| | | ᠡᠨᠡ ᠪᠣᠯ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠴᠧᠩ ᠹᠧᠩ ᠮᠠᠯ ᠤᠨ ᠠᠷᠠᠯᠵᠢᠶᠠᠨ ᠤ ᠵᠠᠬ᠎ᠠ | ᠳᠡᠯᠭᠡᠭᠦᠷ ᠪᠣᠯᠤᠨ᠎ᠠ ︵8 ᠳ᠋ᠤᠭᠠᠷ ᠰᠠᠷ᠎ᠠ ᠶᠢᠨ 19 ᠤ ᠡᠳᠦᠷ ᠰᠡᠭᠦᠳᠡᠷᠯᠡᠪᠡ︶᠃ | | ᠴᠧᠩ ᠹᠧᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠥᠪᠥᠷ ᠮᠣᠩᠭᠤᠯ ᠤᠨ ᠲᠦᠩᠯᠢᠶᠣᠤ ᠬᠤᠲᠠ ᠶᠢᠨ | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠱᠧᠪᠡᠷᠳᠤ ᠪᠠᠯᠭᠠᠰᠤᠨ ᠳᠤ ᠪᠠᠶᠢᠷᠢᠯᠠᠵᠤ᠂ ᠬᠤᠸᠠ ᠦᠬᠡᠷ ᠤᠨ | ᠵᠢᠯ ᠤᠨ ᠠᠷᠠᠯᠵᠢᠶᠠᠯᠠᠬᠤ ᠬᠡᠮᠵᠢᠶ᠎ᠡ ᠨᠢ 80 ᠲᠦᠮᠡ ᠶᠢ ᠳᠠᠪᠠᠵᠤ ᠪᠣᠢ᠃ 2019 ᠣᠨ ᠳᠤ ᠪᠡᠭᠡᠵᠢᠩ ᠤᠨ ᠱᠦᠨ | ᠢ ᠲᠣᠭᠤᠷᠢᠭ ᠤᠨ ᠲᠤᠰᠢᠶᠠᠯ ᠡᠭᠦᠷᠭᠡᠯᠡᠨ ᠶᠠᠳᠠᠭᠤ ᠶᠢ ᠲᠡᠳᠬᠦᠬᠦ ᠺᠠᠳ᠋ᠷ ᠪᠡᠭᠡᠵᠢᠩ ᠥᠪᠥᠷ ᠮᠣᠩᠭᠤᠯ ᠤᠨ | ᠬᠠᠪᠰᠤᠷᠤᠨ ᠲᠡᠳᠬᠦᠬᠦ ᠲᠥᠷᠥᠯ ᠵᠦᠢᠯ ᠢ ᠵᠣᠬᠢᠴᠠᠭᠤᠯᠵᠤ᠂ ᠪᠡᠭᠡᠵᠢᠩ ᠬᠤᠲᠠ ᠪᠣᠯᠣᠨ ᠱᠦᠨ ᠢ ᠲᠣᠭᠤᠷᠢᠭ ᠨᠢ | ᠴᠧᠩ ᠹᠧᠩ ᠮᠠᠯ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠶᠠᠳᠠᠭᠤ ᠶᠢ ᠲᠡᠳᠬᠦᠬᠦ ᠪᠡᠯᠡ ᠮᠥᠩᠭᠦ 500 ᠲᠦᠮᠡᠨ | ᠲᠥᠭᠦᠷᠢᠭ ᠣᠷᠣᠭᠤᠯᠵᠤ᠂ ᠵᠠᠬ᠎ᠠ ᠳᠡᠯᠭᠡᠭᠦᠷ ᠢ ᠲᠡᠳᠬᠦᠵᠦ ᠡᠷᠭᠢᠨ ᠲᠣᠭᠤᠷᠢᠨ ᠤ ᠶᠠᠳᠠᠭᠤ ᠬᠦᠴᠢᠷᠳᠡᠯᠲᠡᠶ ᠮᠠᠯᠴᠢᠨ | ᠲᠠᠷᠢᠶᠠᠴᠢᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠢᠶᠠᠷ | ᠳᠡᠮᠵᠢᠬᠦ᠂ ᠰᠦᠢᠳᠬᠡᠯ ᠬᠤᠷᠢᠶᠠᠬᠤ ᠥᠬᠡᠶ ᠪᠠᠷ ᠲᠦᠷ ᠲᠡᠵᠢᠭᠡᠬᠦ ᠲᠠᠯᠠᠪᠤᠷ ᠭᠠᠵᠠᠷ ᠬᠠᠩᠭᠠᠬᠤ᠂ ᠠᠷᠠᠯᠵᠢᠶᠠᠨ ᠤ | ᠬᠠᠮᠢᠶᠠᠷᠤᠯᠲᠠ ᠶᠢᠨ ᠵᠠᠷᠤᠳᠠᠯ ᠢ ᠭᠡᠯᠳᠦᠷᠢᠭᠦᠯᠬᠦ ᠵᠡᠷᠭᠡ ᠶᠡᠷᠦᠩᠬᠡᠶᠢᠯᠡᠭᠰᠡᠨ ᠶᠠᠳᠠᠭᠤ ᠶᠢ ᠲᠡᠳᠬᠦᠬᠦ ᠣᠯᠠᠨ ᠵᠦᠢᠯ ᠤᠨ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠶᠠᠳᠠᠭᠤ ᠬᠦᠴᠢᠷᠳᠡᠯᠲᠡᠶ ᠮᠠᠯᠴᠢᠨ ᠲᠠᠷᠢᠶᠠᠴᠢᠳ ᠢ | ᠬᠤᠸᠠ ᠦᠬᠡᠷ ᠢ ᠲᠡᠵᠢᠭᠡᠨ ᠦᠷᠡᠵᠢᠭᠦᠯᠬᠦ ᠪᠠ ᠪᠣᠷᠤᠯᠠᠭᠤᠯᠬᠤ ᠪᠠᠷ ᠳᠠᠮᠵᠢᠭᠤᠯᠤᠨ ᠶᠠᠳᠠᠭᠤ ᠠᠴᠠ ᠨᠢ | ᠠᠩᠭᠢᠵᠢᠷᠠᠭᠤᠯᠪᠠ᠃ | | | | | ᠬᠤᠳᠠᠯᠳᠤᠭᠠᠴᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠴᠧᠩ ᠹᠧᠩ ᠮᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠠᠴᠠ ᠰᠣᠩᠭᠤᠵᠤ ᠬᠤᠳᠠᠯᠳᠤᠨ ᠠᠪᠤᠭᠰᠠᠨ ᠬᠤᠸᠠ ᠦᠬᠡᠷ ᠢᠶᠠᠨ ᠵᠥᠭᠡᠭᠡᠪᠦᠷᠢᠯᠡᠵᠦ | ᠠᠪᠠᠴᠢᠬᠤ ᠪᠠᠷ ᠪᠡᠯᠡᠳᠬᠡᠵᠦ ᠪᠠᠶᠢᠭ᠎ᠠ ᠨᠢ ︵8 ᠳ᠋ᠤᠭᠠᠷ ᠰᠠᠷ᠎ᠠ ᠶᠢᠨ 19 ᠤ ᠡᠳᠦᠷ ᠰᠡᠭᠦᠳᠡᠷᠯᠡᠪᠡ︶᠃ | | | | | | | ᠨᠢᠭᠡᠨ ᠮᠠᠯᠴᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠴᠧᠩ ᠹᠧᠩ ᠮᠠᠯ ᠤᠨ ᠠᠷᠠᠯᠵᠢᠶᠠᠨ ᠤ | ᠵᠠᠬ᠎ᠠ ᠳᠡᠯᠭᠡᠭᠦᠷ ᠲᠤ ᠦᠬᠡᠷ ᠢᠶᠠᠨ ᠬᠤᠳᠠᠯᠳᠤᠬᠤ ᠪᠠᠷ ᠬᠦᠯᠢᠶᠡᠵᠦ ᠪᠣᠶ ︵8 ᠳ᠋ᠤᠭᠠᠷ ᠰᠠᠷ᠎ᠠ ᠶᠢᠨ 19 ᠤ ᠡᠳᠦᠷ | ᠰᠡᠭᠦᠳᠡᠷᠯᠡᠪᠡ︶᠃ | | | | | | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠮᠠᠯᠴᠢᠨ ᠸᠠᠩ ᠭᠧᠨ ᠯᠢᠶᠠᠩ ᠴᠧᠩ ᠹᠧᠩ ᠮᠠᠯ ᠤᠨ | ᠠᠷᠠᠯᠵᠢᠶᠠᠨ ᠤ ᠵᠠᠬ᠎ᠠ ᠳᠡᠯᠭᠡᠭᠦᠷ ᠲᠤ ᠦᠬᠡᠷ ᠲᠡᠵᠢᠭᠡᠵᠦ ᠪᠠᠶᠢᠭ᠎ᠠ ᠨᠢ ︵8 ᠳ᠋ᠤᠭᠠᠷ ᠰᠠᠷ᠎ᠠ ᠶᠢᠨ 19 ᠤ ᠡᠳᠦᠷ | ᠰᠡᠭᠦᠳᠡᠷᠯᠡᠪᠡ︶᠃ |