ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/8/23

                        ᠦᠪᠦᠷ ᠵᠠᠰᠠᠭ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ

ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄


     ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠳᠤᠭᠠᠢ᠃


                                    2020 ᠣᠨ ᠤ 7 ᠳ᠋ᠤᠭᠠᠷ ᠰᠠᠷ᠎ᠠ ᠶᠢᠨ 20 ᠤ ᠡᠳᠦᠷ


                              ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶


              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠲᠤᠭ
              ᠡᠯᠭᠦᠵᠦ ᠮᠠᠨᠳᠤᠭᠤᠯᠬᠤ ᠪᠠ ᠬᠡᠷᠡᠭᠯᠡᠬᠦ ᠬᠠᠮᠢᠶᠠᠷᠤᠯᠲᠠ ᠶᠢᠨ ᠲᠣᠭᠲᠠᠭᠠᠯ

     ᠨᠢᠭᠡᠳᠦᠭᠡᠷ ᠵᠦᠢᠯ  ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ

︵ᠳᠣᠷᠣᠭᠰᠢ ᠤᠯᠤᠰ ᠤᠨ ᠲᠤᠭ ᠭᠡᠵᠦ ᠲᠣᠪᠴᠢᠯᠠᠨ᠎ᠠ︶ ᠤᠨ ᠨᠡᠷ᠎ᠡ ᠬᠦᠨᠳᠦ ᠶᠢ ᠬᠠᠮᠠᠭᠠᠯᠠᠨ᠂ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ  ᠠᠵᠢᠯᠯᠠᠭ᠎ᠠ ᠶᠢ ᠵᠢᠷᠤᠮᠵᠢᠭᠤᠯᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ︾ ᠵᠢᠴᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠲᠣᠭᠲᠠᠭᠠᠯ ᠢ ᠲᠣᠭᠲᠠᠭᠠᠪᠠ᠃
     ᠬᠤᠶᠠᠳᠤᠭᠠᠷ ᠵᠦᠢᠯ  ᠲᠤᠰ ᠲᠣᠭᠲᠠᠭᠠᠯ ᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ ᠲᠣᠬᠢᠷᠠᠭᠤᠯᠤᠨ ᠬᠡᠷᠡᠭᠯᠡᠨ᠎ᠡ᠃
     ᠬᠠᠤᠯᠢ ᠴᠠᠭᠠᠵᠠ᠂ ᠬᠠᠤᠯᠢ ᠲᠣᠭᠲᠠᠭᠠᠯ᠂ ᠲᠣᠭᠲᠠᠭᠠᠯ ᠳᠦᠷᠢᠮ ᠪᠤᠶᠤ ᠳᠡᠭᠡᠳᠦ ᠪᠠᠶᠢᠷᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ ᠲᠠᠯ᠎ᠠ ᠪᠠᠷ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃
     ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠬᠡᠷᠡᠭᠲᠡᠢ᠃
     ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠳᠠᠬᠢ ᠨᠠᠮ ᠤᠨ ᠪᠠᠶᠢᠭᠤᠯᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ᠂ ᠰᠢᠭᠦᠬᠦ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠠᠷᠠᠳᠴᠢᠯᠠᠭᠰᠠᠨ ᠨᠠᠮ ᠪᠦᠯᠦᠭ ᠤᠨ ᠪᠠᠶᠢᠭᠤᠯᠭ᠎ᠠ ︵ᠳᠣᠷᠣᠭᠰᠢ ᠡᠯ᠎ᠡ ᠪᠠᠶᠢᠭᠤᠯᠭ᠎ᠠ ᠭᠡᠵᠦ ᠲᠣᠪᠴᠢᠯᠠᠨ᠎ᠠ︶ ᠨᠤᠭᠤᠳ ᠨᠢ ᠬᠠᠷᠢᠶ᠎ᠠ ᠨᠢᠭᠡᠴᠢ ᠶᠢᠨ ᠢᠶᠠᠨ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠳᠤ ᠪᠣᠳᠠᠲᠠᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ ᠬᠡᠷᠡᠭᠵᠢᠭᠦᠯᠬᠦ ᠬᠡᠷᠡᠭᠲᠡᠢ᠃
     ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠬᠤᠲᠠ ᠶᠢᠨ ᠬᠠᠮᠢᠶᠠᠷᠤᠯᠲᠠ︶᠂ ᠳᠣᠲᠣᠭᠠᠳᠤ ᠶᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠠ ᠰᠤᠷᠭᠠᠨ ᠬᠥᠮᠦᠵᠢᠯ᠂ ᠰᠣᠶᠣᠯ ᠪᠠ ᠵᠢᠭᠤᠯᠴᠢᠯᠠᠯ᠂ ᠭᠠᠳᠠᠭᠠᠳᠤ ᠶᠠᠪᠤᠳᠠᠯ ᠵᠡᠷᠭᠡ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠢ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠤᠯᠤᠰ ᠤᠨ ᠲᠤᠬ ᠬᠢᠬᠦ᠂ ᠪᠣᠷᠣᠯᠠᠭᠤᠯᠬᠤ᠂  ᠡᠯᠬᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠭᠤᠭᠴᠣᠭᠠᠨ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃
     ᠳᠥᠷᠪᠡᠳᠦᠭᠡᠷ ᠵᠦᠢᠯ  ᠬᠢᠯᠢ ᠠᠴᠠ ᠭᠠᠷᠬᠤ ᠪᠠ ᠬᠢᠯᠢ ᠪᠠᠷ  ᠤᠷᠤᠬᠤ ᠨᠢᠰᠬᠡᠯ ᠤᠨ ᠪᠠᠭᠤᠳᠠᠯ᠂ ᠭᠠᠷᠠᠮ᠂ ᠲᠡᠷᠭᠡᠨ ᠦᠷᠳᠡᠭᠡ᠂ ᠬᠢᠯᠢ ᠶᠢᠨ ᠪᠣᠭᠤᠮᠲᠠ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠵᠡᠷᠭᠡ ᠲᠠᠯᠠᠪᠤᠷ ᠭᠠᠵᠠᠷ ᠲᠤ  ᠡᠳᠦᠷ ᠪᠦᠷᠢ ᠤᠯᠤᠰ ᠤᠨ ᠲᠤᠬ ᠢ ᠡᠯᠭᠦᠵᠦ ᠮᠠᠨᠳᠤᠭᠤᠯᠬᠤ ᠬᠡᠷᠡᠭᠲᠡᠶ᠃
     ᠲᠠᠪᠤᠳᠤᠭᠠᠷ ᠵᠦᠢᠯ ᠳᠣᠣᠷᠠᠬᠢ ᠪᠠᠶᠢᠭᠤᠯᠤᠮᠵᠢ ᠨᠤᠭᠤᠳ ᠤᠨ ᠪᠠᠶᠢᠭ᠎ᠠ ᠭᠠᠵᠠᠷ ᠨᠢ ᠠᠵᠢᠯᠯᠠᠬᠤ ᠡᠳᠦᠷ ᠲᠤ ᠪᠠᠨ ᠤᠯᠤᠰ ᠤᠨ ᠲᠤᠭ ᠡᠯᠭᠦᠵᠦ ᠮᠠᠨᠳᠤᠭᠤᠯᠬᠤ ᠬᠡᠷᠡᠭᠲᠡᠢ᠄
     ︵ᠨᠢᠭᠡ︶ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠳᠠᠬᠢ ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ  ︔
