ᠡᠨᠡ ᠵᠢᠯ ᠠᠴᠠ ᠨᠠᠭᠠᠰᠢ᠂ ᠮᠠᠨ ᠤ ᠤᠷᠤᠨ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠴᠢᠷᠮᠠᠶᠢᠨ | ᠰᠠᠶᠢᠳᠤᠷ ᠬᠢᠵᠦ᠂ ︽ᠵᠢᠷᠭᠤᠭ᠎ᠠ ᠶᠢ ᠪᠠᠳᠤᠯᠠᠬᠤ︾ ᠡᠬᠦᠷᠬᠡ ᠶᠢ ᠨᠠᠶᠢᠳᠠᠪᠤᠷᠢᠵᠢᠭᠤᠯᠤᠨ᠂ ᠪᠡᠯᠡ ᠤᠷᠤᠭᠤᠯᠤᠯᠳᠠ ᠶᠢ | ᠲᠤᠬᠳᠠᠪᠤᠷᠢᠵᠢᠭᠤᠯᠵᠦ᠂ ᠲᠦᠷᠦᠯ ᠵᠦᠢᠯ ᠢ ᠠᠳᠬᠤᠨ᠂ ᠠᠷᠭ᠎ᠠ ᠪᠦᠬᠦᠨ ᠢ ᠰᠦᠪᠡᠭᠴᠢᠯᠡᠵᠦ ᠠᠵᠦ ᠠᠬᠤᠢ ᠶᠢᠨ | ᠦᠨᠳᠦᠰᠦᠨ ᠪᠠᠶᠢᠳᠠᠯ ᠢ ᠲᠤᠬᠳᠠᠪᠤᠷᠢᠵᠢᠭᠤᠯᠵᠦ᠂ 7 ᠰᠠᠷ᠎ᠠ ᠶᠢᠨ ᠰᠡᠬᠦᠯᠴᠢ ᠪᠤᠯᠳᠠᠯ᠎ᠠ᠂ ᠪᠦᠬᠦ ᠤᠷᠤᠨ 2591 | ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠬᠦᠯᠤᠨ ᠰᠡᠷᠬᠦᠬᠡᠵᠦ᠂ ᠪᠠᠷᠢᠯᠭ᠎ᠠ ᠶᠢᠨ ᠠᠵᠢᠯ ᠢ | ᠡᠬᠢᠯᠡᠬᠦᠯᠦᠨ ᠰᠡᠷᠬᠦᠭᠡᠭᠰᠡᠨ ᠨᠤᠷᠮ᠎ᠠ 79.3% ᠳᠤ ᠬᠦᠷᠴᠡᠢ᠃ | ᠡᠨᠡ ᠵᠢᠯ᠂ ᠪᠦᠬᠦ ᠤᠷᠤᠨ 5000 ᠲᠦᠮᠡᠨ ᠲᠦᠬᠦᠷᠢᠭ ᠠᠴᠠ ᠲᠡᠭᠡᠭᠰᠢᠬᠢ ᠵᠠᠰᠠᠬ ᠤᠨ ᠤᠷᠳᠤᠨ ᠠᠴᠠ | ᠪᠡᠯᠡ ᠤᠷᠤᠭᠤᠯᠬᠤ ᠪᠠ ᠳ᠋ᠦᠩᠰᠢᠭᠤᠷ ᠲᠦᠬᠦᠷᠢᠭ ᠠᠴᠠ ᠲᠡᠭᠡᠭᠰᠢᠬᠢ ᠠᠵᠦ ᠠᠬᠤᠢᠢᠯᠠᠯ ᠠᠴᠠ ᠪᠡᠯᠡ ᠤᠷᠤᠭᠤᠯᠬᠤ | 3266 ᠴᠢᠬᠤᠯᠠ ᠶᠡᠭᠡ ᠲᠦᠷᠦᠯ ᠵᠦᠢᠯ ᠢ ᠬᠡᠷᠡᠭᠵᠢᠬᠦᠯᠬᠦ ᠪᠠᠷ ᠲᠦᠯᠦᠪᠯᠡᠵᠦ᠂ ᠶᠡᠷᠦᠩᠬᠡᠢ ᠪᠡᠯᠡ ᠤᠷᠤᠭᠤᠯᠤᠯᠳᠠ ᠶᠢ | 26871 ᠳ᠋ᠦᠩᠰᠢᠭᠤᠷ ᠲᠦᠬᠦᠷᠢᠭ ᠲᠤ ᠬᠦᠷᠬᠡᠬᠦ ᠪᠠᠷ ᠲᠦᠯᠦᠪᠯᠡᠵᠦ ᠪᠠᠶᠢᠨ᠎ᠠ᠃ 7 ᠰᠠᠷ᠎ᠠ ᠶᠢᠨ ᠰᠡᠬᠦᠯᠴᠢ | ᠪᠤᠯᠳᠠᠯᠠᠬᠢ ᠪᠦᠷᠢᠳᠬᠡᠯ ᠢ ᠦᠨᠳᠦᠰᠦᠯᠡᠪᠡᠯ᠂ ᠰᠢᠯᠢ ᠶᠢᠨ ᠭᠤᠤᠯ ᠠᠶᠢᠮᠠᠬ᠂ ᠬᠢᠩᠭᠠᠨ ᠠᠶᠢᠮᠠᠬ ᠪᠠ ᠤᠯᠠᠭᠠᠨᠴᠠᠪ | ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ ᠲᠤᠰ | ᠲᠤᠰ 69.9%᠂ 16%᠂ 2.9% ᠳᠤ ᠬᠦᠷᠴᠤ᠂ ᠪᠦᠬᠦ ᠤᠷᠤᠨ ᠤ ᠲᠦᠷᠦᠬᠦᠦ ᠭᠤᠷᠪᠠ ᠳᠤ ᠵᠢᠬᠰᠠᠬᠰᠠᠨ | ᠪᠠᠶᠢᠨ᠎ᠠ᠃ | ᠪᠦᠲᠦᠬᠡᠨ ᠪᠠᠶᠢᠭᠤᠯᠤᠯᠳᠠ ᠶᠢᠨ ᠰᠢᠨᠵᠢ ᠴᠢᠨᠠᠷ ᠠᠴᠠ ᠦᠵᠡᠪᠡᠯ᠂ ᠡᠨᠡ ᠵᠢᠯ ᠪᠦᠬᠦ ᠤᠷᠤᠨ ᠤ ᠰᠢᠨ᠎ᠠ ᠪᠠᠷ | ᠪᠦᠲᠦᠬᠡᠨ ᠪᠠᠶᠢᠭᠤᠯᠬᠤ ᠴᠢᠬᠤᠯᠠ ᠶᠡᠭᠡ ᠲᠦᠷᠦᠯ ᠵᠦᠢᠯ 1461 ᠪᠠᠶᠢᠵᠦ᠂ ᠶᠡᠷᠦᠩᠬᠡᠢ ᠪᠡᠯᠡ ᠤᠷᠤᠭᠤᠯᠤᠯᠳᠠ | 11628 ᠳ᠋ᠦᠩᠰᠢᠭᠤᠷ ᠲᠦᠬᠦᠷᠢᠭ ᠪᠠᠶᠢᠵᠦ᠂ ᠡᠨᠡ ᠵᠢᠯ 2318 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠬᠤ ᠪᠠᠷ ᠲᠦᠯᠦᠪᠯᠡᠵᠦ᠂ ᠤᠳᠤᠬᠠᠨ ᠪᠤᠯᠳᠠᠯ᠎ᠠ᠂ ᠪᠦᠬᠦ ᠤᠷᠤᠨ 958 ᠴᠢᠬᠤᠯᠠ ᠶᠡᠭᠡ ᠲᠦᠷᠦᠯ ᠵᠦᠢᠯ | ᠤᠨ ᠪᠠᠷᠢᠯᠭ᠎ᠠ ᠶᠢᠨ ᠠᠵᠢᠯ ᠢ ᠡᠬᠢᠯᠡᠬᠦᠯᠵᠦ᠂ ᠪᠠᠷᠢᠯᠭ᠎ᠠ ᠶᠢᠨ ᠠᠵᠢᠯ ᠢ ᠡᠬᠢᠯᠡᠬᠦᠯᠦᠭᠰᠡᠨ ᠨᠤᠷᠮ᠎ᠠ 65.6% ᠳᠤ | ᠬᠦᠷᠴᠡᠢ᠃ ᠪᠦᠬᠦ ᠤᠷᠤᠨ ᠤ ᠦᠷᠬᠦᠯᠵᠢᠯᠡᠨ ᠪᠦᠲᠦᠬᠡᠨ ᠪᠠᠶᠢᠭᠤᠯᠬᠤ ᠲᠦᠷᠦᠯ ᠵᠦᠢᠯ 1805 ᠪᠠᠶᠢᠵᠦ᠂ | ᠶᠡᠷᠦᠩᠬᠡᠢ ᠪᠡᠯᠡ ᠤᠷᠤᠭᠤᠯᠤᠯᠳᠠ 15243 ᠳ᠋ᠦᠩᠰᠢᠭᠤᠷ ᠲᠦᠬᠦᠷᠢᠭ ᠪᠠᠶᠢᠵᠦ᠂ ᠡᠨᠡ ᠵᠢᠯ 2836 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠵᠦ᠂ ᠤᠳᠤᠬᠠᠨ ᠪᠤᠯᠳᠠᠯ᠎ᠠ᠂ 1633 ᠴᠢᠬᠤᠯᠠ ᠶᠡᠭᠡ ᠲᠦᠷᠦᠯ | ᠵᠦᠢᠯ ᠤᠨ ᠪᠠᠷᠢᠯᠭ᠎ᠠ ᠶᠢᠨ ᠠᠵᠢᠯ ᠢ ᠰᠡᠷᠬᠦᠬᠡᠵᠦ᠂ ᠪᠠᠷᠢᠯᠭ᠎ᠠ ᠶᠢᠨ ᠠᠵᠢᠯ ᠢ ᠰᠡᠷᠬᠦᠬᠡᠭᠰᠡᠨ ᠨᠤᠷᠮ᠎ᠠ 90.5% ᠳᠤ | ᠬᠦᠷᠦᠭᠰᠡᠨ ᠪᠠᠶᠢᠨ᠎ᠠ᠃ | ᠪᠡᠯᠡ ᠤᠷᠤᠭᠤᠯᠤᠯᠳᠠ ᠶᠢᠨ ᠲᠦᠷᠦᠯ ᠬᠡᠯᠪᠡᠷᠢ ᠠᠴᠠ ᠦᠵᠡᠪᠡᠯ᠂ ᠪᠦᠬᠦ ᠤᠷᠤᠨ ᠤ ᠵᠠᠰᠠᠬ ᠤᠨ | ᠤᠷᠳᠤᠨ ᠠᠴᠠ ᠪᠡᠯᠡ ᠤᠷᠤᠭᠤᠯᠬᠤ ᠲᠦᠷᠦᠯ ᠵᠦᠢᠯ 1151 ᠪᠠᠶᠢᠵᠦ᠂ ᠶᠡᠷᠦᠩᠬᠡᠢ ᠪᠡᠯᠡ ᠤᠷᠤᠭᠤᠯᠤᠯᠳᠠ 6919 | ᠳ᠋ᠦᠩᠰᠢᠭᠤᠷ ᠲᠦᠬᠦᠷᠢᠭ ᠪᠠᠶᠢᠵᠦ᠂ ᠡᠨᠡ ᠵᠢᠯ 1477 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠬᠤ ᠪᠠᠷ | ᠲᠦᠯᠦᠪᠯᠡᠵᠦ᠂ 857 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠬᠦᠯᠦᠨ ᠰᠡᠷᠬᠦᠬᠡᠵᠦ᠂ | ᠪᠠᠷᠢᠯᠭ᠎ᠠ ᠶᠢᠨ ᠠᠵᠢᠯ ᠢ ᠡᠬᠢᠯᠡᠬᠦᠯᠦᠨ ᠰᠡᠷᠬᠦᠭᠡᠭᠰᠡᠨ ᠨᠤᠷᠮ᠎ᠠ 74.5% ᠳᠤ ᠬᠦᠷᠴᠡᠢ᠃ ᠪᠦᠬᠦ ᠤᠷᠤᠨ ᠤ ᠠᠵᠦ | ᠠᠬᠤᠢᠢᠯᠠᠯ ᠠᠴᠠ ᠪᠡᠯᠡ ᠤᠷᠤᠭᠤᠯᠬᠤ ᠲᠦᠷᠦᠯ ᠵᠦᠢᠯ 2115 ᠪᠠᠶᠢᠵᠦ᠂ ᠶᠡᠷᠦᠩᠬᠡᠢ ᠪᠡᠯᠡ ᠤᠷᠤᠭᠤᠯᠤᠯᠳᠠ | 19952 ᠳ᠋ᠦᠩᠰᠢᠭᠤᠷ ᠲᠦᠬᠦᠷᠢᠭ ᠪᠠᠶᠢᠵᠦ᠂ ᠡᠨᠡ ᠵᠢᠯ 3677 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠬᠤ ᠪᠠᠷ ᠲᠦᠯᠦᠪᠯᠡᠵᠦ᠂ 1734 ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ | ᠡᠬᠢᠯᠡᠬᠦᠯᠦᠨ ᠰᠡᠷᠬᠦᠬᠡᠵᠦ᠂ ᠪᠠᠷᠢᠯᠭ᠎ᠠ ᠶᠢᠨ ᠠᠵᠢᠯ ᠢ ᠡᠬᠢᠯᠡᠬᠦᠯᠦᠨ ᠰᠡᠷᠬᠦᠭᠡᠭᠰᠡᠨ ᠨᠤᠷᠮ᠎ᠠ 82% ᠲᠤ ᠬᠦᠷᠦᠭᠰᠡᠨ | ᠪᠠᠶᠢᠨ᠎ᠠ᠃ | ᠠᠵᠢᠯ ᠲᠦᠷᠦᠯ ᠢᠶᠠᠷ ᠬᠤᠪᠢᠶᠠᠵᠦ ᠦᠵᠡᠪᠡᠯ᠂ ᠪᠦᠬᠦ ᠤᠷᠤᠨ ᠤ ᠠᠵᠦ ᠦᠢᠯᠡᠰ ᠢ ᠬᠦᠭᠵᠢᠬᠦᠯᠬᠦ ᠲᠦᠷᠦᠯ | ᠵᠦᠢᠯ᠂ ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ᠂ ᠵᠠᠮ ᠬᠠᠷᠢᠯᠴᠠᠭᠠᠨ ᠤ ᠲᠦᠷᠦᠯ | ᠵᠦᠢᠯ᠂ ᠡᠨᠧᠷᠬᠢ ᠶᠢᠨ ᠲᠦᠷᠦᠯ ᠵᠦᠢᠯ᠂ ᠲᠠᠷᠢᠶᠠᠯᠠᠩ ᠤᠢ ᠰᠢᠭᠤᠢ ᠤᠰᠤᠨ ᠠᠰᠢᠬᠯᠠᠯᠳᠠ ᠶᠢᠨ ᠲᠦᠷᠦᠯ ᠵᠦᠢᠯ᠂ | ᠨᠡᠶᠢᠬᠡᠮ ᠤᠨ ᠠᠵᠢᠯ ᠦᠢᠯᠡᠰ ᠤᠨ ᠲᠦᠷᠦᠯ ᠵᠦᠢᠯ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠦᠷᠦᠯ ᠵᠦᠢᠯ᠂ ᠪᠠᠷᠠᠭᠠᠨ ᠤ ᠬᠦᠢᠯᠬᠡᠬᠡ ᠶᠢᠨ ᠰᠠᠭᠤᠷᠢ ᠲᠦᠬᠦᠬᠡᠷᠦᠮᠵᠢ ᠶᠢᠨ ᠲᠦᠷᠦᠯ ᠵᠦᠢᠯ᠂ ᠪᠦᠬᠦ ᠤᠷᠤᠨ ᠤ | ᠪᠤᠰᠤᠳ ᠲᠦᠷᠦᠯ ᠵᠦᠢᠯ ᠪᠠᠭᠳᠠᠵᠤ᠂ ᠴᠢᠬᠤᠯᠠ ᠶᠡᠭᠡ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠢ ᠡᠬᠢᠯᠡᠬᠦᠯᠦᠨ | ᠰᠡᠷᠬᠦᠬᠡᠵᠦ᠂ ᠪᠠᠷᠢᠯᠭ᠎ᠠ ᠶᠢᠨ ᠠᠵᠢᠯ ᠢ ᠡᠬᠢᠯᠡᠬᠦᠯᠦᠨ ᠰᠡᠷᠬᠦᠭᠡᠭᠰᠡᠨ ᠨᠤᠷᠮ᠎ᠠ 68% ᠠᠴᠠ 90% ᠳᠤ ᠬᠦᠷᠴᠡᠢ᠃ | ᠪᠠᠷᠢᠯᠭ᠎ᠠ ᠶᠢᠨ ᠠᠵᠢᠯ ᠢ ᠲᠠᠭᠤᠰᠬᠠᠬᠤ ᠴᠠᠬ ᠬᠤᠭᠤᠴᠠᠭ᠎ᠠ ᠠᠴᠠ ᠦᠵᠡᠪᠡᠯ᠂ ᠡᠨᠡ ᠵᠢᠯ ᠳᠡᠭᠡᠨ ᠪᠠᠷᠢᠯᠭ᠎ᠠ ᠶᠢᠨ | ᠠᠵᠢᠯ ᠢ ᠲᠠᠭᠤᠰᠬᠠᠬᠤ ᠪᠠᠷ ᠵᠢᠱᠢᠵᠦ ᠪᠠᠶᠢᠭ᠎ᠠ ᠲᠦᠷᠦᠯ ᠵᠦᠢᠯ 1476 ᠪᠠᠶᠢᠵᠦ᠂ ᠶᠡᠷᠦᠩᠬᠡᠢ ᠪᠡᠯᠡ ᠤᠷᠤᠭᠤᠯᠤᠯᠳᠠ | 8544 ᠳ᠋ᠦᠩᠰᠢᠭᠤᠷ ᠲᠦᠬᠦᠷᠢᠭ ᠪᠠᠶᠢᠵᠦ᠂ ᠡᠨᠡ ᠵᠢᠯ 2202 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠬᠤ ᠪᠠᠷ ᠲᠦᠯᠦᠪᠯᠡᠵᠦ ᠪᠠᠶᠢᠨ᠎ᠠ᠃ |