ᠱᠢ ᠲᠠᠢ ᠹᠧᠩ᠄ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠣᠯᠤᠨ ᠠᠷᠭ᠎ᠠ ᠬᠡᠯᠪᠡᠷᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ
ᠨᠡᠶᠢᠲᠡᠯᠡᠭᠰᠡᠨ ᠴᠠᠭ᠄
2020/8/21
     8 ᠳ᠋ᠤᠭᠠᠷ ᠰᠠᠷ᠎ᠠ ᠶᠢᠨ 18᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠤᠳᠬᠤ ᠳᠤ ᠪᠠᠨ᠂ ᠲᠡᠵᠢᠭᠡᠨ ᠦᠷᠡᠵᠢᠭᠦᠯᠬᠦ ᠠᠷᠭ᠎ᠠ ᠮᠠᠶ᠋ᠢᠭ ᠢ ᠬᠤᠪᠢᠰᠬᠠᠯᠴᠢ ᠴᠢᠨᠠᠷᠲᠠᠶ ᠪᠠᠷ ᠬᠤᠪᠢᠷᠠᠭᠤᠯᠵᠤ᠂ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠣᠯᠤᠨ ᠠᠷᠭ᠎ᠠ ᠬᠡᠯᠪᠡᠷᠢ ᠪᠠᠷ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ ᠭᠡᠪᠡ᠃
     8 ᠳ᠋ᠤᠭᠠᠷ ᠰᠠᠷ᠎ᠠ ᠶᠢᠨ 18᠎ ᠤ ᠡᠳᠦᠷ᠂ ᠱᠢ ᠲᠠᠢ ᠹᠧᠩ ᠱᠦᠵᠢ ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠶᠢᠨ ᠼᠤᠤ ᠶᠤᠸᠠᠨ ᠣᠲᠣ ᠦᠶ᠎ᠡ ᠶᠢᠨ ᠢᠳᠡᠰᠢᠨ ᠬᠤᠨᠢᠨ ᠤ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠲᠤ ᠠᠵᠤ ᠦᠢᠯᠡᠰ ᠢᠶᠠᠷ ᠶᠠᠳᠠᠭᠤ ᠶᠢ ᠲᠡᠳᠬᠦᠭᠰᠡᠨ ᠪᠠᠶᠢᠳᠠᠯ ᠢ ᠨᠢ ᠣᠶᠢᠯᠠᠭᠠᠵᠤ ᠪᠠᠶᠢᠭ᠎ᠠ ᠨᠢ᠃      ᠦᠶᠤᠸᠠᠨ ᠰᠢᠶᠠᠨ ᠤ ᠶᠢᠨ ᠼᠤᠤ ᠶᠤᠸᠠᠨ ᠣᠲᠣ ᠦᠶ᠎ᠡ ᠶᠢᠨ ᠲᠡᠵᠢᠭᠡᠨ ᠦᠷᠡᠵᠢᠭᠦᠯᠬᠦ ᠬᠦᠷᠢᠶᠡᠯᠡᠩ ᠳᠤ᠂ 15 ᠲᠦᠮᠡᠨ ᠬᠤᠨᠢ ᠨᠢ ᠤᠶᠤᠨᠴᠢᠯᠠᠭᠰᠠᠨ ᠬᠠᠰᠢᠶ᠎ᠠ ᠰᠠᠷᠠᠪᠴᠢᠨ ᠳᠤ ᠲᠠᠭᠠᠯᠠᠮᠵᠢᠲᠠᠶ ᠠᠮᠢᠳᠤᠷᠠᠵᠤ᠂ ᠳᠤᠯᠠᠭᠠᠨ ᠢ ᠲᠣᠬᠢᠷᠠᠭᠤᠯᠬᠤ᠂ ᠬᠤᠨᠢ ᠤᠬᠢᠶᠠᠬᠤ᠂ ᠠᠦ᠋ᠲ᠋ᠤ᠋ ᠤᠰᠤᠯᠠᠯᠲᠠ ᠶᠢᠨ ᠮᠠᠰᠢᠨ᠂ ᠴᠠᠬᠢᠯᠭᠠᠨ ᠬᠥᠳᠡᠯᠭᠡᠭᠦᠷᠲᠦ ᠬᠤᠷᠭᠤᠯ ᠲᠡᠭᠦᠬᠦ ᠲᠦᠬᠦᠭᠡᠷᠦᠮᠵᠢ ᠪᠦᠷᠢᠨ ᠳᠦᠬᠦᠷ ᠪᠠᠶᠢᠵᠤ᠂ ᠪᠣᠷᠳᠣᠭᠤᠷ ᠥᠭᠬᠦ᠂ ᠬᠤᠣᠷ ᠠᠷᠢᠭᠤᠳᠬᠠᠬᠤ ᠵᠡᠷᠭᠡ ᠠᠵᠢᠯ ᠢ ᠨᠢᠭᠡ ᠯᠠ ᠳᠠᠷᠤᠪᠴᠢ ᠪᠠᠷ ᠪᠡᠶᠡᠯᠡᠭᠦᠯᠵᠦ ᠴᠢᠳᠠᠬᠤ ᠪᠦᠭᠡᠳ ᠳᠠᠭᠠᠯᠠᠮᠵᠢᠲᠠᠢ ᠰᠠᠶᠢᠬᠠᠨ ᠳᠠᠭᠤᠤ ᠬᠥᠭᠵᠢᠮ ᠬᠠᠩᠭᠢᠨᠠᠵᠤ ᠪᠠᠶᠢᠯ᠎ᠠ᠃
     ᠪᠠᠶᠠᠨᠨᠠᠭᠤᠷ ᠬᠤᠲᠠ ᠶᠢᠨ ᠦᠶᠤᠸᠠᠨ ᠰᠢᠶᠠᠨ ᠤ ᠶᠢᠨ ᠼᠤᠤ ᠶᠤᠸᠠᠨ ᠣᠲᠣ ᠦᠶ᠎ᠡ ᠶᠢᠨ ᠢᠳᠡᠰᠢᠨ ᠬᠤᠨᠢᠨ ᠤ ᠪᠠᠷᠢᠮᠵᠢᠶᠠᠵᠢᠭᠤᠯᠤᠭᠰᠠᠨ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠃      ᠱᠢ ᠲᠠᠢ ᠹᠧᠩ ᠬᠡᠯᠡᠭᠰᠡᠨ ᠨᠢ᠂ ᠣᠳᠣᠬᠢᠴᠢᠯᠠᠭᠰᠠᠨ ᠬᠡᠪᠴᠢᠶᠡᠵᠢᠭᠦᠯᠦᠭᠰᠡᠨ ᠮᠠᠶ᠋ᠢᠭ ᠢᠶᠠᠷ ᠲᠡᠵᠢᠭᠡᠨ ᠦᠷᠡᠵᠢᠭᠦᠯᠬᠦ ᠨᠢ ᠠᠵᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠬᠦ ᠪᠦᠭᠡᠳ ᠮᠠᠯᠴᠢᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠵᠦ ᠴᠢᠳᠠᠬᠤ ᠪᠠᠷ ᠪᠠᠷᠠᠬᠤ ᠦᠭᠡᠢ᠂ ᠪᠠᠰᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠰᠠᠭᠤᠳᠠᠯ ᠢ ᠰᠢᠢᠳᠪᠦᠷᠢᠯᠡᠬᠦ᠂ ᠪᠡᠯᠴᠢᠭᠡᠷᠯᠡᠭᠦᠯᠬᠦ ᠠᠴᠠ ᠪᠣᠯᠵᠤ ᠨᠤᠲᠤᠭ ᠪᠡᠯᠴᠢᠭᠡᠷ ᠤᠨ ᠠᠮᠢ ᠠᠬᠤᠶ ᠳᠤ ᠦᠵᠡᠭᠦᠯᠬᠦ ᠨᠥᠯᠥᠭᠡ ᠶᠢ ᠪᠠᠭᠠᠰᠬᠠᠬᠤ ᠳᠤ ᠠᠰᠢᠭᠲᠠᠢ ᠶᠤᠮ ᠭᠡᠪᠡ᠃ ᠡᠨᠡ ᠵᠢᠯ ᠤᠨ 6 ᠳ᠋ᠤᠭᠠᠷ ᠰᠠᠷ᠎ᠠ ᠶᠢᠨ ᠡᠬᠢ ᠪᠠᠷ᠂ ᠱᠢ ᠲᠠᠢ ᠹᠧᠩ ᠤᠯᠠᠭᠠᠨᠬᠠᠳᠠ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠳᠠᠷᠤᠶ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ ᠮᠠᠯ ᠠᠵᠤ ᠠᠬᠤᠶ ᠶᠢᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠠᠷᠠᠴᠢᠯᠠᠨ ᠲᠡᠵᠢᠭᠡᠬᠦ ᠠᠷᠭ᠎ᠠ ᠬᠡᠯᠪᠡᠷᠢ ᠪᠠᠨ ᠲᠦᠷᠭᠡᠳᠬᠡᠨ ᠬᠤᠪᠢᠷᠠᠭᠤᠯᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠰᠠᠭᠤᠳᠠᠯ ᠢ ᠦᠨᠳᠦᠰᠦᠨ ᠠᠴᠠ ᠨᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠠᠴᠠ ᠨᠠᠭᠠᠰᠢ᠂ ᠥᠪᠥᠷ ᠮᠣᠩᠭᠤᠯ ᠨᠤᠲᠤᠭ ᠪᠡᠯᠴᠢᠭᠡᠷ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠲᠠᠯ᠎ᠠ ᠨᠤᠲᠤᠭ ᠤᠨ ᠣᠨᠴᠠᠯᠢᠭ ᠲᠠᠢ ᠣᠳᠣᠬᠢᠴᠢᠯᠠᠭᠰᠠᠨ ᠮᠠᠯ ᠠᠵᠤ ᠠᠬᠤᠶ ᠶᠢᠨ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠡᠶ᠃ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠲᠤᠬᠢᠷᠠᠭᠤᠯᠤᠯᠳᠠ ᠶᠢ ᠬᠡᠷᠬᠢᠨ ᠤᠯᠠᠮ ᠴᠢᠨᠠᠭᠰᠢᠳᠠ ᠴᠢᠩᠭᠠᠳᠬᠠᠵᠤ᠂ ᠪᠣᠬᠢᠷᠲᠤᠯ ᠦᠭᠡᠢ ᠮᠠᠯ ᠠᠵᠤ ᠠᠬᠤᠢ ᠶᠢ ᠬᠥᠭᠵᠢᠭᠦᠯᠬᠦ ᠪᠤᠢ︖ ᠬᠠᠷᠢᠭᠤᠯᠲᠠ ᠨᠢ ᠳᠠᠷᠤᠢ ᠠᠵᠤ ᠦᠢᠯᠡᠳᠪᠦᠷᠢᠵᠢᠯᠲᠡ ᠶᠢᠨ ᠰᠡᠳᠬᠢᠬᠦᠢ ᠪᠠ ᠠᠷᠭ᠎ᠠ ᠬᠡᠯᠪᠡᠷᠢ ᠪᠠᠷ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ ᠬᠠᠮᠠᠭᠠᠯᠠᠬᠤ ᠪᠠ ᠪᠣᠬᠢᠷᠲᠤᠯ ᠦᠭᠡᠢ ᠮᠠᠯ ᠠᠵᠤ ᠠᠬᠤᠢ ᠶᠢ ᠬᠥᠭᠵᠢᠭᠦᠯᠬᠦ ᠬᠤᠣᠰ ᠠᠰᠢᠭ ᠢ ᠪᠡᠶᠡᠯᠡᠭᠦᠯᠬᠦ ᠳᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号