     ︵ᠬᠤᠶᠠᠷ︶ ᠪᠦᠬᠦᠯᠢ ᠡᠳᠦᠷ ᠢᠶᠠᠷ ᠬᠢᠴᠢᠶᠡᠯᠯᠡᠬᠦ ᠰᠤᠷᠭᠠᠭᠤᠯᠢ ︵ᠡᠪᠦᠯ ᠤᠨ ᠠᠮᠠᠷᠠᠯᠲᠠ᠂ ᠵᠣᠨ ᠤ ᠠᠮᠠᠷᠠᠯᠲᠠ᠂ ᠠᠮᠠᠷᠠᠯᠲᠠ ᠶᠢᠨ ᠡᠳᠦᠷ ᠠᠴᠠ ᠭᠠᠳᠠᠨ᠎ᠠ︶᠃
    ᠵᠢᠷᠭᠤᠳᠤᠭᠠᠷ ᠵᠦᠢᠯ  ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠪᠦᠬᠦᠯᠢ ᠡᠳᠦᠷ ᠢᠶᠠᠷ ᠬᠢᠴᠢᠶᠡᠯᠯᠡᠬᠦ ᠰᠤᠷᠭᠠᠭᠤᠯᠢ ᠨᠢ ᠤᠯᠤᠰ ᠤᠨ ᠪᠠᠶᠠᠷ᠂ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ᠂ ᠰᠢᠨ᠎ᠡ ᠵᠢᠯ ᠪᠠ ᠴᠠᠭᠠᠨ ᠰᠠᠷ᠎ᠠ ᠵᠢᠴᠢ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠤᠮᠦ ᠬᠡᠪᠴᠢᠶᠡᠨ ᠤ ᠰᠣᠶᠣᠯ᠂ ᠪᠡᠶ᠎ᠡ ᠶᠢᠨ ᠲᠠᠮᠢᠷ ᠤᠨ ᠠᠵᠢᠯᠯᠠᠭ᠎ᠠ᠂ ᠲᠤᠮᠦ ᠬᠡᠪᠴᠢᠶᠡᠨ ᠤ ᠦᠵᠡᠰᠬᠦᠯᠡᠩ ᠴᠤᠭᠯᠠᠭᠠᠨ ᠡᠷᠬᠢᠯᠡᠬᠦ ᠳᠤ ᠤᠯᠤᠰ ᠤᠨ ᠲᠤᠬ ᠡᠯᠭᠦᠵᠦ ᠮᠠᠨᠳᠤᠭᠤᠯᠬᠤ ᠬᠡᠷᠡᠭᠲᠡᠶ᠃ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠨᠤᠲᠤᠭ ᠤᠨ ᠬᠢᠨ ᠦᠨᠳᠦᠰᠦᠲᠡᠨ ᠤ ᠭᠤᠤᠯ ᠪᠣᠯᠬᠤ ᠤᠯᠠᠮᠵᠢᠯᠠᠯᠲᠤ ᠪᠠᠶᠠᠷ ᠤᠨ ᠡᠳᠦᠷ ᠲᠤ ᠤᠯᠤᠰ ᠤᠨ ᠲᠤᠬ ᠡᠯᠭᠦᠨ ᠮᠠᠨᠳᠤᠭᠤᠯᠵᠤ ᠪᠣᠯᠤᠨ᠎ᠠ᠃
     ᠤᠯᠤᠰ ᠤᠨ ᠪᠠᠶᠠᠷ᠂ ᠳᠡᠯᠡᠬᠡᠶ ᠶᠢᠨ ᠬᠥᠳᠡᠯᠮᠦᠷᠢᠴᠢᠳ ᠤᠨ ᠪᠠᠶᠠᠷ᠂ ᠰᠢᠨ᠎ᠡ ᠵᠢᠯ ᠪᠠ ᠴᠠᠭᠠᠨ ᠰᠠᠷ᠎ᠠ ᠵᠡᠷᠭᠡ ᠴᠢᠬᠤᠯᠠ ᠪᠠᠶᠠᠷ ᠤᠨ ᠡᠳᠦᠷ ᠵᠢᠴᠢ ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ ᠡᠷᠬᠢᠯᠡᠬᠦ ᠳᠤ᠂ ᠨᠥᠬᠦᠴᠡᠯ ᠲᠠᠢ ᠪᠤᠰᠤᠳ ᠨᠢᠭᠡᠴᠢ ᠶᠢᠨ ᠬᠢᠨ ᠤ ᠤᠯᠤᠰ ᠤᠨ ᠲᠤᠬ ᠡᠯᠭᠦᠵᠦ ᠮᠠᠨᠳᠤᠭᠤᠯᠬᠤ ᠶᠢ ᠵᠣᠷᠢᠭᠵᠢᠭᠤᠯᠵᠤ᠂ ᠨᠥᠬᠦᠴᠡᠯ ᠲᠠᠢ ᠬᠤᠳᠠᠯᠳᠤᠭ᠎ᠠ ᠮᠠᠶᠢᠮᠠᠢ ᠶᠢᠨ ᠲᠣᠭᠤᠷᠢᠭ᠂ ᠣᠷᠣᠨ ᠰᠠᠭᠤᠴᠠ ᠶᠢᠨ ᠲᠣᠭᠤᠷᠢᠭ᠂ ᠬᠤᠪᠢ ᠬᠥᠮᠦᠨ ᠵᠡᠷᠭᠡ ᠤᠳ ᠤᠨ ᠤᠯᠤᠰ ᠤᠨ ᠲᠤᠬ ᠡᠯᠭᠦᠬᠦ᠂ ᠬᠠᠳᠬᠤᠬᠤ ᠪᠤᠶᠤ ᠳᠡᠯᠭᠡᠨ ᠲᠠᠯᠪᠢᠬᠤ ᠶᠢ ᠵᠣᠷᠢᠭᠵᠢᠭᠤᠯᠬᠤ

ᠬᠡᠷᠡᠭᠲᠡᠢ᠃
     ᠳᠣᠯᠣᠳᠤᠭᠠᠷ ᠵᠦᠢᠯ  ᠤᠯᠤᠰ ᠤᠨ ᠲᠤᠭ ᠡᠯᠭᠦᠵᠦ ᠮᠠᠨᠳᠤᠭᠤᠯᠬᠤ ᠳᠤ᠂ ᠤᠯᠤᠰ ᠤᠨ ᠲᠤᠬ ᠢ ᠬᠠᠷᠢᠶ᠎ᠠ ᠲᠠᠯᠠᠪᠤᠷ ᠭᠠᠵᠠᠷ ᠤᠨ ᠢᠶᠠᠨ ᠲᠣᠮᠣ ᠬᠠᠭᠠᠯᠭ᠎ᠠ᠂ ᠲᠠᠮᠢᠷ ᠤᠨ ᠲᠡᠯᠡᠪᠡᠢ ᠪᠤᠶᠤ ᠪᠠᠷᠢᠯᠭ᠎ᠠ ᠶᠢᠨ ᠦᠨᠳᠦᠷ ᠭᠠᠵᠠᠷ ᠲᠤ ᠡᠯᠭᠦᠵᠦ᠂ ᠤᠯᠤᠰ ᠤᠨ ᠲᠤᠬ ᠤᠨ ᠵᠥᠪ ᠲᠠᠯ᠎ᠠ ᠶᠢ ᠦᠵᠡᠭᠰᠡᠳ ᠤᠨ ᠵᠦᠭ ᠲᠤ ᠬᠠᠨᠳᠤᠭᠤᠯᠬᠤ ᠬᠡᠷᠡᠭᠲᠡᠢ᠂ ᠰᠣᠯᠪᠢᠴᠠᠭᠤᠯᠤᠨ ᠡᠯᠭᠦᠬᠦ᠂ ᠡᠭᠴᠡ ᠡᠯᠭᠦᠬᠦ᠂ ᠲᠣᠩᠭᠤᠷᠠᠭᠤ ᠡᠯᠭᠦᠬᠦ ᠪᠤᠶᠤ ᠬᠡᠯᠪᠡᠶᠢᠯᠭᠡᠨ ᠡᠯᠭᠦᠵᠦ ᠪᠣᠯᠬᠤ

ᠦᠭᠡᠢ᠃
     ᠬᠤᠶᠠᠷ ᠠᠴᠠ ᠢᠯᠡᠭᠦᠦ ᠨᠢᠭᠡᠴᠢ ᠨᠢᠭᠡ ᠯᠡ ᠪᠠᠷᠢᠯᠭ᠎ᠠ ᠪᠤᠶᠤ ᠲᠥᠪᠯᠡᠷᠡᠭᠦᠯᠦᠨ ᠠᠵᠢᠯᠯᠠᠬᠤ ᠲᠣᠭᠤᠷᠢᠭ ᠲᠤ ᠪᠠᠶᠢᠪᠠᠯ᠂ ᠨᠢᠭᠡ ᠯᠡ ᠤᠯᠤᠰ ᠤᠨ ᠲᠤᠬ ᠡᠯᠭᠦᠨ ᠮᠠᠨᠳᠤᠭᠤᠯᠵᠤ ᠪᠣᠯᠤᠨ᠎ᠠ᠃
     ᠤᠯᠤᠰ ᠤᠨ ᠲᠤᠬ ᠢ ᠪᠤᠰᠤᠳ ᠲᠤᠬ ᠲᠠᠢ ᠵᠡᠷᠭᠡ ᠳᠤ ᠨᠢ ᠡᠯᠭᠦᠵᠦ ᠮᠠᠨᠳᠤᠭᠤᠯᠬᠤ ᠳᠤ᠂ ᠤᠯᠤᠰ ᠤᠨ ᠲᠤᠬ ᠢ ᠲᠥᠪ ᠭᠤᠣᠯ ᠳᠤ ᠨᠢ᠂ ᠨᠡᠯᠢᠶᠡᠳ ᠦᠨᠳᠦᠷ ᠪᠠᠶᠢᠷᠢᠨ ᠳᠤ᠂ ᠨᠡᠯᠢᠶᠡᠳ ᠤᠷᠳᠤᠭᠤᠷ ᠪᠤᠶᠤ ᠲᠤᠪᠦ᠋ᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠦᠨᠳᠦᠷ ᠤᠨ ᠬᠡᠮᠵᠢᠶ᠎ᠡ ᠶᠢ ᠨᠢ ᠨᠢᠭᠡᠳᠦᠯᠲᠡᠶ ᠪᠠᠶᠢᠯᠭᠠᠬᠤ ᠳᠤ ᠬᠦᠷᠪᠡᠯ ᠳᠣᠤᠷᠠᠬᠢ ᠵᠦᠢᠯ ᠢ ᠭᠦᠢᠴᠡᠳᠬᠡᠭᠰᠡᠨ ᠪᠠᠶᠢᠬᠤ ᠬᠡᠷᠡᠭᠲᠡᠢ᠄
     ︵ᠨᠢᠭᠡ︶ ᠨᠢᠭᠡ ᠮᠥᠷ ᠢᠶᠠᠷ ᠵᠡᠷᠭᠡᠴᠡᠭᠦᠯᠬᠦ ᠦᠶ᠎ᠡ ᠳᠤ᠂ ᠲᠤᠭ ᠤᠨ ᠨᠢᠭᠤᠷ ᠤᠨ ᠲᠠᠯ᠎ᠠ ᠶᠢ ᠦᠵᠡᠭᠰᠡᠳ ᠤᠨ ᠵᠦᠭ ᠲᠤ ᠬᠠᠨᠳᠤᠭᠤᠯᠤᠭᠰᠠᠨ ᠢᠶᠠᠷ ᠪᠠᠷᠢᠮᠵᠢᠶ᠎ᠠ ᠪᠣᠯᠭᠠᠵᠤ᠂ ᠤᠯᠤᠰ ᠤᠨ ᠲᠤᠭ ᠢ ᠬᠠᠮᠤᠭ ᠤᠨ ᠪᠠᠷᠠᠭᠤᠨ ᠲᠠᠯ᠎ᠠ ᠳᠤ ᠪᠠᠶᠢᠯᠭᠠᠬᠤ ᠬᠡᠷᠡᠭᠲᠡᠢ︔
     ︵ᠬᠤᠶᠠᠷ︶ ᠳᠠᠩ ᠮᠥᠷ ᠢᠶᠠᠷ ᠵᠢᠭᠰᠠᠭᠠᠬᠤ ᠦᠶ᠎ᠡ ᠳᠤ᠂ ᠤᠯᠤᠰ ᠤᠨ ᠲᠤᠭ ᠢ ᠬᠠᠮᠤᠭ ᠤᠨ ᠡᠮᠦᠨ᠎ᠡ ᠪᠠᠶᠢᠯᠭᠠᠬᠤ ᠬᠡᠷᠡᠭᠲᠡᠢ︔
     ︵ᠭᠤᠷᠪᠠ︶ ᠨᠤᠮᠤᠯᠵᠢᠨ ᠬᠡᠯᠪᠡᠷᠢ ᠪᠤᠶᠤ ᠭᠤᠣᠯ ᠲᠥᠪ ᠠᠴᠠ ᠨᠢ ᠬᠤᠶᠠᠷ ᠲᠡᠶᠢᠰᠢ ᠵᠢᠭᠰᠠᠭᠠᠬᠤ ᠦᠶ᠎ᠡ ᠳᠤ᠂ ᠤᠯᠤᠰ ᠤᠨ ᠲᠤᠭ ᠢ ᠭᠤᠣᠯ ᠪᠠᠶᠢᠷᠢᠨ ᠳᠤ ᠪᠠᠶᠢᠯᠭᠠᠬᠤ ᠬᠡᠷᠡᠭᠲᠡᠢ︔
     ︵ᠳᠥᠷᠪᠡ︶ ᠲᠦᠭᠦᠷᠢᠭ ᠬᠡᠯᠪᠡᠷᠢ ᠪᠠᠷ ᠵᠢᠭᠰᠠᠭᠠᠬᠤ ᠦᠶ᠎ᠡ ᠳᠤ᠂ ᠤᠯᠤᠰ ᠤᠨ ᠲᠤᠭ ᠢ ᠲᠡᠷᠢᠭᠦᠯᠡᠭᠴᠢ ᠶᠢᠨ ᠲᠠᠶᠢᠰᠠ ︵ᠪᠤᠶᠤ ᠭᠤᠣᠯ ᠡᠭᠦᠳᠡ︶ ᠶᠢᠨ ᠡᠰᠡᠷᠭᠦ ᠲᠠᠯ᠎ᠠ ᠶᠢᠨ ᠭᠤᠣᠯ ᠪᠠᠶᠢᠷᠢᠨ ᠳᠤ ᠪᠠᠶᠢᠯᠭᠠᠬᠤ ᠬᠡᠷᠡᠭᠲᠡᠢ᠃
    ᠨᠠᠢᠮᠠᠳᠤᠭᠠᠷ ᠵᠦᠢᠯ ᠤᠯᠤᠰ ᠤᠨ ᠲᠤᠭ ᠡᠯᠭᠦᠬᠦ᠂ ᠬᠠᠳᠬᠤᠬᠤ ᠪᠤᠶᠤ ᠳᠡᠯᠭᠡᠨ ᠲᠠᠯᠪᠢᠬᠤ ᠳᠤ᠂ ᠤᠯᠤᠰ ᠤᠨ ᠲᠤᠭ ᠢ ᠲᠡᠷᠡ ᠬᠦ ᠲᠠᠯᠠᠪᠤᠷ ᠭᠠᠵᠠᠷ ︵ᠲᠠᠯᠠᠪᠠᠢ︶ ᠤᠨ ᠭᠤᠣᠯ ᠲᠥᠪ ᠮᠥᠷᠲᠡᠭᠡᠨ ᠨᠡᠯᠢᠶᠡᠳ ᠥᠨᠳᠥᠷ ᠪᠠᠶᠢᠷᠢᠨ ᠳᠤ ᠲᠠᠯᠪᠢᠬᠤ ᠶᠢᠨ ᠬᠠᠮᠲᠤ᠂ ᠳᠣᠤᠷᠠᠬᠢ ᠵᠢᠷᠤᠮᠯᠠᠯ ᠢ ᠵᠢᠷᠤᠮᠯᠠᠬᠤ ᠬᠡᠷᠡᠭᠲᠡᠶ᠄
