ᠥᠨᠥᠬᠡᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ | ᠨᠢᠭᠡᠳᠦᠯᠲᠡᠶ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠮᠠᠯᠵᠢᠬᠤ | ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ ᠶᠢᠨ | ᠬᠤᠯᠪᠣᠭᠳᠠᠯ ᠪᠥᠬᠦᠶ ᠲᠣᠬᠢᠷᠠᠭᠤᠯᠤᠯᠲᠠ ᠶᠣᠰᠣᠭᠠᠷ᠂ ᠡᠨᠡ ᠵᠢᠯ ᠮᠠᠨ ᠤ ᠣᠷᠣᠨ ᠢᠳᠡᠰᠢᠨ ᠤ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠦᠨᠡᠮᠯᠡᠯ ᠤᠨ ᠲᠦᠷᠢᠮ ᠢ ᠪᠥᠬᠦ ᠲᠠᠯ᠎ᠠ ᠪᠠᠷ ᠲᠤᠷᠰᠢᠨ | ᠬᠡᠷᠡᠭᠵᠢᠭᠦᠯᠦᠨ᠎ᠡ᠃ ᠪᠦᠬᠦ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ | ᠤᠨ ᠠᠵᠤ ᠠᠬᠤᠶᠢᠯᠠᠯ᠂ ᠲᠠᠷᠢᠶᠠᠴᠢᠨ ᠮᠠᠯᠴᠢᠳ ᠤᠨ ᠲᠤᠰᠬᠠᠶ ᠠᠵᠢᠯ ᠤᠨ ᠬᠤᠷᠰᠢᠶ᠎ᠠ ᠪᠣᠯᠤᠨ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠵᠡᠷᠭᠡ ᠭᠤᠷᠪᠠᠨ ᠶᠡᠭᠡ ᠲᠥᠷᠥᠯ ᠤᠨ ᠭᠤᠤᠯ ᠴᠣᠭᠴᠠ ᠠᠴᠠ ᠪᠣᠷᠣᠯᠠᠭᠤᠯᠤᠨ | ᠬᠤᠳᠠᠯᠳᠤᠵᠤ ᠪᠠᠶᠢᠭ᠎ᠠ ᠢᠳᠡᠰᠢᠨ ᠨᠣᠭᠤᠭ᠎ᠠ᠂ ᠵᠢᠮᠢᠰ᠂ ᠮᠠᠯ ᠵᠢᠭᠦᠷᠲᠡᠨ᠂ ᠵᠢᠭᠦᠷᠲᠡᠨ ᠤ ᠥᠨᠳᠡᠭᠡ᠂ ᠲᠡᠵᠢᠭᠡᠨ | ᠦᠷᠡᠵᠢᠭᠦᠯᠬᠦ ᠤᠰᠤᠨ ᠤ ᠭᠠᠷᠤᠯᠲᠠ ᠵᠡᠷᠭᠡ ᠲᠠᠪᠤᠨ ᠶᠡᠭᠡ ᠲᠥᠷᠥᠯ ᠤᠨ ᠢᠳᠡᠭᠡᠨ ᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠳᠤ ᠶᠠᠰᠤ ᠴᠢᠨᠠᠷ ᠤᠨ ᠠᠮᠤᠷ ᠲᠥᠪᠰᠢᠨ ᠤ ᠬᠢᠷᠢ ᠲᠡᠩᠴᠡᠭᠰᠡᠨ ᠦᠨᠡᠮᠯᠡᠯ | ᠣᠯᠭᠤᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ︽ᠦᠨᠡᠮᠯᠡᠯ︾ ᠲᠠᠢ ᠪᠣᠯᠭᠠᠨ᠎ᠠ᠃ ᠬᠢᠷᠢ | ᠲᠡᠩᠴᠡᠭᠰᠡᠨ ᠦᠨᠡᠮᠯᠡᠯ ᠳᠤ ᠦᠢᠯᠡᠳᠬᠦᠨ ᠤ ᠨᠡᠷᠡᠶᠢᠳᠦᠯ᠂ ᠲᠤᠭ᠎ᠠ ᠪᠠ ᠬᠦᠨᠳᠦ ᠶᠢᠨ ᠬᠡᠮᠵᠢᠶ᠎ᠡ᠂ | ᠦᠢᠯᠡᠳᠪᠦᠷᠢᠯᠡᠭᠴᠢ ᠶᠢᠨ ᠮᠡᠳᠡᠭᠡ ᠵᠠᠩᠭᠢ᠂ ᠦᠨᠡᠮᠯᠡᠯ ᠣᠯᠭᠤᠭᠰᠠᠨ ᠡᠳᠦᠷ ᠬᠤᠭᠤᠴᠠᠭ᠎ᠠ ᠪᠠ ᠠᠮᠠᠯᠠᠭᠰᠠᠨ | ᠢᠯᠡᠷᠬᠡᠶᠢᠯᠡᠯᠲᠡ ᠵᠡᠷᠭᠡ ᠠᠭᠤᠯᠭ᠎ᠠ ᠶᠢ ᠪᠠᠭᠲᠠᠭᠠᠨ᠎ᠠ᠃ | ᠡᠨᠡ ᠵᠢᠯ ᠤᠨ 2 ᠳ᠋ᠤᠭᠠᠷ ᠰᠠᠷ᠎ᠠ ᠶᠢᠨ 9 ᠤ ᠡᠳᠦᠷ᠂ ᠤᠯᠠᠭᠠᠨᠴᠠᠪ ᠬᠤᠲᠠ ᠪᠥᠬᠦ ᠣᠷᠣᠨ ᠤ ᠠᠩᠬᠠᠳᠠᠭᠴᠢ | ᠬᠢᠷᠢ ᠲᠡᠩᠴᠡᠭᠰᠡᠨ ᠦᠨᠡᠮᠯᠡᠯ ᠦᠢᠯᠡᠳᠴᠦ ᠭᠠᠷᠭᠠᠪᠠ᠃ ᠥᠨᠥ ᠪᠣᠯᠬᠤ ᠳᠤ᠂ ᠪᠥᠬᠦ ᠣᠷᠣᠨ ᠳᠤ ᠨᠢᠭᠡᠨᠲᠡ 6.7 | ᠲᠦᠮᠡ ᠭᠠᠷᠤᠶ ᠬᠢᠷᠢ ᠲᠡᠩᠴᠡᠭᠰᠡᠨ ᠦᠨᠡᠮᠯᠡᠯ ᠦᠢᠯᠡᠳᠴᠦ ᠭᠠᠷᠭᠠᠭᠠᠳ᠂ 2.4 ᠲᠦᠮᠡ ᠭᠠᠷᠤᠶ ᠲᠣᠨ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠨᠡᠮᠯᠡᠯ ᠲᠠᠢ ᠪᠠᠷ ᠵᠠᠬ᠎ᠠ ᠳᠡᠯᠭᠡᠭᠦᠷ ᠲᠤ ᠭᠠᠷᠭᠠᠭᠰᠠᠨ ᠪᠠᠶᠢᠨ᠎ᠠ᠃ | ᠮᠠᠨ ᠤ ᠣᠷᠣᠨ ᠤ 9 ᠠᠶᠢᠮᠠᠭ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠪᠣᠯᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠲᠤᠷᠠᠨ ᠲᠤᠷᠰᠢᠨ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠲᠠᠷᠬᠠᠭᠠᠵᠤ᠂ ︽ᠬᠤᠯᠢᠰᠢᠨ ᠢᠳᠡᠭᠡᠨ︾ ᠤ ᠭᠤᠤᠯ ᠭᠠᠷᠤᠯᠲᠠ ᠶᠢᠨ ᠠᠶᠢᠮᠠᠭ ᠬᠤᠲᠠ ᠶᠢ | ᠦᠨᠳᠦᠰᠦᠨ ᠳᠤ ᠪᠠᠨ ᠬᠠᠮᠤᠷᠴᠤ᠂ 75% ᠶᠢᠨ ᠬᠤᠰᠢᠭᠤ ᠰᠢᠶᠠᠨ ᠲᠤᠷᠰᠢᠨ ᠬᠡᠷᠡᠭᠵᠢᠭᠦᠯᠬᠦ ᠠᠵᠢᠯ ᠢ ᠨᠢᠭᠡᠨᠲᠡ | ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ | ᠮᠠᠨ ᠤ ᠣᠷᠣᠨ ᠬᠤᠪᠧᠶ ᠮᠤᠵᠢ ᠶᠢ ᠲᠤᠰᠠᠯᠠᠭᠰᠠᠨ 2500 ᠭᠠᠷᠤᠶ ᠲᠣᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠴᠠᠭ ᠲᠤᠬᠠᠶ ᠳᠤ ᠨᠢ ᠪᠠᠶᠢᠴᠠᠭᠠᠨ ᠰᠢᠯᠭᠠᠵᠤ᠂ ᠦᠢᠯᠡᠳᠪᠦᠷᠢᠯᠡᠯ ᠤᠨ ᠭᠤᠣᠯ ᠴᠣᠭᠴᠠ ᠶᠢ | ᠵᠢᠯᠣᠭᠤᠳᠴᠤ ᠪᠠᠶᠢᠭᠠᠳ ᠪᠦᠬᠦᠨ ᠢ ᠥᠪᠡᠰᠦᠪᠡᠨ ᠡᠵᠡᠨ ᠮᠡᠳᠡᠨ ᠬᠢᠷᠢ ᠲᠡᠩᠴᠡᠭᠰᠡᠨ ᠦᠨᠡᠮᠯᠡᠯ ᠲᠠᠢ ᠪᠣᠯᠭᠠᠵᠤ᠂ | ᠪᠠᠰᠠ 29 ᠬᠤᠪᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠪᠦᠲᠦᠮᠵᠢᠲᠡᠶ ᠬᠦᠴᠦᠨ ᠨᠡᠮᠡᠷᠢᠯᠡᠪᠡ᠃ | ᠬᠢᠷᠢ ᠲᠡᠩᠴᠡᠭᠰᠡᠨ ᠦᠨᠡᠮᠯᠡᠯ ᠤᠨ ᠲᠤᠷᠰᠢᠨ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠶ ᠪᠥᠭᠡᠳ | ᠪᠦᠲᠦᠮᠵᠢᠲᠡᠢ ᠲᠦᠯᠬᠢᠨ ᠠᠬᠢᠭᠤᠯᠬᠤ ᠶᠢᠨ ᠲᠥᠯᠥᠭᠡ᠂ ᠮᠠᠨ ᠤ ᠣᠷᠣᠨ ᠪᠦᠬᠦ ᠣᠷᠣᠨ ᠤ ᠬᠢ ᠶᠢ ᠪᠦᠬᠦᠯᠢ | ᠴᠣᠭᠴᠠ ᠪᠠᠷ ᠨᠢ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠰᠠᠭᠤᠷᠢᠨ ᠳᠡᠭᠡᠷ᠎ᠡ᠂ ︽ᠬᠤᠯᠢᠰᠢᠨ ᠢᠳᠡᠭᠡᠨ︾ ᠤ | ᠲᠣᠮᠣ ᠰᠢᠶᠠᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ | ᠰᠢᠶᠠᠨ ᠢ ᠬᠢᠷᠢ ᠲᠡᠩᠴᠡᠭᠰᠡᠨ ᠦᠨᠡᠮᠯᠡᠯ ᠢ ᠲᠤᠷᠰᠢᠨ ᠬᠡᠷᠡᠭᠵᠢᠭᠦᠯᠬᠦ ᠶᠢᠨ ᠤᠷᠢᠳᠴᠢᠯᠠᠨ ᠬᠡᠷᠡᠭᠵᠢᠭᠦᠯᠬᠦ ᠣᠷᠣᠨ | ᠪᠣᠯᠭᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠪᠠ᠃ ᠪᠠᠰᠠ ︽ᠨᠢᠭᠡᠳ ᠨᠢᠭᠡ ᠪᠠᠷ | ᠳᠠᠭᠠᠭᠠᠨ ᠠᠪᠬᠤ︾ ᠬᠠᠷᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠤᠷᠰᠢᠨ ᠬᠡᠷᠡᠭᠵᠢᠭᠦᠯᠬᠦ ᠠᠵᠢᠯ ᠢ ᠴᠠᠭ | ᠲᠤᠬᠠᠶ ᠳᠤ ᠨᠢ ᠲᠣᠬᠢᠷᠠᠭᠤᠯᠤᠨ ᠠᠬᠢᠭᠤᠯᠪᠠ᠃ ᠡᠭᠦᠨ ᠤ ᠬᠠᠮᠲᠤ᠂ ᠵᠢᠭᠠᠨ ᠵᠢᠯᠣᠭᠤᠳᠴᠤ ᠪᠠᠶᠢᠴᠠᠭᠠᠨ ᠰᠤᠳᠤᠯᠬᠤ᠂ | ᠤᠬᠠᠭᠤᠯᠭ᠎ᠠ ᠪᠣᠯᠪᠠᠰᠤᠷᠠᠭᠤᠯᠤᠯ ᠬᠢᠬᠦ ᠪᠠ ᠲᠤᠬᠠᠶ ᠶᠢᠨ ᠲᠠᠯᠠᠪᠤᠷ ᠲᠤ ᠲᠣᠭᠤᠷᠢᠨ ᠦᠵᠡᠭᠦᠯᠬᠦ ᠵᠡᠷᠭᠡ ᠠᠵᠢᠯ ᠢ | ᠥᠷᠨᠢᠭᠦᠯᠵᠦ᠂ ᠲᠤᠷᠰᠢᠨ ᠬᠡᠷᠡᠭᠵᠢᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠪᠠ᠃ | ᠣᠶᠢᠯᠠᠭᠠᠭᠰᠠᠨ ᠢᠶᠠᠷ᠂ ᠬᠢᠷᠢ ᠲᠡᠩᠴᠡᠭᠰᠡᠨ ᠦᠨᠡᠮᠯᠡᠯ ᠢ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠵᠠᠬ᠎ᠠ ᠳᠡᠯᠭᠡᠭᠦᠷ ᠲᠤ ᠭᠠᠷᠭᠠᠬᠤ ᠮᠡᠳᠡᠭᠡ ᠵᠠᠩᠭᠢ ᠶᠢᠨ ᠠᠴᠢᠶᠠᠯᠠᠪᠤᠷᠢ ᠪᠠ ᠠᠮᠠᠯᠠᠯᠲᠠ ᠶᠢᠨ ᠪᠢᠴᠢᠭ | ᠪᠣᠯᠭᠠᠬᠤ ᠶᠠᠪᠤᠳᠠᠯ ᠪᠣᠯ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ | ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠬᠡᠯᠬᠢᠶ᠎ᠡ ᠶᠢ ᠨᠡᠪᠲᠡᠷᠡᠭᠦᠯᠬᠦ ᠴᠢᠬᠤᠯᠠ ᠰᠢᠨ᠎ᠡ ᠡᠭᠦᠳᠦᠯᠲᠡ | ᠪᠣᠯᠤᠨ᠎ᠠ᠂ ᠨᠠᠩ ᠴᠤ ᠦᠢᠯᠡᠳᠪᠦᠷᠢᠯᠡᠭᠴᠢ ᠡᠵᠡᠩᠨᠡᠭᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠪᠦᠲᠦᠮᠵᠢᠲᠡᠢ ᠠᠷᠭ᠎ᠠ ᠪᠠᠷᠢᠯ ᠪᠣᠯᠤᠨ᠎ᠠ᠃ ᠵᠢᠱᠢᠯᠲᠡ ᠪᠠᠷ ᠡᠨᠡ ᠵᠢᠯ ᠤᠨ ᠡᠴᠦᠰ ᠪᠣᠯᠬᠤ ᠳᠤ᠂ | ᠪᠥᠬᠦ ᠣᠷᠣᠨ ᠤ ᠭᠤᠷᠪᠠᠨ ᠶᠡᠭᠡ ᠲᠥᠷᠥᠯ ᠤᠨ ᠲᠤᠷᠰᠢᠨ ᠬᠡᠷᠡᠭᠵᠢᠭᠦᠯᠬᠦ ᠭᠤᠤᠯ ᠴᠣᠭᠴᠠ ᠶᠢᠨ | ᠦᠢᠯᠡᠳᠪᠦᠷᠢᠯᠡᠭᠰᠡᠨ ᠲᠠᠪᠤᠨ ᠶᠡᠭᠡ ᠲᠥᠷᠥᠯ ᠤᠨ ᠢᠳᠡᠰᠢᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠦᠨᠡᠮᠯᠡᠯ ᠲᠠᠢ ᠪᠠᠷ ᠵᠠᠬ᠎ᠠ ᠳᠡᠯᠭᠡᠭᠦᠷ ᠲᠤ ᠭᠠᠷᠭᠠᠬᠤ ᠶᠢ ᠦᠨᠳᠦᠰᠦᠨ ᠳᠤ ᠪᠠᠨ ᠪᠡᠶᠡᠯᠡᠭᠦᠯᠬᠦ | ᠪᠣᠯᠣᠨ᠎ᠠ᠃ | |