ᠥᠪᠥᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/8/14
     2020 ᠣᠨ ᠤ 8 ᠰᠠᠷ᠎ᠠ ᠶᠢᠨ 13᠎ ᠤ ᠡᠳᠦᠷ ᠤᠨ 7 ᠴᠠᠭ ᠠᠴᠠ 8 ᠰᠠᠷ᠎ᠠ ᠶᠢᠨ 14᠎ ᠤ ᠡᠳᠦᠷ ᠤᠨ 7 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠨᠡᠮᠡᠭᠳᠡᠭᠰᠡᠨ ᠦᠭᠡᠢ᠂ 1 ᠡᠪᠡᠳᠴᠢᠨ ᠤ ᠵᠢᠱᠢᠶ᠎ᠡ ︵ᠨᠡᠶᠢᠰᠯᠡᠯ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠤᠪᠢᠶᠠᠷᠢᠯᠠᠯᠲᠠ ᠪᠠᠷ ᠬᠦᠬᠡᠬᠤᠲᠠ ᠶᠢᠨ ᠴᠠᠭᠠᠨ ᠰᠣᠪᠣᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠨ︶ ᠡᠷᠡᠭᠦᠯᠵᠢᠵᠦ ᠡᠮᠨᠡᠯᠭᠡ ᠠᠴᠠ ᠭᠠᠷᠴᠠᠢ᠃      2020 ᠣᠨ ᠤ 8 ᠰᠠᠷ᠎ᠠ ᠶᠢᠨ 14᠎ ᠤ ᠡᠳᠦᠷ ᠤᠨ 7 ᠴᠠᠭ ᠪᠣᠯᠲᠠᠯ᠎ᠠ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠲᠣᠯᠠᠭᠰᠠᠨ ᠡᠪᠡᠳᠴᠢᠨ ᠤ ᠵᠢᠱᠢᠶ᠎ᠡ 3 ᠪᠠᠶᠢᠵᠤ᠂ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠤᠶᠢᠷᠠᠲᠤᠭᠰᠠᠳ ᠢ ᠨᠢ ᠴᠦᠮ ᠲᠣᠭᠲᠠᠭᠰᠠᠨ ᠭᠠᠵᠠᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠣᠢ᠃      2020 ᠣᠨ ᠤ 8 ᠰᠠᠷ᠎ᠠ ᠶᠢᠨ 13᠎ ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠᠶᠢᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号