     ︵ᠨᠢᠭᠡ︶ ᠤᠯᠤᠰ ᠤᠨ ᠲᠤᠬ ᠢ ᠪᠤᠰᠤᠳ ᠡᠳ᠋ ᠪᠣᠳᠠᠰ ᠢᠶᠠᠷ ᠬᠠᠯᠬᠠᠯᠠᠵᠤ ᠪᠣᠯᠬᠤ ᠤᠢᠭᠡᠢ︔
     ︵ᠬᠤᠶᠠᠷ︶ ᠤᠯᠤᠰ ᠤᠨ ᠲᠤᠬ ᠢ ᠰᠣᠯᠪᠢᠴᠠᠭᠤᠯᠤᠨ ᠡᠯᠭᠦᠬᠦ᠂ ᠡᠭᠴᠡ ᠡᠯᠭᠦᠬᠦ ᠪᠤᠶᠤ ᠲᠣᠩᠭᠤᠷᠠᠭᠤ ᠡᠯᠭᠦᠵᠦ ᠪᠣᠯᠬᠤ ᠤᠢᠭᠡᠢ︔
     ︵ᠭᠤᠷᠪᠠ︶ ᠤᠯᠤᠰ ᠤᠨ ᠲᠤᠬ ᠢ ᠪᠤᠰᠤᠳ ᠲᠤᠬ ᠲᠠᠢ ᠰᠣᠯᠪᠢᠴᠠᠭᠤᠯᠵᠤ ᠪᠣᠯᠬᠤ ᠤᠢᠭᠡᠢ᠂ ᠭᠡᠪᠡᠴᠦ ᠣᠯᠠᠨ ᠤᠯᠤᠰ ᠤᠨ ᠴᠢᠨᠠᠷᠲᠠᠶ ᠴᠤᠭᠯᠠᠭᠠᠨ ᠪᠣᠯᠬᠤ ᠳᠤ᠂ ᠬᠤᠯᠪᠣᠭᠳᠠᠯ ᠪᠦᠬᠦᠢ ᠤᠯᠤᠰ ᠤᠨ ᠤᠯᠤᠰ ᠤᠨ ᠲᠤᠭ ᠲᠠᠢ ᠵᠡᠷᠭᠡᠴᠡᠭᠦᠯᠦᠨ ᠡᠯᠭᠦᠵᠦ ᠪᠣᠯᠤᠨ᠎ᠠ᠃
     ᠵᠢᠭᠰᠠᠭᠠᠯ ᠶᠠᠪᠤᠭᠤᠯᠬᠤ ᠳᠤ ᠤᠯᠤᠰ ᠤᠨ ᠲᠤᠬ ᠪᠠ ᠪᠤᠰᠤᠳ ᠲᠤᠬ ᠢ ᠡᠷᠭᠦᠵᠦ ᠶᠠᠪᠤᠬᠤ ᠳᠤ᠂ ᠤᠯᠤᠰ ᠤᠨ ᠲᠤᠬ ᠢ ᠪᠤᠰᠤᠳ ᠲᠤᠬ ᠤᠨ ᠡᠮᠦᠨ᠎ᠡ ᠨᠢ ᠪᠠᠶᠢᠯᠭᠠᠬᠤ ᠬᠡᠷᠡᠭᠲᠡᠶ᠃
    ᠶᠢᠰᠦᠳᠦᠭᠡᠷ ᠵᠦᠢᠯ  ᠲᠤᠰ ᠲᠣᠭᠲᠠᠭᠠᠯ ᠤᠨ ᠲᠠᠪᠤᠳᠤᠭᠠᠷ ᠵᠦᠢᠯ᠂ ᠵᠢᠷᠭᠤᠳᠤᠭᠠᠷ ᠵᠦᠢᠯ ᠤᠨ ᠶᠣᠰᠣᠭᠠᠷ ᠤᠯᠤᠰ ᠤᠨ ᠲᠤᠬ ᠡᠯᠭᠦᠨ ᠮᠠᠨᠳᠤᠭᠤᠯᠬᠤ ᠳᠤ᠂ ᠥᠷᠯᠥᠭᠡ ᠶᠢᠨ 9 ᠴᠠᠭ ᠠᠴᠠ ᠡᠮᠦᠨ᠎ᠡ ᠡᠯᠭᠦᠨ ᠮᠠᠨᠳᠤᠭᠤᠯᠵᠤ᠂ ᠣᠷᠣᠢ 19 ᠴᠠᠭ ᠠᠴᠠ ᠡᠮᠦᠨ᠎ᠡ ᠪᠠᠭᠤᠯᠭᠠᠨ ᠬᠤᠷᠢᠶᠠᠬᠤ ᠬᠡᠷᠡᠭᠲᠡᠶ᠃
     ᠲᠤᠭ ᠤᠨ ᠰᠢᠷᠤᠭ ᠲᠤ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠲᠡᠭᠦᠨ ᠢ ᠪᠠᠭᠤᠯᠭᠠᠨ ᠬᠤᠷᠢᠶᠠᠬᠤ ᠳᠤ ᠠᠯᠭᠤᠷ ᠠᠭᠠᠵᠢᠮ ᠢᠶᠠᠷ ᠡᠯᠭᠦᠵᠦ ᠮᠠᠨᠳᠤᠭᠤᠯᠬᠤ ᠪᠠ ᠪᠠᠭᠤᠯᠭᠠᠨ ᠬᠤᠷᠢᠶᠠᠬᠤ ᠬᠡᠷᠡᠭᠲᠡᠶ᠃ ᠡᠯᠭᠦᠵᠦ ᠮᠠᠨᠳᠤᠭᠤᠯᠬᠤ ᠳᠤ ᠡᠷᠬᠡᠪᠰᠢ ᠤᠯᠤᠰ ᠤᠨ ᠲᠤᠬ ᠢ ᠰᠢᠷᠤᠭ ᠤᠨ ᠤᠷᠦᠢ ᠳᠤ ᠨᠢ ᠲᠤᠯᠲᠠᠯ᠎ᠠ ᠮᠠᠨᠳᠤᠭᠤᠯᠬᠤ ᠬᠡᠷᠡᠭᠲᠡᠢ︔ ᠪᠠᠭᠤᠯᠭᠠᠵᠤ ᠬᠤᠷᠢᠶᠠᠬᠤ ᠳᠤ ᠤᠯᠤᠰ ᠤᠨ ᠲᠤᠬ ᠢ ᠭᠠᠵᠠᠷ ᠲᠤ ᠬᠦᠷᠭᠡᠵᠦ ᠪᠣᠯᠬᠤ ᠤᠢᠭᠡᠢ᠃
     ᠣᠯᠠᠨ ᠵᠦᠢᠯ ᠤᠨ ᠲᠤᠭ ᠡᠯᠭᠦᠵᠦ ᠮᠠᠨᠳᠤᠭᠤᠯᠬᠤ ᠳᠤ ᠤᠯᠤᠰ ᠤᠨ ᠲᠤᠬ ᠢ ᠪᠤᠰᠤᠳ ᠲᠤᠬ ᠠᠴᠠ ᠤᠷᠢᠳ ᠢᠶᠠᠷ  ᠂ ᠪᠠᠭᠤᠯᠭᠠᠨ ᠬᠤᠷᠢᠶᠠᠬᠤ ᠳᠤ ᠪᠠᠨ ᠪᠤᠰᠤᠳ ᠲᠤᠬ ᠠᠴᠠ ᠬᠤᠶᠢᠨ᠎ᠠ  ᠪᠠᠶᠢᠯᠭᠠᠬᠤ ᠬᠡᠷᠡᠭᠲᠡᠶ᠃
     ᠠᠷᠪᠠᠳᠤᠭᠠᠷ ᠵᠦᠢᠯ  ᠤᠯᠤᠰ ᠤᠨ ᠲᠤᠭ ᠡᠯᠭᠦᠨ ᠮᠠᠨᠳᠤᠭᠤᠯᠬᠤ ᠦᠶ᠎ᠡ ᠳᠤ᠂ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ ᠪᠣᠯᠣᠨ᠎ᠠ᠃ ᠪᠦᠬᠦᠯᠢ ᠡᠳᠦᠷ ᠢᠶᠠᠷ ᠬᠢᠴᠢᠶᠡᠯᠯᠡᠬᠦ ᠳᠤᠮᠳᠠ᠂ ᠪᠠᠭ᠎ᠠ ᠰᠤᠷᠭᠠᠭᠤᠯᠢ ᠨᠤᠭᠤᠳ ᠨᠢ ᠠᠮᠠᠷᠠᠯᠲᠠ ᠶᠢᠨ ᠬᠤᠭᠤᠴᠠᠭ᠎ᠠ ᠠᠴᠠ ᠭᠠᠳᠠᠨ᠎ᠠ᠂ ᠭᠠᠷᠠᠭ ᠪᠦᠷᠢ ᠳᠤ ᠨᠢᠭᠡ ᠤᠳᠠᠭ᠎ᠠ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ ᠬᠡᠷᠡᠭᠲᠡᠶ᠃
     ᠴᠢᠬᠤᠯᠠ ᠶᠡᠭᠡ ᠪᠡᠯᠭᠡᠯᠡᠬᠦ᠂ ᠳᠤᠷᠠᠰᠬᠠᠬᠤ ᠠᠵᠢᠯᠯᠠᠭ᠎ᠠ᠂ ᠲᠣᠮᠣ ᠬᠡᠪᠴᠢᠶᠡᠨ ᠤ ᠰᠣᠶᠣᠯ᠂ ᠪᠡᠶ᠎ᠡ ᠶᠢᠨ ᠲᠠᠮᠢᠷ ᠤᠨ ᠠᠵᠢᠯᠯᠠᠭ᠎ᠠ᠂ ᠲᠤᠮᠦ ᠬᠡᠪᠴᠢᠶᠡᠨ ᠤ ᠦᠵᠡᠰᠬᠦᠯᠡᠩ ᠴᠤᠭᠯᠠᠭᠠᠨ ᠤ ᠲᠤᠬ ᠮᠠᠨᠳᠤᠭᠤᠯᠬᠤ ᠶᠣᠰᠣᠯᠠᠯ ᠢ ᠦᠵᠡᠰᠭᠦᠯᠡᠩ ᠴᠤᠭᠯᠠᠭᠠᠨ ᠤ ᠶᠣᠰᠣᠯᠠᠯ ᠡᠬᠢᠯᠡᠭᠦ ᠶᠢᠨ ᠦᠶ᠎ᠡ ᠳᠤ ᠶᠠᠪᠤᠭᠳᠠᠭᠤᠯᠬᠤ ᠬᠡᠷᠡᠭᠲᠡᠶ᠃
     ᠤᠯᠤᠰ ᠤᠨ ᠲᠤᠭ ᠡᠯᠭᠦᠨ ᠮᠠᠨᠳᠤᠭᠤᠯᠬᠤ ᠶᠣᠰᠣᠯᠠᠯ ᠶᠠᠪᠣᠭᠳᠠᠭᠤᠯᠬᠤ ᠳᠤ᠂ ᠨᠢᠭᠡ ᠬᠥᠮᠦᠨ ᠤᠯᠤᠰ ᠤᠨ ᠲᠤᠭ ᠢ ᠡᠷᠭᠦᠵᠦ ᠬᠤᠶᠠᠷ ᠬᠥᠮᠦᠨ ᠲᠤᠭ ᠢ ᠬᠠᠮᠠᠭᠠᠯᠠᠨ᠂ ᠲᠤᠭ ᠤᠨ ᠰᠢᠷᠤᠭ ᠵᠦᠭ ᠲᠥᠪ ᠶᠡᠭᠡᠮᠰᠣᠭ᠌ ᠠᠯᠬᠤᠵᠤ ᠣᠴᠢᠨ᠎ᠠ᠃ ᠤᠯᠤᠰ ᠤᠨ ᠲᠤᠭ ᠡᠯᠭᠦᠨ ᠮᠠᠨᠳᠤᠭᠤᠯᠬᠤ ᠶᠠᠪᠤᠴᠠ ᠳᠤ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠠᠬᠤᠢ ᠲᠠᠯᠠᠪᠠᠢ ᠳᠠᠬᠢ ᠬᠥᠮᠦᠰ ᠤᠯᠤᠰ ᠤᠨ ᠲᠤᠬ ᠤᠨ ᠡᠮᠦᠨ᠎ᠡ ᠲᠥᠪ ᠵᠣᠭᠰᠣᠬᠤ ᠪᠥᠭᠡᠳ ᠠᠰ ᠰᠢᠷᠲᠡᠨ ᠶᠣᠰᠣ ᠭᠦᠢᠴᠡᠬᠡᠬᠦ ᠪᠤᠶᠤ ᠭᠠᠷ ᠡᠷᠭᠦᠨ ᠶᠣᠰᠣᠯᠠᠬᠤ ᠬᠡᠷᠡᠭᠲᠡᠶ᠃
     ᠠᠷᠪᠠᠨ ᠨᠢᠭᠡᠳᠦᠭᠡᠷ ᠵᠦᠢᠯ  ᠲᠤᠰ ᠲᠣᠭᠲᠠᠭᠠᠯ ᠤᠨ ᠶᠣᠰᠣᠭᠠᠷ ᠤᠯᠤᠰ ᠤᠨ ᠲᠤᠬ ᠡᠯᠭᠦᠨ ᠮᠠᠨᠳᠤᠭᠤᠯᠬᠤ ᠳᠤ᠂ ᠤᠯᠤᠰ ᠤᠨ ᠲᠤᠭ ᠢ ᠬᠡᠪ ᠢᠶᠠᠷ ᠡᠯᠭᠦᠨ ᠮᠠᠨᠳᠤᠭᠤᠯᠬᠤ ᠶᠢ ᠨᠥᠯᠥᠭᠡᠯᠡᠬᠦ ᠴᠠᠰᠤ ᠪᠣᠷᠣᠭᠠᠨ ᠲᠠᠢ ᠵᠡᠷᠭᠡ ᠮᠠᠭᠤᠬᠠᠢ ᠡᠳᠦᠷ ᠲᠣᠬᠢᠶᠠᠯᠳᠤᠪᠠᠯ  ᠡᠯᠭᠦᠨ ᠮᠠᠨᠳᠤᠭᠤᠯᠬᠤ ᠦᠭᠡᠶ ᠪᠠᠶᠢᠵᠤ ᠪᠣᠯᠤᠨ᠎ᠠ᠃
     ᠠᠷᠪᠠᠨ ᠬᠤᠶᠠᠳᠤᠭᠠᠷ ᠵᠦᠢᠯ  ᠲᠤᠭ ᠢ ᠬᠠᠭᠠᠰ ᠪᠠᠭᠤᠯᠭᠠᠬᠤ ᠴᠢᠬᠤᠯᠠ ᠲᠠᠢ ᠪᠣᠯ ᠤᠯᠤᠰ ᠤᠨ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃
     ᠠᠷᠪᠠᠨ ᠭᠤᠷᠪᠠᠳᠤᠭᠠᠷ ᠵᠦᠢᠯ  ᠤᠯᠤᠰ ᠤᠨ ᠲᠤᠭ ᠡᠯᠭᠦᠵᠦ ᠮᠠᠨᠳᠤᠭᠤᠯᠬᠤ᠂ ᠬᠡᠷᠡᠭᠯᠡᠬᠦ ᠨᠢᠭᠡᠴᠢ ᠨᠦᠭᠦᠳ ᠤᠯᠤᠰ ᠤᠨ ᠲᠤᠭ ᠡᠯᠭᠦᠨ ᠮᠠᠨᠳᠤᠭᠤᠯᠬᠤ᠂ ᠬᠡᠷᠡᠭᠯᠡᠬᠦ ᠪᠠ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠳᠤ ᠲᠤᠰᠬᠠᠶ ᠬᠥᠮᠦᠨ ᠢ ᠵᠢᠭᠠᠨ ᠲᠣᠭᠲᠠᠭᠠᠵᠤ ᠬᠠᠷᠢᠭᠤᠴᠠᠭᠤᠯᠬᠤ ᠬᠡᠷᠡᠭᠲᠡᠶ᠃
