ᠦᠪᠦᠷ ᠵᠠᠰᠠᠭ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ | ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃ | | | 2020 ᠣᠨ ᠤ 7 ᠳ᠋ᠤᠭᠠᠷ ᠰᠠᠷ᠎ᠠ ᠶᠢᠨ 20 ᠤ ᠡᠳᠦᠷ | | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ | ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ | | ᠨᠢᠭᠡᠳᠦᠭᠡᠷ ᠵᠦᠢᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ | ︵ᠳᠣᠷᠣᠭᠰᠢ ᠤᠯᠤᠰ ᠤᠨ ᠲᠤᠭ ᠭᠡᠵᠦ ᠲᠣᠪᠴᠢᠯᠠᠨ᠎ᠠ︶ ᠤᠨ ᠨᠡᠷ᠎ᠡ ᠬᠦᠨᠳᠦ ᠶᠢ ᠬᠠᠮᠠᠭᠠᠯᠠᠨ᠂ ᠤᠯᠤᠰ ᠤᠨ ᠲᠤᠭ | ᠡᠯᠭᠦᠵᠦ ᠮᠠᠨᠳᠤᠭᠤᠯᠬᠤ ᠪᠠ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ | ᠲᠣᠭᠲᠠᠭᠠᠪᠠ᠃ | ᠬᠤᠶᠠᠳᠤᠭᠠᠷ ᠵᠦᠢᠯ ᠲᠤᠰ ᠲᠣᠭᠲᠠᠭᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠳᠠᠬᠢ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ ᠲᠣᠬᠢᠷᠠᠭᠤᠯᠤᠨ | ᠬᠡᠷᠡᠭᠯᠡᠨ᠎ᠡ᠃ | ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠤᠶᠤ ᠳᠡᠭᠡᠳᠦ ᠪᠠᠶᠢᠷᠢ ᠶᠢᠨ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ | ᠲᠠᠯ᠎ᠠ ᠪᠠᠷ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠲᠤᠭ ᠡᠯᠭᠦᠵᠦ ᠮᠠᠨᠳᠤᠭᠤᠯᠬᠤ ᠪᠠ | ᠬᠡᠷᠡᠭᠯᠡᠬᠦ ᠵᠡᠷᠭᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠠᠬᠢ ᠨᠠᠮ ᠤᠨ ᠪᠠᠶᠢᠭᠤᠯᠭ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ | ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ | ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ ︵ᠳᠣᠷᠣᠭᠰᠢ ᠡᠯ᠎ᠡ ᠪᠠᠶᠢᠭᠤᠯᠭ᠎ᠠ ᠭᠡᠵᠦ ᠲᠣᠪᠴᠢᠯᠠᠨ᠎ᠠ︶ ᠨᠤᠭᠤᠳ | ᠨᠢ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ | ᠪᠣᠳᠠᠲᠠᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠲᠠ ᠶᠢᠨ ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ | ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ | ᠭᠠᠳᠠᠭᠠᠳᠤ ᠶᠠᠪᠤᠳᠠᠯ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠬᠠᠤᠯᠢ ᠪᠠᠷ | ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠤᠯᠤᠰ ᠤᠨ ᠲᠤᠬ ᠬᠢᠬᠦ᠂ ᠪᠣᠷᠣᠯᠠᠭᠤᠯᠬᠤ᠂ | ᠡᠯᠬᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠭᠤᠭᠴᠣᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ | ᠬᠡᠷᠡᠭᠲᠡᠢ᠃ | ᠳᠥᠷᠪᠡᠳᠦᠭᠡᠷ ᠵᠦᠢᠯ ᠬᠢᠯᠢ ᠠᠴᠠ ᠭᠠᠷᠬᠤ ᠪᠠ ᠬᠢᠯᠢ ᠪᠠᠷ ᠤᠷᠤᠬᠤ ᠨᠢᠰᠬᠡᠯ ᠤᠨ ᠪᠠᠭᠤᠳᠠᠯ᠂ ᠭᠠᠷᠠᠮ᠂ | ᠲᠡᠷᠭᠡᠨ ᠦᠷᠳᠡᠭᠡ᠂ ᠬᠢᠯᠢ ᠶᠢᠨ ᠪᠣᠭᠤᠮᠲᠠ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠲᠠᠯᠠᠪᠤᠷ | ᠭᠠᠵᠠᠷ ᠲᠤ ᠡᠳᠦᠷ ᠪᠦᠷᠢ ᠤᠯᠤᠰ ᠤᠨ ᠲᠤᠬ ᠢ ᠡᠯᠭᠦᠵᠦ ᠮᠠᠨᠳᠤᠭᠤᠯᠬᠤ ᠬᠡᠷᠡᠭᠲᠡᠶ᠃ | ᠲᠠᠪᠤᠳᠤᠭᠠᠷ ᠵᠦᠢᠯ ᠳᠣᠣᠷᠠᠬᠢ ᠪᠠᠶᠢᠭᠤᠯᠤᠮᠵᠢ ᠨᠤᠭᠤᠳ ᠤᠨ ᠪᠠᠶᠢᠭ᠎ᠠ ᠭᠠᠵᠠᠷ ᠨᠢ ᠠᠵᠢᠯᠯᠠᠬᠤ ᠡᠳᠦᠷ | ᠲᠤ ᠪᠠᠨ ᠤᠯᠤᠰ ᠤᠨ ᠲᠤᠭ ᠡᠯᠭᠦᠵᠦ ᠮᠠᠨᠳᠤᠭᠤᠯᠬᠤ ᠬᠡᠷᠡᠭᠲᠡᠢ᠄ | ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠪᠠᠶᠢᠭᠤᠯᠭ᠎ᠠ᠂ | ᠠᠷᠠᠳ ᠤᠨ ᠪᠦᠯᠬᠦᠮ ︔ | ︵ᠬᠤᠶᠠᠷ︶ ᠪᠦᠬᠦᠯᠢ ᠡᠳᠦᠷ ᠢᠶᠠᠷ ᠬᠢᠴᠢᠶᠡᠯᠯᠡᠬᠦ ᠰᠤᠷᠭᠠᠭᠤᠯᠢ ︵ᠡᠪᠦᠯ ᠤᠨ ᠠᠮᠠᠷᠠᠯᠲᠠ᠂ ᠵᠣᠨ ᠤ ᠠᠮᠠᠷᠠᠯᠲᠠ᠂ | ᠠᠮᠠᠷᠠᠯᠲᠠ ᠶᠢᠨ ᠡᠳᠦᠷ ᠠᠴᠠ ᠭᠠᠳᠠᠨ᠎ᠠ︶᠃ | ᠵᠢᠷᠭᠤᠳᠤᠭᠠᠷ ᠵᠦᠢᠯ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠪᠦᠬᠦᠯᠢ ᠡᠳᠦᠷ ᠢᠶᠠᠷ ᠬᠢᠴᠢᠶᠡᠯᠯᠡᠬᠦ | ᠰᠤᠷᠭᠠᠭᠤᠯᠢ ᠨᠢ ᠤᠯᠤᠰ ᠤᠨ ᠪᠠᠶᠠᠷ᠂ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ᠂ ᠰᠢᠨ᠎ᠡ ᠵᠢᠯ ᠪᠠ ᠴᠠᠭᠠᠨ ᠰᠠᠷ᠎ᠠ | ᠵᠢᠴᠢ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠤᠮᠦ ᠬᠡᠪᠴᠢᠶᠡᠨ ᠤ ᠰᠣᠶᠣᠯ᠂ ᠪᠡᠶ᠎ᠡ ᠶᠢᠨ | ᠲᠠᠮᠢᠷ ᠤᠨ ᠠᠵᠢᠯᠯᠠᠭ᠎ᠠ᠂ ᠲᠤᠮᠦ ᠬᠡᠪᠴᠢᠶᠡᠨ ᠤ ᠦᠵᠡᠰᠬᠦᠯᠡᠩ ᠴᠤᠭᠯᠠᠭᠠᠨ ᠡᠷᠬᠢᠯᠡᠬᠦ ᠳᠤ ᠤᠯᠤᠰ ᠤᠨ ᠲᠤᠬ | ᠡᠯᠭᠦᠵᠦ ᠮᠠᠨᠳᠤᠭᠤᠯᠬᠤ ᠬᠡᠷᠡᠭᠲᠡᠶ᠃ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠬᠢᠨ | ᠦᠨᠳᠦᠰᠦᠲᠡᠨ ᠤ ᠭᠤᠤᠯ ᠪᠣᠯᠬᠤ ᠤᠯᠠᠮᠵᠢᠯᠠᠯᠲᠤ ᠪᠠᠶᠠᠷ ᠤᠨ ᠡᠳᠦᠷ ᠲᠤ ᠤᠯᠤᠰ ᠤᠨ ᠲᠤᠬ ᠡᠯᠭᠦᠨ ᠮᠠᠨᠳᠤᠭᠤᠯᠵᠤ | ᠪᠣᠯᠤᠨ᠎ᠠ᠃ | ᠤᠯᠤᠰ ᠤᠨ ᠪᠠᠶᠠᠷ᠂ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ᠂ ᠰᠢᠨ᠎ᠡ ᠵᠢᠯ ᠪᠠ ᠴᠠᠭᠠᠨ ᠰᠠᠷ᠎ᠠ ᠵᠡᠷᠭᠡ | ᠴᠢᠬᠤᠯᠠ ᠪᠠᠶᠠᠷ ᠤᠨ ᠡᠳᠦᠷ ᠵᠢᠴᠢ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ ᠡᠷᠬᠢᠯᠡᠬᠦ ᠳᠤ᠂ ᠨᠥᠬᠦᠴᠡᠯ | ᠲᠠᠢ ᠪᠤᠰᠤᠳ ᠨᠢᠭᠡᠴᠢ ᠶᠢᠨ ᠬᠢᠨ ᠤ ᠤᠯᠤᠰ ᠤᠨ ᠲᠤᠬ ᠡᠯᠭᠦᠵᠦ ᠮᠠᠨᠳᠤᠭᠤᠯᠬᠤ ᠶᠢ ᠵᠣᠷᠢᠭᠵᠢᠭᠤᠯᠵᠤ᠂ ᠨᠥᠬᠦᠴᠡᠯ | ᠲᠠᠢ ᠬᠤᠳᠠᠯᠳᠤᠭ᠎ᠠ ᠮᠠᠶᠢᠮᠠᠢ ᠶᠢᠨ ᠲᠣᠭᠤᠷᠢᠭ᠂ ᠣᠷᠣᠨ ᠰᠠᠭᠤᠴᠠ ᠶᠢᠨ ᠲᠣᠭᠤᠷᠢᠭ᠂ ᠬᠤᠪᠢ ᠬᠥᠮᠦᠨ | ᠵᠡᠷᠭᠡ ᠤᠳ ᠤᠨ ᠤᠯᠤᠰ ᠤᠨ ᠲᠤᠬ ᠡᠯᠭᠦᠬᠦ᠂ ᠬᠠᠳᠬᠤᠬᠤ ᠪᠤᠶᠤ ᠳᠡᠯᠭᠡᠨ ᠲᠠᠯᠪᠢᠬᠤ ᠶᠢ ᠵᠣᠷᠢᠭᠵᠢᠭᠤᠯᠬᠤ | ᠬᠡᠷᠡᠭᠲᠡᠢ᠃ | ᠳᠣᠯᠣᠳᠤᠭᠠᠷ ᠵᠦᠢᠯ ᠤᠯᠤᠰ ᠤᠨ ᠲᠤᠭ ᠡᠯᠭᠦᠵᠦ ᠮᠠᠨᠳᠤᠭᠤᠯᠬᠤ ᠳᠤ᠂ ᠤᠯᠤᠰ ᠤᠨ ᠲᠤᠬ ᠢ ᠬᠠᠷᠢᠶ᠎ᠠ | ᠲᠠᠯᠠᠪᠤᠷ ᠭᠠᠵᠠᠷ ᠤᠨ ᠢᠶᠠᠨ ᠲᠣᠮᠣ ᠬᠠᠭᠠᠯᠭ᠎ᠠ᠂ ᠲᠠᠮᠢᠷ ᠤᠨ ᠲᠡᠯᠡᠪᠡᠢ ᠪᠤᠶᠤ ᠪᠠᠷᠢᠯᠭ᠎ᠠ ᠶᠢᠨ ᠦᠨᠳᠦᠷ ᠭᠠᠵᠠᠷ ᠲᠤ | ᠡᠯᠭᠦᠵᠦ᠂ ᠤᠯᠤᠰ ᠤᠨ ᠲᠤᠬ ᠤᠨ ᠵᠥᠪ ᠲᠠᠯ᠎ᠠ ᠶᠢ ᠦᠵᠡᠭᠰᠡᠳ ᠤᠨ ᠵᠦᠭ ᠲᠤ ᠬᠠᠨᠳᠤᠭᠤᠯᠬᠤ ᠬᠡᠷᠡᠭᠲᠡᠢ᠂ | ᠰᠣᠯᠪᠢᠴᠠᠭᠤᠯᠤᠨ ᠡᠯᠭᠦᠬᠦ᠂ ᠡᠭᠴᠡ ᠡᠯᠭᠦᠬᠦ᠂ ᠲᠣᠩᠭᠤᠷᠠᠭᠤ ᠡᠯᠭᠦᠬᠦ ᠪᠤᠶᠤ ᠬᠡᠯᠪᠡᠶᠢᠯᠭᠡᠨ ᠡᠯᠭᠦᠵᠦ ᠪᠣᠯᠬᠤ | ᠦᠭᠡᠢ᠃ | ᠬᠤᠶᠠᠷ ᠠᠴᠠ ᠢᠯᠡᠭᠦᠦ ᠨᠢᠭᠡᠴᠢ ᠨᠢᠭᠡ ᠯᠡ ᠪᠠᠷᠢᠯᠭ᠎ᠠ ᠪᠤᠶᠤ ᠲᠥᠪᠯᠡᠷᠡᠭᠦᠯᠦᠨ ᠠᠵᠢᠯᠯᠠᠬᠤ ᠲᠣᠭᠤᠷᠢᠭ ᠲᠤ | ᠪᠠᠶᠢᠪᠠᠯ᠂ ᠨᠢᠭᠡ ᠯᠡ ᠤᠯᠤᠰ ᠤᠨ ᠲᠤᠬ ᠡᠯᠭᠦᠨ ᠮᠠᠨᠳᠤᠭᠤᠯᠵᠤ ᠪᠣᠯᠤᠨ᠎ᠠ᠃ | ᠤᠯᠤᠰ ᠤᠨ ᠲᠤᠬ ᠢ ᠪᠤᠰᠤᠳ ᠲᠤᠬ ᠲᠠᠢ ᠵᠡᠷᠭᠡ ᠳᠤ ᠨᠢ ᠡᠯᠭᠦᠵᠦ ᠮᠠᠨᠳᠤᠭᠤᠯᠬᠤ ᠳᠤ᠂ ᠤᠯᠤᠰ ᠤᠨ | ᠲᠤᠬ ᠢ ᠲᠥᠪ ᠭᠤᠣᠯ ᠳᠤ ᠨᠢ᠂ ᠨᠡᠯᠢᠶᠡᠳ ᠦᠨᠳᠦᠷ ᠪᠠᠶᠢᠷᠢᠨ ᠳᠤ᠂ ᠨᠡᠯᠢᠶᠡᠳ ᠤᠷᠳᠤᠭᠤᠷ ᠪᠤᠶᠤ ᠲᠤᠪᠦ᠋ᠢᠮ᠎ᠠ | ᠪᠠᠶᠢᠷᠢᠨ ᠳᠤ ᠲᠠᠯᠪᠢᠬᠤ ᠬᠡᠷᠡᠭᠲᠡᠶ᠃ ᠦᠨᠳᠦᠷ ᠤᠨ ᠬᠡᠮᠵᠢᠶ᠎ᠡ ᠶᠢ ᠨᠢ ᠨᠢᠭᠡᠳᠦᠯᠲᠡᠶ ᠪᠠᠶᠢᠯᠭᠠᠬᠤ ᠳᠤ ᠬᠦᠷᠪᠡᠯ ᠳᠣᠤᠷᠠᠬᠢ | ᠵᠦᠢᠯ ᠢ ᠭᠦᠢᠴᠡᠳᠬᠡᠭᠰᠡᠨ ᠪᠠᠶᠢᠬᠤ ᠬᠡᠷᠡᠭᠲᠡᠢ᠄ | ︵ᠨᠢᠭᠡ︶ ᠨᠢᠭᠡ ᠮᠥᠷ ᠢᠶᠠᠷ ᠵᠡᠷᠭᠡᠴᠡᠭᠦᠯᠬᠦ ᠦᠶ᠎ᠡ ᠳᠤ᠂ ᠲᠤᠭ ᠤᠨ ᠨᠢᠭᠤᠷ ᠤᠨ ᠲᠠᠯ᠎ᠠ ᠶᠢ ᠦᠵᠡᠭᠰᠡᠳ ᠤᠨ | ᠵᠦᠭ ᠲᠤ ᠬᠠᠨᠳᠤᠭᠤᠯᠤᠭᠰᠠᠨ ᠢᠶᠠᠷ ᠪᠠᠷᠢᠮᠵᠢᠶ᠎ᠠ ᠪᠣᠯᠭᠠᠵᠤ᠂ ᠤᠯᠤᠰ ᠤᠨ ᠲᠤᠭ ᠢ ᠬᠠᠮᠤᠭ ᠤᠨ ᠪᠠᠷᠠᠭᠤᠨ ᠲᠠᠯ᠎ᠠ ᠳᠤ | ᠪᠠᠶᠢᠯᠭᠠᠬᠤ ᠬᠡᠷᠡᠭᠲᠡᠢ︔ | ︵ᠬᠤᠶᠠᠷ︶ ᠳᠠᠩ ᠮᠥᠷ ᠢᠶᠠᠷ ᠵᠢᠭᠰᠠᠭᠠᠬᠤ ᠦᠶ᠎ᠡ ᠳᠤ᠂ ᠤᠯᠤᠰ ᠤᠨ ᠲᠤᠭ ᠢ ᠬᠠᠮᠤᠭ ᠤᠨ ᠡᠮᠦᠨ᠎ᠡ | ᠪᠠᠶᠢᠯᠭᠠᠬᠤ ᠬᠡᠷᠡᠭᠲᠡᠢ︔ | ︵ᠭᠤᠷᠪᠠ︶ ᠨᠤᠮᠤᠯᠵᠢᠨ ᠬᠡᠯᠪᠡᠷᠢ ᠪᠤᠶᠤ ᠭᠤᠣᠯ ᠲᠥᠪ ᠠᠴᠠ ᠨᠢ ᠬᠤᠶᠠᠷ ᠲᠡᠶᠢᠰᠢ ᠵᠢᠭᠰᠠᠭᠠᠬᠤ ᠦᠶ᠎ᠡ ᠳᠤ᠂ | ᠤᠯᠤᠰ ᠤᠨ ᠲᠤᠭ ᠢ ᠭᠤᠣᠯ ᠪᠠᠶᠢᠷᠢᠨ ᠳᠤ ᠪᠠᠶᠢᠯᠭᠠᠬᠤ ᠬᠡᠷᠡᠭᠲᠡᠢ︔ | ︵ᠳᠥᠷᠪᠡ︶ ᠲᠦᠭᠦᠷᠢᠭ ᠬᠡᠯᠪᠡᠷᠢ ᠪᠠᠷ ᠵᠢᠭᠰᠠᠭᠠᠬᠤ ᠦᠶ᠎ᠡ ᠳᠤ᠂ ᠤᠯᠤᠰ ᠤᠨ ᠲᠤᠭ ᠢ ᠲᠡᠷᠢᠭᠦᠯᠡᠭᠴᠢ ᠶᠢᠨ | ᠲᠠᠶᠢᠰᠠ ︵ᠪᠤᠶᠤ ᠭᠤᠣᠯ ᠡᠭᠦᠳᠡ︶ ᠶᠢᠨ ᠡᠰᠡᠷᠭᠦ ᠲᠠᠯ᠎ᠠ ᠶᠢᠨ ᠭᠤᠣᠯ ᠪᠠᠶᠢᠷᠢᠨ ᠳᠤ ᠪᠠᠶᠢᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠤᠯᠤᠰ ᠤᠨ ᠲᠤᠭ ᠡᠯᠭᠦᠬᠦ᠂ ᠬᠠᠳᠬᠤᠬᠤ ᠪᠤᠶᠤ ᠳᠡᠯᠭᠡᠨ ᠲᠠᠯᠪᠢᠬᠤ ᠳᠤ᠂ ᠤᠯᠤᠰ ᠤᠨ | ᠲᠤᠭ ᠢ ᠲᠡᠷᠡ ᠬᠦ ᠲᠠᠯᠠᠪᠤᠷ ᠭᠠᠵᠠᠷ ︵ᠲᠠᠯᠠᠪᠠᠢ︶ ᠤᠨ ᠭᠤᠣᠯ ᠲᠥᠪ ᠮᠥᠷᠲᠡᠭᠡᠨ ᠨᠡᠯᠢᠶᠡᠳ ᠥᠨᠳᠥᠷ ᠪᠠᠶᠢᠷᠢᠨ ᠳᠤ | ᠲᠠᠯᠪᠢᠬᠤ ᠶᠢᠨ ᠬᠠᠮᠲᠤ᠂ ᠳᠣᠤᠷᠠᠬᠢ ᠵᠢᠷᠤᠮᠯᠠᠯ ᠢ ᠵᠢᠷᠤᠮᠯᠠᠬᠤ ᠬᠡᠷᠡᠭᠲᠡᠶ᠄ | ︵ᠨᠢᠭᠡ︶ ᠤᠯᠤᠰ ᠤᠨ ᠲᠤᠬ ᠢ ᠪᠤᠰᠤᠳ ᠡᠳ᠋ ᠪᠣᠳᠠᠰ ᠢᠶᠠᠷ ᠬᠠᠯᠬᠠᠯᠠᠵᠤ ᠪᠣᠯᠬᠤ ᠤᠢᠭᠡᠢ︔ | ︵ᠬᠤᠶᠠᠷ︶ ᠤᠯᠤᠰ ᠤᠨ ᠲᠤᠬ ᠢ ᠰᠣᠯᠪᠢᠴᠠᠭᠤᠯᠤᠨ ᠡᠯᠭᠦᠬᠦ᠂ ᠡᠭᠴᠡ ᠡᠯᠭᠦᠬᠦ ᠪᠤᠶᠤ ᠲᠣᠩᠭᠤᠷᠠᠭᠤ | ᠡᠯᠭᠦᠵᠦ ᠪᠣᠯᠬᠤ ᠤᠢᠭᠡᠢ︔ | ︵ᠭᠤᠷᠪᠠ︶ ᠤᠯᠤᠰ ᠤᠨ ᠲᠤᠬ ᠢ ᠪᠤᠰᠤᠳ ᠲᠤᠬ ᠲᠠᠢ ᠰᠣᠯᠪᠢᠴᠠᠭᠤᠯᠵᠤ ᠪᠣᠯᠬᠤ ᠤᠢᠭᠡᠢ᠂ ᠭᠡᠪᠡᠴᠦ | ᠣᠯᠠᠨ ᠤᠯᠤᠰ ᠤᠨ ᠴᠢᠨᠠᠷᠲᠠᠶ ᠴᠤᠭᠯᠠᠭᠠᠨ ᠪᠣᠯᠬᠤ ᠳᠤ᠂ ᠬᠤᠯᠪᠣᠭᠳᠠᠯ ᠪᠦᠬᠦᠢ ᠤᠯᠤᠰ ᠤᠨ ᠤᠯᠤᠰ ᠤᠨ ᠲᠤᠭ ᠲᠠᠢ | ᠵᠡᠷᠭᠡᠴᠡᠭᠦᠯᠦᠨ ᠡᠯᠭᠦᠵᠦ ᠪᠣᠯᠤᠨ᠎ᠠ᠃ | ᠵᠢᠭᠰᠠᠭᠠᠯ ᠶᠠᠪᠤᠭᠤᠯᠬᠤ ᠳᠤ ᠤᠯᠤᠰ ᠤᠨ ᠲᠤᠬ ᠪᠠ ᠪᠤᠰᠤᠳ ᠲᠤᠬ ᠢ ᠡᠷᠭᠦᠵᠦ ᠶᠠᠪᠤᠬᠤ ᠳᠤ᠂ ᠤᠯᠤᠰ ᠤᠨ | ᠲᠤᠬ ᠢ ᠪᠤᠰᠤᠳ ᠲᠤᠬ ᠤᠨ ᠡᠮᠦᠨ᠎ᠡ ᠨᠢ ᠪᠠᠶᠢᠯᠭᠠᠬᠤ ᠬᠡᠷᠡᠭᠲᠡᠶ᠃ | ᠶᠢᠰᠦᠳᠦᠭᠡᠷ ᠵᠦᠢᠯ ᠲᠤᠰ ᠲᠣᠭᠲᠠᠭᠠᠯ ᠤᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ ᠤᠨ ᠶᠣᠰᠣᠭᠠᠷ | ᠤᠯᠤᠰ ᠤᠨ ᠲᠤᠬ ᠡᠯᠭᠦᠨ ᠮᠠᠨᠳᠤᠭᠤᠯᠬᠤ ᠳᠤ᠂ ᠥᠷᠯᠥᠭᠡ ᠶᠢᠨ 9 ᠴᠠᠭ ᠠᠴᠠ ᠡᠮᠦᠨ᠎ᠡ ᠡᠯᠭᠦᠨ ᠮᠠᠨᠳᠤᠭᠤᠯᠵᠤ᠂ | ᠣᠷᠣᠢ 19 ᠴᠠᠭ ᠠᠴᠠ ᠡᠮᠦᠨ᠎ᠡ ᠪᠠᠭᠤᠯᠭᠠᠨ ᠬᠤᠷᠢᠶᠠᠬᠤ ᠬᠡᠷᠡᠭᠲᠡᠶ᠃ | ᠲᠤᠭ ᠤᠨ ᠰᠢᠷᠤᠭ ᠲᠤ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠲᠡᠭᠦᠨ ᠢ ᠪᠠᠭᠤᠯᠭᠠᠨ | ᠬᠤᠷᠢᠶᠠᠬᠤ ᠳᠤ ᠠᠯᠭᠤᠷ ᠠᠭᠠᠵᠢᠮ ᠢᠶᠠᠷ ᠡᠯᠭᠦᠵᠦ ᠮᠠᠨᠳᠤᠭᠤᠯᠬᠤ ᠪᠠ ᠪᠠᠭᠤᠯᠭᠠᠨ ᠬᠤᠷᠢᠶᠠᠬᠤ ᠬᠡᠷᠡᠭᠲᠡᠶ᠃ ᠡᠯᠭᠦᠵᠦ | ᠮᠠᠨᠳᠤᠭᠤᠯᠬᠤ ᠳᠤ ᠡᠷᠬᠡᠪᠰᠢ ᠤᠯᠤᠰ ᠤᠨ ᠲᠤᠬ ᠢ ᠰᠢᠷᠤᠭ ᠤᠨ ᠤᠷᠦᠢ ᠳᠤ ᠨᠢ ᠲᠤᠯᠲᠠᠯ᠎ᠠ ᠮᠠᠨᠳᠤᠭᠤᠯᠬᠤ ᠬᠡᠷᠡᠭᠲᠡᠢ︔ | ᠪᠠᠭᠤᠯᠭᠠᠵᠤ ᠬᠤᠷᠢᠶᠠᠬᠤ ᠳᠤ ᠤᠯᠤᠰ ᠤᠨ ᠲᠤᠬ ᠢ ᠭᠠᠵᠠᠷ ᠲᠤ ᠬᠦᠷᠭᠡᠵᠦ ᠪᠣᠯᠬᠤ ᠤᠢᠭᠡᠢ᠃ | ᠣᠯᠠᠨ ᠵᠦᠢᠯ ᠤᠨ ᠲᠤᠭ ᠡᠯᠭᠦᠵᠦ ᠮᠠᠨᠳᠤᠭᠤᠯᠬᠤ ᠳᠤ ᠤᠯᠤᠰ ᠤᠨ ᠲᠤᠬ ᠢ ᠪᠤᠰᠤᠳ ᠲᠤᠬ ᠠᠴᠠ | ᠤᠷᠢᠳ ᠢᠶᠠᠷ ᠂ ᠪᠠᠭᠤᠯᠭᠠᠨ ᠬᠤᠷᠢᠶᠠᠬᠤ ᠳᠤ ᠪᠠᠨ ᠪᠤᠰᠤᠳ ᠲᠤᠬ ᠠᠴᠠ ᠬᠤᠶᠢᠨ᠎ᠠ ᠪᠠᠶᠢᠯᠭᠠᠬᠤ ᠬᠡᠷᠡᠭᠲᠡᠶ᠃ | ᠠᠷᠪᠠᠳᠤᠭᠠᠷ ᠵᠦᠢᠯ ᠤᠯᠤᠰ ᠤᠨ ᠲᠤᠭ ᠡᠯᠭᠦᠨ ᠮᠠᠨᠳᠤᠭᠤᠯᠬᠤ ᠦᠶ᠎ᠡ ᠳᠤ᠂ ᠲᠤᠭ ᠮᠠᠨᠳᠤᠭᠤᠯᠬᠤ ᠶᠣᠰᠣᠯᠠᠯ | ᠶᠠᠪᠤᠭᠤᠯᠵᠤ ᠪᠣᠯᠣᠨ᠎ᠠ᠃ ᠪᠦᠬᠦᠯᠢ ᠡᠳᠦᠷ ᠢᠶᠠᠷ ᠬᠢᠴᠢᠶᠡᠯᠯᠡᠬᠦ ᠳᠤᠮᠳᠠ᠂ ᠪᠠᠭ᠎ᠠ ᠰᠤᠷᠭᠠᠭᠤᠯᠢ ᠨᠤᠭᠤᠳ ᠨᠢ | ᠠᠮᠠᠷᠠᠯᠲᠠ ᠶᠢᠨ ᠬᠤᠭᠤᠴᠠᠭ᠎ᠠ ᠠᠴᠠ ᠭᠠᠳᠠᠨ᠎ᠠ᠂ ᠭᠠᠷᠠᠭ ᠪᠦᠷᠢ ᠳᠤ ᠨᠢᠭᠡ ᠤᠳᠠᠭ᠎ᠠ ᠲᠤᠭ ᠮᠠᠨᠳᠤᠭᠤᠯᠬᠤ ᠶᠣᠰᠣᠯᠠᠯ | ᠶᠠᠪᠤᠭᠤᠯᠬᠤ ᠬᠡᠷᠡᠭᠲᠡᠶ᠃ | ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠪᠴᠢᠶᠡᠨ ᠤ ᠰᠣᠶᠣᠯ᠂ ᠪᠡᠶ᠎ᠡ ᠶᠢᠨ | ᠲᠠᠮᠢᠷ ᠤᠨ ᠠᠵᠢᠯᠯᠠᠭ᠎ᠠ᠂ ᠲᠤᠮᠦ ᠬᠡᠪᠴᠢᠶᠡᠨ ᠤ ᠦᠵᠡᠰᠬᠦᠯᠡᠩ ᠴᠤᠭᠯᠠᠭᠠᠨ ᠤ ᠲᠤᠬ ᠮᠠᠨᠳᠤᠭᠤᠯᠬᠤ ᠶᠣᠰᠣᠯᠠᠯ ᠢ | ᠦᠵᠡᠰᠭᠦᠯᠡᠩ ᠴᠤᠭᠯᠠᠭᠠᠨ ᠤ ᠶᠣᠰᠣᠯᠠᠯ ᠡᠬᠢᠯᠡᠭᠦ ᠶᠢᠨ ᠦᠶ᠎ᠡ ᠳᠤ ᠶᠠᠪᠤᠭᠳᠠᠭᠤᠯᠬᠤ ᠬᠡᠷᠡᠭᠲᠡᠶ᠃ | ᠤᠯᠤᠰ ᠤᠨ ᠲᠤᠭ ᠡᠯᠭᠦᠨ ᠮᠠᠨᠳᠤᠭᠤᠯᠬᠤ ᠶᠣᠰᠣᠯᠠᠯ ᠶᠠᠪᠣᠭᠳᠠᠭᠤᠯᠬᠤ ᠳᠤ᠂ ᠨᠢᠭᠡ ᠬᠥᠮᠦᠨ ᠤᠯᠤᠰ ᠤᠨ | ᠲᠤᠭ ᠢ ᠡᠷᠭᠦᠵᠦ ᠬᠤᠶᠠᠷ ᠬᠥᠮᠦᠨ ᠲᠤᠭ ᠢ ᠬᠠᠮᠠᠭᠠᠯᠠᠨ᠂ ᠲᠤᠭ ᠤᠨ ᠰᠢᠷᠤᠭ ᠵᠦᠭ ᠲᠥᠪ ᠶᠡᠭᠡᠮᠰᠣᠭ᠌ ᠠᠯᠬᠤᠵᠤ | ᠣᠴᠢᠨ᠎ᠠ᠃ ᠤᠯᠤᠰ ᠤᠨ ᠲᠤᠭ ᠡᠯᠭᠦᠨ ᠮᠠᠨᠳᠤᠭᠤᠯᠬᠤ ᠶᠠᠪᠤᠴᠠ ᠳᠤ ᠤᠯᠤᠰ ᠤᠨ ᠰᠦᠯᠳᠡ ᠳᠠᠭᠤᠤ ᠶᠢ | ᠬᠥᠭᠵᠢᠮᠳᠡᠨ ᠳᠠᠭᠤᠯᠠᠵᠤ᠂ ᠠᠬᠤᠢ ᠲᠠᠯᠠᠪᠠᠢ ᠳᠠᠬᠢ ᠬᠥᠮᠦᠰ ᠤᠯᠤᠰ ᠤᠨ ᠲᠤᠬ ᠤᠨ ᠡᠮᠦᠨ᠎ᠡ ᠲᠥᠪ ᠵᠣᠭᠰᠣᠬᠤ | ᠪᠥᠭᠡᠳ ᠠᠰ ᠰᠢᠷᠲᠡᠨ ᠶᠣᠰᠣ ᠭᠦᠢᠴᠡᠬᠡᠬᠦ ᠪᠤᠶᠤ ᠭᠠᠷ ᠡᠷᠭᠦᠨ ᠶᠣᠰᠣᠯᠠᠬᠤ ᠬᠡᠷᠡᠭᠲᠡᠶ᠃ | ᠠᠷᠪᠠᠨ ᠨᠢᠭᠡᠳᠦᠭᠡᠷ ᠵᠦᠢᠯ ᠲᠤᠰ ᠲᠣᠭᠲᠠᠭᠠᠯ ᠤᠨ ᠶᠣᠰᠣᠭᠠᠷ ᠤᠯᠤᠰ ᠤᠨ ᠲᠤᠬ ᠡᠯᠭᠦᠨ ᠮᠠᠨᠳᠤᠭᠤᠯᠬᠤ | ᠳᠤ᠂ ᠤᠯᠤᠰ ᠤᠨ ᠲᠤᠭ ᠢ ᠬᠡᠪ ᠢᠶᠠᠷ ᠡᠯᠭᠦᠨ ᠮᠠᠨᠳᠤᠭᠤᠯᠬᠤ ᠶᠢ ᠨᠥᠯᠥᠭᠡᠯᠡᠬᠦ ᠴᠠᠰᠤ ᠪᠣᠷᠣᠭᠠᠨ ᠲᠠᠢ ᠵᠡᠷᠭᠡ | ᠮᠠᠭᠤᠬᠠᠢ ᠡᠳᠦᠷ ᠲᠣᠬᠢᠶᠠᠯᠳᠤᠪᠠᠯ ᠡᠯᠭᠦᠨ ᠮᠠᠨᠳᠤᠭᠤᠯᠬᠤ ᠦᠭᠡᠶ ᠪᠠᠶᠢᠵᠤ ᠪᠣᠯᠤᠨ᠎ᠠ᠃ | ᠠᠷᠪᠠᠨ ᠬᠤᠶᠠᠳᠤᠭᠠᠷ ᠵᠦᠢᠯ ᠲᠤᠭ ᠢ ᠬᠠᠭᠠᠰ ᠪᠠᠭᠤᠯᠭᠠᠬᠤ ᠴᠢᠬᠤᠯᠠ ᠲᠠᠢ ᠪᠣᠯ ᠤᠯᠤᠰ ᠤᠨ ᠬᠤᠯᠪᠣᠭᠳᠠᠯ | ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠨᠢᠭᠡᠴᠢ ᠨᠦᠭᠦᠳ | ᠤᠯᠤᠰ ᠤᠨ ᠲᠤᠭ ᠡᠯᠭᠦᠨ ᠮᠠᠨᠳᠤᠭᠤᠯᠬᠤ᠂ ᠬᠡᠷᠡᠭᠯᠡᠬᠦ ᠪᠠ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠳᠤ | ᠲᠤᠰᠬᠠᠶ ᠬᠥᠮᠦᠨ ᠢ ᠵᠢᠭᠠᠨ ᠲᠣᠭᠲᠠᠭᠠᠵᠤ ᠬᠠᠷᠢᠭᠤᠴᠠᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ ᠨᠦᠭᠦᠳ ᠤᠨ ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ | ᠥᠯᠥ ᠨᠡᠶᠢᠴᠡᠬᠦ ᠤᠯᠤᠰ ᠤᠨ ᠲᠤᠭ ᠢ ᠡᠭᠡᠭᠦᠯᠦᠨ ᠬᠤᠷᠢᠶᠠᠬᠤ ᠠᠵᠢᠯ ᠢ ᠪᠣᠯ ᠲᠤᠰ ᠪᠠᠶᠢᠭᠤᠯᠭ᠎ᠠ᠂ ᠨᠢᠭᠡᠴᠢ ᠶᠢᠨ | ᠨᠠᠮ ᠤᠨ ᠵᠣᠬᠢᠶᠠᠨ ᠪᠠᠶᠢᠭᠤᠯᠤᠯᠲᠠ ᠪᠤᠶᠤ ᠠᠵᠢᠯᠴᠢᠨ ᠤ ᠡᠪᠯᠡᠯ ᠬᠠᠷᠢᠭᠤᠴᠠᠬᠤ ᠬᠡᠷᠡᠭᠲᠡᠢ︔ | ᠰᠤᠷᠭᠠᠭᠤᠯᠢ ᠨᠤᠭᠤᠳ ᠲᠠᠬᠢ ᠡᠭᠡᠭᠦᠯᠦᠨ ᠬᠤᠷᠢᠶᠠᠬᠤ ᠠᠵᠢᠯ ᠢ ᠪᠣᠯ ᠲᠤᠬᠠᠶ ᠶᠢᠨ ᠭᠠᠵᠠᠷ ᠤᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠬᠤ ᠬᠡᠷᠡᠭᠲᠡᠢ︔ ᠪᠤᠰᠤᠳ | ᠨᠢᠭᠡᠴᠢ ᠪᠠ ᠬᠤᠪᠢ ᠬᠦᠮᠣᠨ ᠠᠴᠠ ᠡᠭᠡᠭᠦᠯᠦᠨ ᠬᠤᠷᠢᠶᠠᠬᠤ ᠠᠵᠢᠯ ᠢ ᠲᠣᠰ ᠱᠠᠲᠤᠨ ᠤ ᠠᠷᠠᠳ ᠤᠨ ᠵᠠᠰᠠᠭ ᠤᠨ | ᠣᠷᠳᠣᠨ ᠠᠴᠠ ᠵᠢᠭᠠᠨ ᠲᠣᠭᠲᠠᠭᠠᠭᠰᠠᠨ ᠨᠢᠭᠡᠴᠢ ᠠᠴᠠ ᠨᠢᠭᠡᠳᠦᠯᠲᠡᠶ ᠬᠠᠷᠢᠭᠤᠴᠠᠬᠤ ᠬᠡᠷᠡᠭᠲᠡᠢ᠃ | ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ | ᠲᠤᠭ ᠢ ᠬᠤᠷᠢᠶᠠᠨ ᠠᠪᠤᠭᠰᠠᠨ ᠤ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠨ | ᠲᠣᠭᠲᠠᠭᠠᠭᠰᠠᠨ ᠨᠢᠭᠡᠴᠢ ᠳᠤ ᠲᠤᠰᠢᠶᠠᠨ ᠥᠭᠴᠦ ᠨᠢᠭᠡᠳᠦᠯᠲᠡᠢ ᠰᠢᠢᠳᠪᠦᠷᠢᠯᠡᠭᠦᠯᠬᠦ ᠬᠡᠷᠡᠭᠲᠡᠶ᠂ ᠶᠠᠮᠠᠷᠪᠠ ᠨᠢᠭᠡᠴᠢ ᠪᠠ | ᠬᠤᠪᠢ ᠬᠥᠮᠦᠨ ᠭᠡᠳ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠵᠣ ᠪᠠᠶᠢᠭ᠎ᠠ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠂ ᠳᠣᠣᠷᠠᠬᠢ ᠠᠵᠢᠯᠯᠠᠭ᠎ᠠ ᠶᠢ ᠣᠯᠵᠤ ᠮᠡᠳᠡᠪᠡᠯ ᠵᠠᠷᠯᠢᠭᠳᠠᠵᠤ | ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠶ᠄ | ︵ᠨᠢᠭᠡ︶ ᠤᠯᠤᠰ ᠤᠨ ᠲᠤᠬ ᠡᠯᠭᠦᠵᠦ ᠮᠠᠨᠳᠤᠭᠤᠯᠬᠤ ᠶᠣᠰᠣᠲᠠᠶ ᠪᠠᠶᠢᠲᠠᠯ᠎ᠠ ᠡᠯᠭᠦᠵᠦ ᠮᠠᠨᠳᠤᠭᠤᠯᠤᠭᠰᠠᠨ | ᠤᠢᠭᠡᠢ ᠪᠠᠶᠢᠬᠤ︔ | ︵ᠬᠤᠶᠠᠷ︶ ᠤᠯᠤᠰ ᠤᠨ ᠲᠤᠬ ᠡᠯᠭᠦᠵᠦ ᠮᠠᠨᠳᠤᠭᠤᠯᠬᠤ ᠣᠷᠣᠨ ᠪᠠᠶᠢᠷᠢ ᠨᠢ ᠵᠤᠬᠢᠰ ᠤᠢᠭᠡᠢ ᠪᠠᠶᠢᠬᠤ︔ | ︵ᠭᠤᠷᠪᠠ︶ ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠦᠭᠡᠢ ᠪᠠ | ᠪᠠᠭᠤᠯᠭᠠᠵᠤ ᠬᠤᠷᠢᠶᠠᠭᠰᠠᠨ ᠦᠭᠡᠢ᠂ ᠤᠯᠤᠰ ᠤᠨ ᠲᠤᠬ ᠡᠯᠭᠦᠵᠦ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ | ᠦᠭᠡᠢ ᠪᠠᠶᠢᠬᠤ︔ | ︵ᠲᠦᠷᠪᠡ︶ ᠤᠯᠤᠰ ᠤᠨ ᠲᠤᠬ ᠡᠯᠭᠦᠭᠰᠡᠨ᠂ ᠬᠠᠳᠬᠤᠭᠰᠠᠨ ᠪᠤᠶᠤ ᠳᠡᠯᠭᠡᠨ ᠲᠠᠯᠪᠢᠭᠰᠠᠨ ᠨᠢ | ᠲᠣᠭᠲᠠᠭᠠᠯ ᠳᠤ ᠨᠡᠶᠢᠴᠡᠬᠦ ᠦᠭᠡᠢ ᠪᠠᠶᠢᠬᠤ︔ | ︵ᠲᠠᠪᠤ︶ ᠲᠣᠭᠲᠠᠭᠠᠯ ᠠᠴᠠ ᠵᠦᠷᠢᠴᠡᠵᠦ ᠤᠯᠤᠰ ᠤᠨ ᠲᠤᠬ ᠵᠢᠴᠢ ᠲᠡᠭᠦᠨ ᠤ ᠵᠢᠷᠤᠭ ᠲᠦᠷᠰᠦ ᠶᠢ | ᠬᠡᠷᠡᠭᠯᠡᠭᠰᠡᠨ︔ | ︵ᠵᠢᠷᠭᠤᠭ᠎ᠠ︶ ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ ᠥᠯᠥ | ᠨᠡᠶᠢᠴᠡᠬᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ︔ | ︵ᠲᠤᠯᠤᠭ᠎ᠠ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠬᠤᠷᠢᠶᠠᠵᠤ ᠠᠪᠤᠭᠰᠠᠨ ᠪᠠ | ᠰᠢᠢᠳᠪᠦᠷᠢᠯᠡᠭᠰᠡᠨ︔ | ︵ᠨᠠᠢᠮᠠ︶ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ ᠬᠠᠮᠢᠶᠠᠷᠬᠤ | ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃ | ᠠᠷᠪᠠᠨ ᠵᠢᠷᠭᠤᠳᠤᠭᠠᠷ ᠵᠦᠢᠯ ᠲᠤᠰ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠣᠯᠵᠤ | ᠮᠡᠳᠡᠪᠡᠯ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠪᠠ | ᠬᠡᠷᠡᠭᠯᠡᠭᠰᠡᠨ ᠨᠢᠭᠡᠴᠢ ᠪᠤᠶᠤ ᠬᠤᠪᠢ ᠬᠥᠮᠦᠨ ᠳᠤ ᠵᠠᠯᠠᠷᠠᠭᠤᠯᠬᠤ ᠰᠠᠨᠠᠭᠤᠯᠭ᠎ᠠ ᠳᠤᠷᠠᠳᠬᠤ᠂ ᠡᠰᠡᠬᠦᠯ᠎ᠡ ᠬᠤᠯᠪᠣᠭᠳᠠᠯ | ᠪᠦᠬᠦᠢ ᠠᠷᠠᠳ ᠤᠨ ᠵᠠᠰᠠᠭ ᠤᠨ ᠣᠷᠳᠣᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ | ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠠ ᠨᠢᠭᠡᠴᠢ ᠨᠦᠭᠦᠳ ᠨᠢ | ᠮᠡᠳᠡᠭᠦᠯᠦᠯᠲᠡ ᠶᠢ ᠲᠤᠰᠤᠨᠨᠰᠠᠨ ᠤ ᠲᠠᠷᠠᠭ᠎ᠠ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ | ᠬᠡᠷᠡᠭᠲᠡᠶ᠃ | ᠠᠷᠪᠠᠨ ᠳᠣᠯᠣᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ | | |