ᠡᠪᠡᠳᠴᠢᠲᠡᠨ ᠢ ᠢᠯᠡᠷᠡᠭᠦᠯᠦᠨ ᠮᠡᠳᠡᠭᠦᠯᠬᠦ ᠬᠢᠭᠡᠳ ᠣᠨᠣᠰᠢᠯᠠᠨ ᠡᠮᠨᠡᠬᠦ ᠬᠠᠮᠢᠶᠠᠷᠤᠯᠲᠠ ᠪᠠᠨ ᠴᠢᠩᠭᠠᠳᠬᠠᠵᠤ᠂ | ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠪᠠ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢ ᠴᠢᠩᠭ᠎ᠠ | ᠬᠡᠷᠡᠭᠵᠢᠭᠦᠯᠪᠡ᠃ ᠨᠢᠭᠡᠨᠲᠡ ᠢᠯᠡᠷᠡᠭᠦᠯᠦᠭᠰᠡᠨ ᠡᠪᠡᠳᠴᠢᠨ ᠤ ᠵᠢᠱᠢᠶ᠎ᠡ ᠶᠢ ᠴᠥᠮ ᠡᠷᠲᠡ ᠠᠴᠠ ᠵᠢᠭᠰᠠᠭᠠᠨ | ᠪᠠᠶᠢᠴᠠᠭᠠᠵᠤ᠂ ᠵᠢᠷᠤᠮᠵᠢᠭᠤᠨ ᠰᠢᠢᠳᠪᠦᠷᠢᠯᠡᠭᠰᠡᠨ ᠠᠴᠠ ᠪᠣᠯᠵᠣ᠂ ᠬᠥᠮᠦᠨ ᠠᠴᠠ ᠬᠦᠮᠦᠨ ᠳᠤ ᠬᠠᠯᠳᠠᠪᠤᠷᠢᠯᠠᠬᠤ | ᠪᠠᠶᠢᠳᠠᠯ ᠭᠠᠷᠤᠭᠰᠠᠨ ᠥᠬᠡᠶ᠃ ᠬᠢᠵᠢᠭ ᠤᠨ ᠪᠠᠶᠢᠳᠠᠯ ᠤᠨ ᠠᠯᠤᠰ ᠤᠨ ᠲᠠᠷᠬᠠᠯᠲᠠ ᠶᠢ ᠬᠤᠷᠢᠭᠯᠠᠬᠤ ᠶᠢᠨ ᠲᠥᠯᠥᠭᠡ᠂ | ᠡᠯ᠎ᠡ ᠭᠠᠵᠠᠷ ᠤᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠢᠶᠠᠨ ᠬᠠᠮᠵᠢᠯᠴᠠᠨ ᠠᠬᠢᠭᠤᠯᠵᠤ᠂ | ᠬᠢᠵᠢᠭ ᠤᠨ ᠪᠠᠶᠢᠳᠠᠯ ᠤᠨ ᠠᠯᠤᠰ ᠤᠨ ᠲᠠᠷᠬᠠᠯᠲᠠ ᠶᠢ ᠡᠷᠡᠰ ᠰᠡᠷᠭᠡᠶᠢᠯᠡᠨ ᠬᠤᠷᠢᠭᠯᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠡᠷᠬᠢᠯᠡᠭᠴᠢ ᠸᠠᠩ ᠸᠧᠨ ᠷᠦᠢ ᠲᠠᠨᠢᠯᠴᠠᠭᠤᠯᠬᠤ ᠳᠤ ᠪᠠᠨ᠂ ᠥᠪᠡᠷᠲᠡᠭᠡᠨ ᠵᠠᠰᠠᠬᠤ ᠣᠷᠣᠨ ᠤ | ᠵᠠᠰᠠᠭ ᠤᠨ ᠣᠷᠳᠣᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠪᠠᠷ ᠤᠷᠢᠳ ᠬᠤᠵᠢᠳ 9766 ᠲᠦᠮᠡᠨ | ᠲᠥᠭᠦᠷᠢᠭ ᠤᠨ ᠲᠤᠰᠬᠠᠶ ᠵᠠᠷᠤᠳᠠᠯ ᠪᠠᠭᠤᠯᠭᠠᠭᠰᠠᠨ ᠪᠥᠭᠡᠳ ᠤᠯᠤᠰ ᠤᠨ ᠵᠢᠭᠡᠯᠡᠯᠭᠡ ᠠᠴᠠ 1.695 ᠳ᠋ᠦᠩᠰᠢᠭᠤᠷ | ᠲᠥᠭᠦᠷᠢᠭ ᠭᠠᠷᠭᠠᠵᠤ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ ᠪᠠ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠳᠤ ᠬᠡᠷᠡᠭᠯᠡᠪᠡ᠃ ᠣᠳᠣᠬᠠᠨ ᠳᠤ᠂ | ᠪᠥᠬᠦ ᠣᠷᠣᠨ ᠤ ᠭᠤᠤᠯᠳᠠᠯᠭ᠎ᠠ ᠲᠠᠢ ᠬᠤᠰᠢᠭᠤ ᠰᠢᠶᠠᠨ ᠳᠤ PCR ᠪᠠᠶᠢᠴᠠᠭᠠᠯᠲᠠ ᠶᠢᠨ ᠴᠢᠳᠠᠪᠤᠷᠢ ᠶᠢ | ᠦᠨᠳᠦᠰᠦᠨ ᠳᠤ ᠪᠠᠨ ᠪᠡᠶᠡᠯᠡᠭᠦᠯᠪᠡ ᠭᠡᠵᠡᠢ᠃ | ︽ᠨᠢᠳᠤᠨᠤᠨ ᠵᠢᠯ ᠠᠴᠠ ᠣᠳᠣ ᠪᠣᠯᠲᠠᠯ᠎ᠠ ᠮᠠᠨ ᠤ ᠣᠷᠣᠨ ᠳᠤ ᠡᠭᠦᠰᠦᠭᠰᠡᠨ ᠬᠤᠯᠤᠭᠠᠨ᠎ᠠ ᠶᠢᠨ ᠬᠢᠵᠢᠭ ᠤᠨ | ᠡᠪᠡᠳᠴᠢᠨ ᠤ ᠵᠢᠱᠢᠶ᠎ᠡ ᠳᠤ᠂ ᠨᠢᠭᠡ ᠨᠢ ᠪᠣᠯ ᠡᠪᠡᠳᠴᠢᠨ ᠲᠠᠢ ᠲᠠᠤᠯᠠᠢ ᠶᠢᠨ ᠮᠢᠬ᠎ᠠ ᠢᠳᠡᠭᠰᠡᠨ ᠠᠴᠠ | ᠬᠠᠯᠳᠠᠪᠤᠷᠢᠯᠠᠵᠤ᠂ ᠪᠤᠰᠤᠳ ᠬᠠᠯᠳᠠᠪᠤᠷᠢᠯᠠᠭᠰᠠᠳ ᠨᠢ ᠴᠥᠮ ᠮᠠᠯᠴᠢᠨ ᠪᠤᠶᠤ ᠬᠤᠨᠢᠴᠢᠨ ᠪᠣᠯᠤᠨ᠎ᠠ᠃ ᠡᠳᠡᠭᠡᠷ | ᠡᠪᠡᠳᠴᠢᠨ ᠤ ᠵᠢᠱᠢᠶ᠎ᠡ ᠶᠢᠨ ᠲᠠᠷᠬᠠᠯᠲᠠ ᠨᠢ ᠬᠤᠯᠪᠣᠭᠳᠠᠬᠤ ᠴᠢᠨᠠᠷ ᠦᠭᠡᠢ︾᠃ ᠯᠢ ᠵᠢᠶᠠᠨ ᠶᠦᠨ | ᠢᠯᠡᠳᠬᠡᠬᠦ ᠳᠤ ᠪᠠᠨ᠂ ᠬᠤᠯᠤᠭᠠᠨ᠎ᠠ ᠶᠢᠨ ᠬᠢᠵᠢᠭ ᠬᠤᠯᠤᠭᠠᠨ᠎ᠠ ᠶᠢᠨ ᠬᠤᠭᠤᠷᠣᠨᠳᠣ ᠳᠡᠯᠭᠡᠷᠡᠬᠦ ᠪᠣᠯ ᠨᠢᠭᠡᠨ ᠵᠦᠢᠯ ᠤᠨ | ᠪᠠᠶᠢᠭᠠᠯᠢ ᠶᠢᠨ ᠦᠵᠡᠭᠳᠡᠯ ᠮᠦᠨ᠂ ᠬᠤᠯᠤᠭᠠᠨ᠎ᠠ ᠶᠢᠨ ᠬᠢᠵᠢᠭ ᠤᠨ ᠬᠠᠯᠳᠠᠪᠤᠷᠢᠯᠠᠬᠤ ᠠᠷᠭ᠎ᠠ ᠵᠠᠮ ᠨᠢ ᠮᠠᠰᠢ | ᠲᠣᠳᠣᠷᠬᠠᠶ ᠪᠠᠶᠢᠳᠠᠭ᠂ ᠲᠠᠯ᠎ᠠ ᠨᠤᠲᠤᠭ ᠲᠤ ᠣᠴᠢᠬᠤ ᠳᠤ ᠪᠠᠨ ᠤᠷᠲᠤ ᠥᠮᠥᠳᠥ ᠡᠮᠦᠰᠴᠦ᠂ ᠬᠤᠷᠣᠬᠠᠶ ᠶᠢ | ᠰᠡᠷᠭᠡᠶᠢᠯᠡᠬᠦ ᠡᠮ ᠰᠦᠷᠴᠢᠬᠦ ᠶᠢᠨ ᠬᠠᠮᠲᠤ ᠬᠤᠯᠤᠭᠠᠨ᠎ᠠ ᠶᠢᠨ ᠲᠥᠷᠥᠯ ᠪᠠ ᠬᠡᠭᠡᠷ᠎ᠡ ᠶᠢᠨ ᠲᠠᠤᠯᠠᠶ ᠵᠡᠷᠭᠡ ᠠᠮᠢᠲᠠᠨ ᠲᠠᠢ | ᠣᠶᠢᠷᠠᠳᠬᠤ ᠥᠬᠡᠶ᠂ ᠠᠩᠨᠠᠬᠤ ᠥᠬᠡᠶ᠂ ᠢᠳᠡᠬᠦ ᠥᠬᠡᠶ᠂ ᠠᠪᠴᠤ ᠶᠠᠪᠤᠬᠤ ᠥᠬᠡᠶ ᠪᠣᠯ ᠬᠤᠯᠤᠭᠠᠨ᠎ᠠ ᠶᠢᠨ | ᠬᠢᠵᠢᠭ ᠲᠤ ᠨᠡᠷᠪᠡᠭᠳᠡᠬᠦ ᠦᠭᠡᠢ ᠭᠡᠪᠡ᠃ | ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠡᠮᠴᠢ ᠰᠢᠶᠠ | ᠯᠢᠶᠠᠨ ᠰᠢᠤᠢ ᠶᠢᠨ ᠦᠵᠡᠬᠦ ᠪᠠᠷ᠂ ᠥᠪᠥᠷ ᠮᠣᠩᠭᠤᠯ ᠤᠨ ᠡᠨᠡ ᠤᠳᠠᠭᠠᠨ ᠤ ᠬᠤᠯᠤᠭᠠᠨ᠎ᠠ ᠶᠢᠨ ᠬᠢᠵᠢᠭ ᠪᠣᠯ | ᠴᠡᠭ ᠤᠨ ᠬᠡᠯᠪᠡᠷᠢ ᠪᠠᠷ ᠳᠡᠯᠭᠡᠷᠡᠭᠰᠡᠨ ᠶᠤᠮ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ | ᠪᠦᠲᠦᠮᠵᠢᠲᠡᠶ ᠠᠷᠭ᠎ᠠ ᠬᠡᠮᠵᠢᠶ᠎ᠡ ᠠᠪᠬᠤ ᠳᠤ ᠬᠦᠷᠪᠡᠯ᠂ ᠬᠢᠵᠢᠭ ᠢ ᠰᠡᠷᠭᠡᠶᠢᠯᠡᠵᠦ᠂ ᠡᠵᠡᠮᠳᠡᠵᠦ ᠪᠣᠯᠤᠨ᠎ᠠ ᠭᠡᠪᠡ᠃ |