     ᠠᠷᠪᠠᠨ ᠳᠥᠷᠪᠡᠳᠦᠭᠡᠷ ᠵᠦᠢᠯ  ᠡᠯ᠎ᠡ ᠪᠠᠶᠢᠭᠤᠯᠭ᠎ᠠ᠂ ᠠᠷᠠᠳ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠤᠨ ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠡᠭᠡᠭᠦᠯᠦᠨ ᠬᠤᠷᠢᠶᠠᠬᠤ ᠠᠵᠢᠯ ᠢ ᠪᠣᠯ ᠲᠤᠰ ᠪᠠᠶᠢᠭᠤᠯᠭ᠎ᠠ᠂ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠤᠶᠤ ᠠᠵᠢᠯᠴᠢᠨ ᠤ ᠡᠪᠯᠡᠯ ᠬᠠᠷᠢᠭᠤᠴᠠᠬᠤ ᠬᠡᠷᠡᠭᠲᠡᠢ︔ ᠰᠤᠷᠭᠠᠭᠤᠯᠢ ᠨᠤᠭᠤᠳ ᠲᠠᠬᠢ ᠡᠭᠡᠭᠦᠯᠦᠨ ᠬᠤᠷᠢᠶᠠᠬᠤ ᠠᠵᠢᠯ ᠢ ᠪᠣᠯ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠬᠤ ᠬᠡᠷᠡᠭᠲᠡᠢ︔ ᠪᠤᠰᠤᠳ ᠨᠢᠭᠡᠴᠢ ᠪᠠ ᠬᠤᠪᠢ ᠬᠦᠮᠣᠨ ᠠᠴᠠ ᠡᠭᠡᠭᠦᠯᠦᠨ ᠬᠤᠷᠢᠶᠠᠬᠤ ᠠᠵᠢᠯ ᠢ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠵᠢᠭᠠᠨ ᠲᠣᠭᠲᠠᠭᠠᠭᠰᠠᠨ ᠨᠢᠭᠡᠴᠢ ᠠᠴᠠ ᠨᠢᠭᠡᠳᠦᠯᠲᠡᠶ ᠬᠠᠷᠢᠭᠤᠴᠠᠬᠤ ᠬᠡᠷᠡᠭᠲᠡᠢ᠃
     ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠭ ᠢ ᠬᠤᠷᠢᠶᠠᠨ ᠠᠪᠤᠭᠰᠠᠨ ᠤ ᠳᠠᠷᠠᠭ᠎ᠠ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠨᠢᠭᠡᠴᠢ ᠳᠤ ᠲᠤᠰᠢᠶᠠᠨ ᠥᠭᠴᠦ ᠨᠢᠭᠡᠳᠦᠯᠲᠡᠢ ᠰᠢᠢᠳᠪᠦᠷᠢᠯᠡᠭᠦᠯᠬᠦ ᠬᠡᠷᠡᠭᠲᠡᠶ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ᠃
     ᠠᠷᠪᠠᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠥᠬᠦᠶ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠤᠯᠤᠰ ᠤᠨ ᠲᠤᠭ ᠡᠯᠭᠦᠵᠦ ᠮᠠᠨᠳᠤᠭᠤᠯᠬᠤ ᠪᠠ ᠬᠡᠷᠡᠭᠯᠡᠵᠣ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ ᠬᠡᠷᠡᠭᠲᠡᠶ᠂ ᠳᠣᠣᠷᠠᠬᠢ  ᠠᠵᠢᠯᠯᠠᠭ᠎ᠠ ᠶᠢ ᠣᠯᠵᠤ ᠮᠡᠳᠡᠪᠡᠯ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠲᠡᠶ᠄
     ︵ᠨᠢᠭᠡ︶ ᠤᠯᠤᠰ ᠤᠨ ᠲᠤᠬ ᠡᠯᠭᠦᠵᠦ ᠮᠠᠨᠳᠤᠭᠤᠯᠬᠤ ᠶᠣᠰᠣᠲᠠᠶ ᠪᠠᠶᠢᠲᠠᠯ᠎ᠠ ᠡᠯᠭᠦᠵᠦ ᠮᠠᠨᠳᠤᠭᠤᠯᠤᠭᠰᠠᠨ ᠤᠢᠭᠡᠢ ᠪᠠᠶᠢᠬᠤ︔
     ︵ᠬᠤᠶᠠᠷ︶ ᠤᠯᠤᠰ ᠤᠨ ᠲᠤᠬ ᠡᠯᠭᠦᠵᠦ ᠮᠠᠨᠳᠤᠭᠤᠯᠬᠤ ᠣᠷᠣᠨ ᠪᠠᠶᠢᠷᠢ ᠨᠢ ᠵᠤᠬᠢᠰ ᠤᠢᠭᠡᠢ ᠪᠠᠶᠢᠬᠤ︔
     ︵ᠭᠤᠷᠪᠠ︶ ᠲᠣᠭᠲᠠᠭᠠᠯ ᠶᠣᠰᠣᠭᠠᠷ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠦᠭᠡᠢ ᠪᠠ ᠪᠠᠭᠤᠯᠭᠠᠵᠤ ᠬᠤᠷᠢᠶᠠᠭᠰᠠᠨ ᠦᠭᠡᠢ᠂ ᠤᠯᠤᠰ ᠤᠨ ᠲᠤᠬ ᠡᠯᠭᠦᠵᠦ ᠮᠠᠨᠳᠤᠭᠤᠯᠬᠤ ᠶᠣᠰᠣᠯᠠᠯ ᠶᠠᠪᠤᠭᠳᠠᠭᠤᠯᠤᠭᠰᠠᠨ ᠦᠭᠡᠢ ᠪᠠᠶᠢᠬᠤ︔
     ︵ᠲᠦᠷᠪᠡ︶ ᠤᠯᠤᠰ ᠤᠨ ᠲᠤᠬ ᠡᠯᠭᠦᠭᠰᠡᠨ᠂ ᠬᠠᠳᠬᠤᠭᠰᠠᠨ ᠪᠤᠶᠤ ᠳᠡᠯᠭᠡᠨ ᠲᠠᠯᠪᠢᠭᠰᠠᠨ ᠨᠢ ᠲᠣᠭᠲᠠᠭᠠᠯ ᠳᠤ ᠨᠡᠶᠢᠴᠡᠬᠦ ᠦᠭᠡᠢ ᠪᠠᠶᠢᠬᠤ︔
     ︵ᠲᠠᠪᠤ︶ ᠲᠣᠭᠲᠠᠭᠠᠯ ᠠᠴᠠ ᠵᠦᠷᠢᠴᠡᠵᠦ ᠤᠯᠤᠰ ᠤᠨ ᠲᠤᠬ ᠵᠢᠴᠢ ᠲᠡᠭᠦᠨ ᠤ ᠵᠢᠷᠤᠭ ᠲᠦᠷᠰᠦ ᠶᠢ ᠬᠡᠷᠡᠭᠯᠡᠭᠰᠡᠨ︔
     ︵ᠵᠢᠷᠭᠤᠭ᠎ᠠ︶ ᠤᠷᠠᠭᠳᠠᠭᠰᠠᠨ᠂ ᠭᠬᠢᠷᠲᠦᠭᠰᠡᠨ᠂ ᠬᠠᠭᠤᠴᠢᠷᠠᠭᠰᠠᠨ ᠪᠤᠶᠤ ᠬᠡᠪ ᠪᠠᠷᠢᠮᠵᠢᠶ᠎ᠠ ᠳᠤ ᠥᠯᠥ ᠨᠡᠶᠢᠴᠡᠬᠦ ᠤᠯᠤᠰ ᠤᠨ ᠲᠤᠬ ᠢ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ︔
     ︵ᠲᠤᠯᠤᠭ᠎ᠠ︶ ᠲᠣᠭᠲᠠᠭᠠᠯ ᠠᠴᠠ ᠵᠥᠷᠢᠴᠡᠵᠦ ᠤᠯᠤᠰ ᠤᠨ ᠲᠤᠬ ᠢ ᠬᠤᠷᠢᠶᠠᠵᠤ ᠠᠪᠤᠭᠰᠠᠨ ᠪᠠ ᠰᠢᠢᠳᠪᠦᠷᠢᠯᠡᠭᠰᠡᠨ︔
     ︵ᠨᠠᠢᠮᠠ︶ ᠤᠯᠤᠰ ᠤᠨ ᠲᠤᠬ ᠡᠯᠭᠦᠵᠦ ᠮᠠᠨᠳᠤᠭᠤᠯᠬᠤ ᠪᠠ ᠬᠡᠷᠡᠭᠯᠡᠬᠦ ᠵᠡᠷᠭᠡ ᠠᠵᠢᠯᠯᠠᠭ᠎ᠠ ᠶᠢᠨ ᠬᠠᠮᠢᠶᠠᠷᠬᠤ ᠲᠣᠭᠲᠠᠭᠠᠯ ᠠᠴᠠ ᠵᠥᠷᠢᠴᠡᠭᠰᠡᠨ ᠪᠤᠰᠤᠳ ᠪᠠᠶᠢᠳᠠᠯ᠃
     ᠠᠷᠪᠠᠨ ᠵᠢᠷᠭᠤᠳᠤᠭᠠᠷ ᠵᠦᠢᠯ  ᠲᠤᠰ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠣᠯᠵᠤ ᠮᠡᠳᠡᠪᠡᠯ᠂ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠤᠯᠤᠰ ᠤᠨ ᠲᠤᠬ ᠡᠯᠭᠦᠵᠦ ᠮᠠᠨᠳᠤᠭᠤᠯᠤᠭᠰᠠᠨ ᠪᠠ ᠬᠡᠷᠡᠭᠯᠡᠭᠰᠡᠨ ᠨᠢᠭᠡᠴᠢ ᠪᠤᠶᠤ ᠬᠤᠪᠢ ᠬᠥᠮᠦᠨ ᠳᠤ ᠵᠠᠯᠠᠷᠠᠭᠤᠯᠬᠤ ᠰᠠᠨᠠᠭᠤᠯᠭ᠎ᠠ ᠳᠤᠷᠠᠳᠬᠤ᠂ ᠡᠰᠡᠬᠦᠯ᠎ᠡ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠬᠦ ᠡᠷᠬᠡ ᠲᠠᠢ᠃ ᠬᠤᠯᠪᠣᠭᠳᠠᠯ ᠪᠦᠬᠦᠢ ᠠᠷᠠᠳ ᠤᠨ ᠵᠠᠰᠠᠭ ᠤᠨ ᠣᠷᠳᠣᠨ᠂ ᠰᠠᠯᠠᠭ᠎ᠠ ᠮᠥᠴᠢᠷ ᠪᠠ ᠨᠢᠭᠡᠴᠢ ᠨᠦᠭᠦᠳ ᠨᠢ ᠮᠡᠳᠡᠭᠦᠯᠦᠯᠲᠡ ᠶᠢ  ᠲᠤᠰᠤᠨᠨᠰᠠᠨ ᠤ ᠲᠠᠷᠠᠭ᠎ᠠ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠬᠦ

ᠬᠡᠷᠡᠭᠲᠡᠶ᠃
     ᠠᠷᠪᠠᠨ ᠳᠣᠯᠣᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠲᠠᠷᠬᠠᠭᠠᠨᠨᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